ᠰᠢᠨ᠎ᠡ ᠪᠠᠷᠭᠤ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠭᠠᠴᠠᠭᠠᠨ ᠤ ᠲᠠᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯᠲᠠᠨ ᠤ ᠪᠣᠯᠪᠠᠰᠤᠷᠠᠭᠤᠯᠤᠯ ᠤᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2025/4/27
          ᠠᠮᠢᠲᠠᠨ ᠤ ᠬᠢᠵᠢᠭ ᠢ ᠰᠡᠷᠭᠡᠶᠢᠯᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠦᠨᠳᠦᠰᠦᠨ ᠱᠠᠲᠤᠨ ᠤ ᠬᠢᠵᠢᠭ ᠢ ᠰᠡᠷᠭᠡᠶᠢᠯᠡᠬᠦ ᠡᠩᠨᠡᠭᠡ ᠶᠢᠨ ᠲᠤᠰᠬᠠᠢ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 25᠎ ᠤ ᠡᠳᠦᠷ ᠠᠴᠠ 27᠎ ᠤ ᠡᠳᠦᠷ ᠪᠣᠯᠲᠠᠯ᠎ᠠ᠂ ᠰᠢᠨ᠎ᠡ ᠪᠠᠷᠭᠤ ᠵᠡᠭᠦᠨ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠥᠪᠥᠷ ᠮᠣᠩᠭᠤᠯ ᠤᠨ ᠷᠦᠢ ᠫᠦ᠋ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠮᠠᠯ ᠡᠮᠨᠡᠯᠭᠡ ᠶᠢᠨ ᠦᠢᠯᠡᠴᠢᠯᠡᠭᠡᠨ ᠤ ᠥᠷᠲᠡᠭᠡ ᠲᠠᠢ ᠬᠠᠮᠵᠢᠯᠴᠠᠨ᠂ ᠭᠠᠴᠠᠭᠠᠨ ᠤ ᠲᠠᠰ ᠤᠨ ᠠᠮᠢᠲᠠᠨ ᠤ ᠬᠢᠵᠢᠭ ᠢ ᠰᠡᠷᠭᠡᠶᠢᠯᠡᠭᠴᠢ ᠶᠢᠨ ᠲᠤᠰᠬᠠᠢ ᠰᠡᠳᠦᠪᠲᠦ ᠪᠣᠯᠪᠠᠰᠤᠷᠠᠭᠤᠯᠤᠯ ᠢ ᠨᠠᠷᠢᠨ ᠨᠢᠮᠪᠠᠢ ᠵᠣᠬᠢᠶᠠᠨ ᠪᠠᠶᠢᠭᠤᠯᠵᠤ ᠥᠷᠨᠢᠭᠦᠯᠪᠡ᠃ ᠭᠤᠷᠪᠠᠨ ᠡᠳᠦᠷ ᠤᠨ ᠬᠤᠭᠤᠴᠠᠭ᠎ᠠ ᠲᠠᠢ ᠪᠣᠯᠪᠠᠰᠤᠷᠠᠯ ᠤᠨ ᠳᠤᠮᠳᠠ ᠰᠢᠨ᠎ᠡ ᠪᠠᠷᠭᠤ ᠵᠡᠭᠦᠨ ᠬᠤᠰᠢᠭᠤᠨ ᠤ 161 ᠭᠠᠴᠠᠭᠠᠨ ᠤ ᠲᠠᠰ ᠤᠨ ᠬᠢᠵᠢᠭ ᠰᠡᠷᠭᠡᠶᠢᠯᠡᠭᠴᠢ ᠨᠢᠭᠡ ᠲᠠᠩᠬᠢᠮ ᠳᠤ ᠴᠤᠭᠯᠠᠷᠠᠵᠤ᠂ ᠬᠢᠵᠢᠭ ᠰᠡᠷᠭᠡᠶᠢᠯᠡᠬᠦ ᠮᠡᠳᠡᠯᠭᠡ ᠶᠢ ᠬᠠᠮᠲᠤ ᠪᠠᠷ ᠰᠤᠷᠴᠤ᠂ ᠮᠡᠷᠭᠡᠵᠢᠯ ᠤᠨ ᠪᠡᠷᠬᠡ ᠰᠡᠳᠦᠪ ᠢ ᠬᠠᠮᠲᠤ ᠪᠠᠷ ᠰᠤᠳᠤᠯᠵᠠᠢ᠃
20250427-5-1.png
          ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠡᠩ ᠲᠡᠷᠢᠭᠦᠨ ᠳᠤ 2024 ᠣᠨ ᠤ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠤᠨ ᠦᠷ᠎ᠡ ᠪᠦᠲᠦᠭᠡᠯ ᠢ ᠰᠢᠰᠲ᠋ᠧᠮ ᠲᠠᠢ ᠳ᠋ᠦᠩᠨᠡᠬᠦ ᠶᠢᠨ ᠬᠠᠮᠲᠤ 2025 ᠣᠨ ᠤ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠶᠢᠨ ᠬᠠᠮᠲᠤ ᠰᠢᠨ᠎ᠡ ᠪᠠᠷᠭᠤ ᠵᠡᠭᠦᠨ ᠬᠤᠰᠢᠭᠤᠨ ᠤ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠨᠠᠶᠢᠳᠠᠪᠤᠷᠢᠵᠢᠭᠤᠯᠪᠠ᠃ᠳᠠᠷᠠᠭ᠎ᠠ ᠨᠢ ᠰᠢᠨ᠎ᠡ ᠪᠠᠷᠭᠤ ᠵᠡᠭᠦᠨ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠤᠨ ᠳᠡᠭᠡᠳᠦ ᠵᠡᠷᠭᠡ ᠶᠢᠨ ᠮᠠᠯ ᠤᠨ ᠡᠮᠴᠢ ᠪᠠ ᠷᠦᠢ ᠫᠦ᠋ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠳᠡᠭᠡᠳᠦ ᠵᠡᠷᠭᠡ ᠶᠢᠨ ᠲᠤᠰᠬᠠᠢ ᠵᠥᠪᠯᠡᠭᠴᠢ ᠪᠠᠷ ᠭᠤᠣᠯ ᠶᠠᠷᠢᠶ᠎ᠠ ᠲᠠᠯᠪᠢᠭᠴᠢ ᠪᠣᠯᠭᠠᠵᠤ᠂ ᠠᠮᠢᠲᠠᠨ ᠤ ᠬᠢᠵᠢᠭ ᠢ ᠰᠡᠷᠭᠡᠶᠢᠯᠡᠬᠦ ᠭᠤᠣᠯ ᠠᠭᠤᠯᠭ᠎ᠠ ᠶᠢᠨ ᠲᠣᠭᠤᠷᠢᠨ ᠳᠤ ᠭᠦᠨᠵᠡᠭᠡᠢ ᠵᠢᠭᠠᠨ ᠰᠤᠷᠭᠠᠯᠲᠠ ᠥᠷᠨᠢᠭᠦᠯᠵᠦ᠂ ᠬᠢᠵᠢᠭ ᠢ ᠰᠡᠷᠭᠡᠶᠢᠯᠡᠬᠦ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠎ ᠠᠴᠠ ᠭᠡᠷ ᠤᠨ ᠲᠡᠵᠢᠭᠡᠪᠦᠷᠢ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠪᠣᠳᠠᠲᠠᠢ ᠪᠣᠯᠪᠠᠰᠤᠷᠠᠯ ᠬᠦᠷᠲᠡᠯ᠎ᠡ᠂ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠎ ᠠᠴᠠ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠤᠣᠷ ᠦᠭᠡᠢ ᠪᠣᠯᠭᠠᠨ ᠰᠢᠢᠳᠪᠦᠷᠢᠯᠡᠬᠦ ᠵᠢᠷᠤᠮᠵᠢᠯ ᠬᠦᠷᠲᠡᠯ᠎ᠡ᠂ ᠸᠠᠺᠼᠢᠨ ᠤ ᠰᠢᠨᠵᠢᠯᠡᠬᠦ ᠤᠬᠠᠭᠠᠨᠴᠢ ᠬᠠᠮᠢᠶᠠᠷᠤᠯᠲᠠ ᠎ ᠠᠴᠠ ᠡᠭᠡᠯᠢᠯᠡᠭᠡ ᠶᠢᠨ ᠠᠵᠢᠯᠯᠠᠭ᠎ᠠ ᠶᠢ ᠪᠠᠷᠢᠮᠵᠢᠶᠠᠵᠢᠭᠤᠯᠬᠤ ᠶᠠᠪᠤᠴᠠ ᠬᠦᠷᠲᠡᠯ᠎ᠡ᠂ ᠳᠠᠬᠢᠭᠠᠳ ᠬᠤᠪᠢ ᠬᠥᠮᠥᠨ ᠤ ᠰᠡᠷᠭᠡᠶᠢᠯᠡᠨ ᠬᠠᠮᠠᠭᠠᠯᠠᠬᠤ ᠠᠮᠤᠷ ᠲᠦᠪᠰᠢᠨ ᠤ ᠮᠡᠳᠡᠯᠭᠡ ᠬᠦᠷᠲᠡᠯ᠎ᠡ᠂ ᠬᠢᠴᠢᠶᠡᠯ ᠤᠨ ᠠᠭᠤᠯᠭ᠎ᠠ ᠨᠢ ᠪᠥᠬᠦ ᠲᠠᠯ᠎ᠠ ᠪᠠᠷ ᠨᠠᠷᠢᠨ ᠪᠣᠳᠠᠲᠠᠢ᠂ ᠭᠤᠣᠯᠳᠠᠯᠭ᠎ᠠ ᠶᠢ ᠳᠣᠪᠤᠶᠢᠯᠭᠠᠨ᠎ᠠ᠃ ᠬᠢᠴᠢᠶᠡᠯᠯᠡᠬᠦ ᠶᠠᠪᠤᠴᠠ ᠳᠤ᠂ ᠯᠧᠺᠲ᠋ᠣᠷ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠬᠤ ᠪᠠ ᠲᠤᠬᠠᠢ ᠶᠢᠨ ᠲᠠᠯᠠᠪᠤᠷ ᠲᠤ ᠬᠠᠷᠢᠯᠴᠠᠨ ᠬᠥᠳᠡᠯᠦᠯᠴᠡᠵᠦ ᠮᠠᠳᠠᠭ ᠲᠠᠢ ᠠᠰᠠᠭᠤᠳᠠᠯ ᠢ ᠬᠠᠷᠢᠭᠤᠯᠵᠤ᠂ ᠰᠤᠷᠤᠭᠴᠢᠳ ᠢ ᠬᠠᠪᠰᠤᠷᠤᠨ ᠣᠶᠢᠯᠠᠭᠠᠯᠲᠠ ᠶᠢ ᠨᠢ ᠭᠦᠨᠵᠡᠭᠡᠶᠢᠷᠡᠭᠦᠯᠵᠦ᠂ ᠤᠷ᠎ᠠ ᠴᠢᠳᠠᠪᠤᠷᠢ ᠶᠢ ᠨᠢ ᠡᠵᠡᠮᠰᠢᠭᠦᠯᠪᠡ᠃
20250427-5-2.png
20250427-5-3.png
20250427-5-4.png
20250427-5-5.png
          ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠰᠢᠨ᠎ᠡ ᠪᠠᠷᠭᠤ ᠵᠡᠭᠦᠨ ᠬᠤᠰᠢᠭᠤᠨ ᠤ ᠭᠠᠴᠠᠭᠠᠨ ᠤ ᠲᠠᠰ ᠤᠨ ᠬᠢᠵᠢᠭ ᠰᠡᠷᠭᠡᠶᠢᠯᠡᠭᠴᠢ ᠶᠢᠨ ᠲᠤᠰᠬᠠᠢ ᠮᠡᠷᠭᠡᠵᠢᠯ ᠤᠨ ᠬᠢᠷᠢ ᠬᠡᠮᠵᠢᠶ᠎ᠡ ᠪᠠ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠢᠵᠢᠭ ᠰᠡᠷᠭᠡᠶᠢᠯᠡᠬᠦ ᠠᠵᠢᠯ ᠤᠨ ᠴᠢᠬᠤᠯᠠ ᠴᠢᠨᠠᠷ ᠤᠨ ᠲᠤᠬᠠᠢ ᠲᠠᠨᠢᠯᠲᠠ ᠶᠢ ᠳᠡᠭᠡᠭᠰᠢᠯᠡᠭᠦᠯᠦᠨ᠂ ᠠᠵᠢᠯ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠰᠢᠨ᠎ᠡ ᠪᠠᠷᠭᠤ ᠵᠡᠭᠦᠨ ᠬᠤᠰᠢᠭᠤᠨ ᠤ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠢ ᠥᠷᠨᠢᠭᠦᠯᠬᠦ ᠳᠤ ᠮᠠᠰᠢ ᠰᠠᠶᠢᠨ ᠰᠠᠭᠤᠷᠢ ᠶᠢ ᠲᠠᠯᠪᠢᠭᠰᠠᠨ ᠪᠠᠶᠢᠨ᠎ᠠ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ