ᠨᠣᠮᠤᠨ ᠬᠠᠨ ᠪᠦᠷᠢᠳᠦ ᠰᠤᠮᠤᠨ ᠤ ᠨᠤᠲᠤᠭ ᠲᠤ᠂ ᠬᠤᠰᠢᠭᠤᠨ ᠲᠥᠪ ᠠᠮᠤᠭᠤᠯᠠᠩ ᠠᠴᠠ ᠡᠮᠦᠨᠡᠰᠢ55 ᠺᠢᠯᠣᠮᠧᠲᠷ ᠵᠠᠶᠢᠲᠠᠢ ᠣᠷᠣᠰᠢᠵᠤ ᠪᠤᠢ᠃ ᠲᠤᠰ | ᠵᠢᠭᠤᠯᠴᠢᠯᠠᠯ ᠤᠨ ᠣᠷᠣᠨ ᠨᠢ1939 ᠣᠨ ᠳᠤ ᠪᠣᠯᠵᠤ ᠥᠩᠭᠡᠷᠡᠭᠰᠡᠨ︽ᠨᠣᠮᠤᠨ ᠬᠠᠨ ᠤ ᠳᠠᠶᠢᠨ︾ ᠤ ᠠᠬᠤᠢ ᠲᠠᠯᠠᠪᠠᠢ᠂︽ᠨᠣᠮᠤᠨ ᠬᠠᠨ ᠤ ᠳᠠᠶᠢᠨ ᠤ ᠮᠦᠽᠧᠢ︾ | ᠬᠢᠭᠡᠳ︽ᠡᠩᠬᠡ ᠲᠠᠶᠢᠪᠤᠩ ᠤᠨ ᠲᠠᠯᠠᠪᠠᠢ︾ ᠪᠠᠷ ᠪᠦᠷᠢᠯᠳᠦᠵᠡᠢ᠃ | ᠨᠣᠮᠤᠨ ᠬᠠᠨ ᠤ ᠳᠠᠶᠢᠨ ᠤ ᠮᠦᠽᠧᠢ ᠶᠢ2007 ᠣᠨ ᠳᠤ ᠪᠠᠶᠢᠭᠤᠯᠵᠤ᠂ ᠪᠠᠷᠢᠯᠭ᠎ᠠ ᠶᠢᠨ ᠪᠦᠬᠦ ᠲᠠᠯᠠᠪᠠᠢ ᠨᠢ2264 ᠲᠡᠭᠰᠢ ᠳᠥᠷᠪᠡᠯᠵᠢᠨ | ᠮᠧᠲᠷ ᠤᠨ4 ᠳᠠᠪᠬᠤᠷ ᠪᠠᠷᠢᠯᠭ᠎ᠠ ᠪᠣᠯᠣᠨ᠎ᠠ᠃1᠂2᠂3ᠳ᠋ᠤᠭᠠᠷ ᠳᠠᠪᠬᠤᠷᠭ᠎ᠠ ᠨᠢ︽ᠨᠣᠮᠤᠨ ᠬᠠᠨ ᠤ ᠳᠠᠶᠢᠨ︾ ᠤ ᠲᠠᠯᠠᠪᠤᠷ ᠠᠴᠠ ᠣᠯᠳᠠᠭᠰᠠᠨ ᠳᠠᠶᠢᠨ ᠳᠤ ᠬᠡᠷᠡᠭᠯᠡᠭᠰᠡᠨ | ᠪᠣᠳᠠᠰ ᠤᠳ᠂ ᠳᠠᠶᠢᠨ ᠤ ᠲᠠᠯᠠᠪᠤᠷ ᠤᠨ ᠵᠠᠭᠪᠤᠷ᠂ ᠺᠢᠨᠣ᠋ ᠵᠢᠷᠤᠭᠲᠤ ᠲᠢᠩᠬᠢᠮ ᠵᠡᠷᠭᠡ ᠪᠠᠷ ᠪᠦᠷᠢᠯᠳᠦᠵᠦ᠂4 ᠳ᠋ᠦ᠋ᠭᠡᠷ ᠳᠠᠪᠬᠤᠷᠭ᠎ᠠ ᠨᠢ ᠳᠠᠶᠢᠨ ᠤ ᠲᠠᠯᠠᠪᠤᠷ ᠤᠨ ᠪᠦᠬᠦ᠋ᠢᠯᠡ | ᠦᠵᠡᠮᠵᠢ ᠶᠢ ᠰᠣᠨᠢᠷᠬᠠᠬᠤ ᠲᠠᠪᠴᠠᠩ ᠪᠣᠯᠣᠨ᠎ᠠ᠃ | ᠨᠣᠮᠤᠨ ᠬᠠᠨ ᠤ ᠳᠠᠶᠢᠨ ᠤ ᠮᠦᠽᠧᠢ ᠳᠤ300 ᠭᠠᠷᠤᠢ ᠳᠠᠶᠢᠨ ᠤ ᠦᠯᠡᠳᠡᠭᠳᠡᠯ ᠤᠨ ᠣᠯᠳᠠᠪᠤᠷᠢ ᠪᠣᠳᠠᠰ᠂ ᠶᠡᠭᠡ ᠬᠡᠮᠵᠢᠶᠡᠨ ᠤ ᠪᠠᠷᠢᠮᠲᠠᠲᠤ ᠭᠡᠷᠡᠯ ᠵᠢᠷᠤᠭ | ᠵᠢᠴᠢ ᠳᠠᠶᠢᠨ ᠤ ᠪᠠᠶᠢᠳᠠᠯ ᠢ ᠢᠯᠡᠳᠬᠡᠭᠰᠡᠨ ᠵᠢᠷᠤᠭ ᠤᠳ ᠪᠠᠶᠢᠵᠤ᠂ ᠲᠤᠬᠠᠢ ᠶᠢᠨ ᠦᠶ᠎ᠡ ᠶᠢᠨ ᠵᠥᠪᠯᠡᠯᠲᠦ᠂ ᠮᠣᠩᠭᠤᠯ ᠤᠨ ᠴᠡᠷᠢᠭ ᠨᠢ ᠵᠦᠺᠣᠸ᠋ ᠵᠠᠩᠵᠤᠨ ᠪᠣᠯᠣᠨ | ᠴᠣᠶᠢᠪᠠᠯᠰᠠᠩ ᠮᠠᠷᠱᠠᠯ ᠤᠨ ᠵᠢᠯᠣᠭᠤᠳᠤᠯᠭ᠎ᠠ ᠳᠣᠣᠷ᠎ᠠ ᠶᠠᠫᠤᠨ ᠤ ᠭᠤᠸᠠᠨᠳᠦᠶᠢᠩᠵᠢᠶᠦᠶᠢᠨ ᠴᠡᠷᠢᠭ ᠢ ᠢᠯᠠᠭᠰᠠᠨ ᠪᠦᠬᠦ ᠲᠡᠦᠬᠡᠨ ᠥᠩᠭᠡᠷᠡᠯᠲᠡ ᠶᠢ ᠬᠠᠷᠠᠭᠤᠯᠵᠠᠢ᠃ | ᠲᠤᠰ ᠵᠢᠭᠤᠯᠴᠢᠯᠠᠯ ᠤᠨ ᠣᠷᠣᠨ ᠳᠤ ᠲᠤᠬᠠᠢ ᠶᠢᠨ ᠦᠶ᠎ᠡ ᠶᠢᠨ ᠳᠠᠶᠢᠨ ᠤ ᠲᠠᠯᠠᠪᠤᠷ ᠪᠣᠯᠬᠤ ᠶᠠᠫᠤᠨ ᠴᠡᠷᠢᠭ ᠤᠨ23 ᠳ᠋ᠤᠭᠠᠷ ᠳ᠋ᠢᠸᠢᠽᠢ ᠪᠣᠯᠣᠨ6 ᠳ᠋ᠤᠭᠠᠷ | ᠬᠤᠷᠢᠶᠠᠨ ᠤ ᠺᠣᠮᠠᠨᠳ᠋ᠯᠠᠬᠤ ᠭᠠᠵᠠᠷ ᠪᠠᠶᠢᠭᠰᠠᠨ ᠵᠠᠩᠵᠤᠨ ᠰᠦᠮ᠎ᠡ ᠶᠢᠨ ᠪᠠᠭᠤᠷᠢ᠂ ᠶᠠᠫᠤᠨ ᠴᠡᠷᠢᠭ ᠤᠨ ᠳᠠᠶᠢᠨ ᠳᠤ ᠦᠷᠡᠭᠳᠡᠭᠰᠡᠳ ᠤᠨ ᠬᠥᠰᠢᠶ᠎ᠡ ᠰᠤᠪᠤᠷᠭ᠎ᠠ ᠶᠢᠨ | ᠪᠠᠭᠤᠷᠢ᠂ ᠶᠡᠭᠡ ᠫᠤᠤ ᠶᠢᠨ ᠪᠠᠶᠢᠷᠢ ᠶᠢᠨ ᠭᠤᠣ ᠰᠤᠪᠠᠭ ᠤᠨ ᠪᠠᠭᠤᠷᠢ᠂ ᠶᠠᠫᠤᠨ ᠴᠡᠷᠢᠭ ᠤᠨ ᠪᠠᠺᠲ᠋ᠧᠷᠢ ᠶᠢᠨ731 ᠣᠲᠷᠢᠶᠠᠲ ᠤᠨ ᠦᠯᠡᠳᠡᠭᠳᠡᠯ ᠪᠠᠭᠤᠷᠢ᠂ ᠶᠠᠫᠤᠨ | ᠴᠡᠷᠢᠭ ᠤᠨ ᠬᠡᠭᠦᠷ ᠢ ᠰᠢᠲᠠᠭᠠᠭᠰᠠᠨ ᠪᠠᠭᠤᠷᠢ᠂ ᠶᠠᠫᠤᠨ ᠴᠡᠷᠢᠭ ᠤᠨ ᠬᠡᠭᠡᠷᠡᠯᠡᠨ ᠪᠠᠶᠢᠯᠳᠤᠬᠤ ᠴᠡᠷᠢᠭ ᠤᠨ ᠡᠮᠨᠡᠯᠭᠡ ᠶᠢᠨ ᠪᠠᠶᠢᠭᠰᠠᠨ ᠪᠠᠭᠤᠷᠢ ᠵᠢᠴᠢ ᠬᠤᠯᠤᠰᠤᠲᠠᠢ | ᠭᠤᠣᠯ ᠤᠨ ᠬᠥᠭᠦᠷᠭᠡ ᠶᠢᠨ ᠪᠠᠭᠤᠷᠢ ᠵᠡᠷᠭᠡ ᠭᠠᠵᠠᠷ ᠤᠳ ᠪᠠᠶᠢᠳᠠᠭ᠃ | 1996 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠨᠣᠮᠤᠨ ᠬᠠᠨ ᠭᠠᠵᠠᠷ | ᠣᠷᠣᠨ ᠢ︽ᠡᠬᠡ ᠣᠷᠣᠨᠴᠢ ᠦᠵᠡᠯ ᠤᠨ ᠬᠥᠮᠦᠵᠢᠯ ᠤᠨ ᠰᠠᠭᠤᠷᠢᠨ ᠭᠠᠵᠠᠷ︾ ᠵᠢᠴᠢ︽ᠲᠡᠦᠬᠡᠨ ᠬᠠᠭᠤᠴᠢ ᠪᠣᠳᠠᠰ ᠤᠨ ᠭᠤᠣᠯᠳᠠᠯᠭ᠎ᠠ ᠲᠠᠢ ᠬᠠᠮᠠᠭᠠᠯᠠᠯᠲᠠ ᠶᠢᠨ | ᠣᠷᠣᠨ ᠢᠶᠠᠷ ᠲᠣᠭᠲᠠᠭᠠᠭᠰᠠᠨ ᠪᠠᠶᠢᠨ᠎ᠠ᠃ | ᠨᠣᠮᠤᠨ ᠬᠠᠨ ᠤ ᠵᠢᠭᠤᠯᠴᠢᠯᠠᠯ ᠤᠨ ᠣᠷᠣᠨ ᠨᠢ ᠬᠠᠶᠢᠯᠠᠷ ᠬᠤᠲᠠ ᠠᠴᠠ225 ᠺᠢᠯᠣᠮᠧᠲᠷ᠂ ᠬᠢᠩᠭᠠᠨ ᠠᠶᠢᠮᠠᠭ ᠤᠨ ᠷᠠᠰᠢᠶᠠᠨ ᠬᠤᠲᠠ ᠠᠴᠠ150 | ᠺᠢᠯᠣᠮᠧᠲᠷ ᠵᠠᠶᠢᠲᠠᠢ ᠪᠠᠶᠢᠵᠤ᠂ ᠲᠣᠰᠤᠨ ᠴᠠᠷᠳᠠᠮᠠᠯ ᠵᠠᠮ ᠨᠡᠪᠲᠡᠷᠡᠵᠦ ᠪᠠᠶᠢᠳᠠᠭ᠃ |