2025 ᠣᠨ ᠤ ᠨᠢᠭᠡᠳᠦᠭᠡᠷ ᠤᠯᠠᠷᠢᠯ ᠤᠨ ᠰᠢᠨ᠎ᠡ ᠪᠠᠷᠭᠤ ᠵᠡᠭᠦᠨ ᠬᠤᠰᠢᠭᠤᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2025/4/27
          ᠨᠢᠭᠡᠳᠦᠭᠡᠷ ᠤᠯᠠᠷᠢᠯ ᠳᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠰᠢᠭᠤ ᠪᠠᠷ ᠢᠶᠠᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾᠎ ᠤᠨ ᠵᠣᠷᠢᠭ ᠰᠠᠨᠠᠭ᠎ᠠ  ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾᠎ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭᠠᠨ︾᠎ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠶᠢᠭ᠎ᠠ ᠲᠦᠷᠦ ᠶᠢᠨ ᠪᠣᠳᠣᠯᠭ᠎ᠠ ᠪᠠ ᠨᠡᠮᠡᠭᠳᠡᠯ ᠲᠦᠷᠦ ᠶᠢᠨ ᠪᠣᠳᠣᠯᠭ᠎ᠠ ᠨᠤᠭᠤᠳ ᠢ ᠦᠷᠭᠦᠯᠵᠢᠯᠡᠨ ᠬᠦᠴᠦᠯᠡᠨ ᠬᠡᠷᠡᠭᠵᠢᠭᠦᠯᠦᠨ ᠦᠷ᠎ᠡ ᠪᠦᠲᠦᠮᠵᠢ ᠭᠠᠷᠭᠠᠵᠤ᠂ ᠦᠢᠯᠡᠳᠪᠦᠷᠢᠯᠡᠯ ᠬᠠᠩᠭᠠᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠵᠦ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠦᠷᠭᠦᠯᠵᠢᠯᠡᠨ ᠴᠢᠩᠭᠠᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠵᠤ᠂ ᠠᠵᠤ ᠠᠬᠤᠢ ᠶᠢᠨ ᠠᠵᠢᠯᠯᠠᠭᠠᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠵᠠᠢ᠃          ᠬᠤᠰᠢᠭᠤ ᠬᠤᠲᠠ ᠲᠣᠭᠤᠷᠢᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ ᠨᠢᠭᠡᠳᠦᠭᠡᠷ ᠤᠯᠠᠷᠢᠯ ᠳᠤ ᠰᠢᠨ᠎ᠡ ᠪᠠᠷᠭᠤ ᠵᠡᠭᠦᠨ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 3.96 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 5.8%᠎ ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 0.34 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.2%᠎ ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 0.16 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.9%᠎ ᠪᠠᠷ ᠪᠠᠭᠤᠷᠠᠪᠠ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 3.46 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.6%᠎ ᠪᠠᠷ ᠨᠡᠮᠡᠭᠳᠡᠪᠡ᠃          ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠠᠷᠤᠯᠲᠠ ᠶᠢ ᠳᠠᠭᠠᠭᠠᠨ ᠠᠵᠢᠯᠯᠠᠪᠠ          ᠨᠢᠭᠡᠳᠦᠭᠡᠷ ᠤᠯᠠᠷᠢᠯ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 9.9% ᠎ ᠢᠶᠠᠷ ᠪᠠᠭᠤᠷᠠᠪᠠ᠃ ᠴᠠᠬᠢᠯᠭᠠᠨ ᠭᠠᠷᠭᠠᠭᠰᠠᠨ ᠬᠡᠮᠵᠢᠶ᠎ᠡ 5422.48 ᠲᠦᠮᠡᠨ ᠺᠢᠯᠣᠸᠠᠲ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.0%᠎ ᠪᠠᠷ ᠪᠠᠭᠤᠷᠠᠪᠠ︔ᠴᠠᠭᠠᠨ ᠢᠳᠡᠭᠡᠨ ᠤ ᠭᠠᠷᠤᠯᠲᠠ 438 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 36.1%᠎ ᠪᠠᠷ ᠪᠠᠭᠤᠷᠠᠵᠠᠢ᠃          ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠣᠭᠲᠠᠭᠤᠨ ᠢᠶᠠᠷ ᠨᠡᠮᠡᠭᠳᠡᠪᠡ          ᠨᠢᠭᠡᠳᠦᠭᠡᠷ ᠤᠯᠠᠷᠢᠯ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 0.42 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 38%᠎ ᠪᠠᠷ ᠨᠡᠮᠡᠭᠳᠡᠪᠡ᠃ ᠲᠣᠰ ᠵᠢᠯ ᠤᠨ ᠪᠠᠷᠢᠯᠭ᠎ᠠ ᠶᠢᠨ ᠲᠥᠷᠥᠯ ᠵᠦᠢᠯ 27 ᠪᠠᠶᠢᠵᠤ᠂ ᠡᠭᠦᠨ ᠳᠤ 5000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 1᠂ 500︱5000 ᠲᠦᠮᠡᠨ ᠲᠥᠭᠦᠷᠢᠭ ᠤᠨ ᠲᠥᠷᠥᠯ ᠵᠦᠢᠯ 8᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ 2 ᠪᠣᠶ᠃ ᠨᠢᠭᠡᠳᠦᠭᠡᠷ ᠤᠯᠠᠷᠢᠯ ᠳᠤ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠪᠣᠷᠣᠯᠠᠭᠤᠯᠤᠯᠲᠠ ᠶᠢᠨ ᠲᠠᠯᠠᠪᠠᠶ 2682 ᠲᠡᠭᠰᠢ ᠳᠥᠷᠪᠡᠯᠵᠢᠨ ᠮᠧᠲᠷ ᠲᠤ ᠬᠦᠷᠴᠦ᠂ ᠪᠣᠷᠣᠯᠠᠭᠤᠯᠤᠯᠲᠠ ᠶᠢᠨ ᠬᠡᠮᠵᠢᠶ᠎ᠡ ᠨᠢ 905 ᠲᠦᠮᠡᠨ ᠲᠥᠭᠦᠷᠢᠭ ᠲᠤ ᠬᠦᠷᠴᠡᠢ᠃          ᠭᠤᠷᠪᠠ᠂ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠪᠥᠭᠡᠳ ᠡᠮᠬᠢ ᠵᠢᠷᠤᠮ ᠲᠠᠢ          ᠨᠢᠭᠡᠳᠦᠭᠡᠷ ᠤᠯᠠᠷᠢᠯ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 2.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.0%᠎ ᠪᠠᠷ ᠨᠡᠮᠡᠭᠳᠡᠵᠡᠢ᠃          ᠳᠥᠷᠪᠡ᠂ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ ᠨᠡᠮᠡᠭᠳᠡᠯ ᠢ ᠪᠠᠲᠤᠯᠠᠪᠠ          ᠨᠢᠭᠡᠳᠦᠭᠡᠷ ᠤᠯᠠᠷᠢᠯ ᠳᠤ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 2099 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.4% ᠎ ᠪᠠᠷ ᠨᠡᠮᠡᠭᠳᠡᠪᠡ᠃ ᠡᠭᠦᠨ ᠳᠤ ᠭᠠᠶᠢᠯᠢ ᠶᠢᠨ ᠣᠷᠣᠯᠭ᠎ᠠ 1146 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 8.3%᠎ ᠪᠠᠷ ᠪᠠᠭᠤᠷᠠᠵᠠᠢ︔ ᠭᠠᠶᠢᠯᠢ ᠶᠢᠨ ᠪᠤᠰᠤ ᠣᠷᠣᠯᠭ᠎ᠠ 953 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.3%᠎ ᠪᠠᠷ ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ 30578 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 34.0%᠎ ᠪᠠᠷ ᠨᠡᠮᠡᠭᠳᠡᠪᠡ᠃          ᠲᠠᠪᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠢᠯᠡᠷᠬᠡᠢ ᠪᠠᠶᠢᠨ᠎ᠠ          ᠨᠢᠭᠡᠳᠦᠭᠡᠷ ᠤᠯᠠᠷᠢᠯ ᠳᠤ᠂ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 6128 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.3%᠎ ᠪᠠᠷ ᠨᠡᠮᠡᠭᠳᠡᠪᠡ᠃ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 9874 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.9%᠎ ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 1307 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.6% ᠨᠡᠮᠡᠭᠳᠡᠪᠡ᠃          ᠶᠡᠷᠦᠩᠬᠡᠢ ᠳᠤᠨᠢ ᠠᠪᠴᠤ ᠦᠵᠡᠪᠡᠯ᠂ ᠡᠯ᠎ᠡ ᠳᠦᠷᠦᠯ ᠤᠨ ᠬᠤᠷᠸ᠎ᠠ ᠳᠦᠷᠦ ᠶᠢᠨ ᠪᠣᠳᠣᠯᠭ᠎ᠠ ᠶᠢᠨ ᠦᠷᠭᠦᠯᠵᠢᠯᠡᠨ ᠬᠦᠴᠦᠯᠡᠬᠦ ᠶᠢ ᠳᠠᠭᠠᠯᠳᠤᠨ᠂ ᠨᠢᠭᠡᠳᠦᠭᠡᠷ ᠤᠯᠠᠷᠢᠯ ᠳᠤ ᠪᠦᠭᠦ ᠬᠤᠰᠢᠭᠤᠨ ᠤ ᠠᠵᠤ ᠠᠬᠤᠢ ᠲᠣᠭᠲᠠᠭᠤᠨ ᠢᠶᠠᠷ ᠬᠥᠭᠵᠢᠵᠦ᠂ ᠬᠥᠭᠵᠢᠯᠲᠡ ᠶᠢᠨ ᠰᠠᠶᠢᠨ ᠪᠠᠶᠢᠳᠠᠯ ᠢᠶᠠᠨ ᠦᠷᠭᠦᠯᠵᠢᠯᠡᠨ ᠪᠠᠲᠤᠯᠠᠭᠰᠠᠨ ᠪᠠᠶᠢᠨ᠎ᠠ᠃ ᠡᠭᠦᠨ ᠤ ᠬᠠᠮᠲᠤ ᠪᠠᠰᠠ ᠭᠠᠳᠠᠭᠠᠳᠤ ᠣᠷᠴᠢᠨ ᠠᠬᠤᠢ ᠶᠢᠨ ᠰᠠᠮᠠᠭᠤᠷᠠᠯ ᠳᠤ ᠠᠵᠤ ᠠᠬᠤᠢ ᠶᠢᠨ ᠦᠶᠡᠯᠡᠯ ᠤᠨ ᠴᠢᠨᠠᠷᠲᠠᠢ ᠪᠦᠲᠦᠴᠡ ᠶᠢᠨ ᠴᠢᠨᠠᠷᠲᠠᠢ ᠠᠰᠠᠭᠤᠳᠠᠯ ᠳᠠᠪᠬᠤᠴᠠᠵᠤ᠂ ᠲᠣᠭᠲᠠᠭᠤᠨ ᠪᠤᠰᠤ ᠲᠣᠭᠲᠠᠭᠠᠯᠲᠤ ᠪᠤᠰᠤ ᠬᠦᠴᠦᠨ ᠵᠦᠢᠯ ᠮᠥᠨ ᠯᠡ ᠨᠡᠯᠢᠶᠡᠳ ᠤᠯᠠᠨ ᠪᠠᠶᠢᠵᠤ᠂ ᠠᠵᠤ ᠠᠬᠤᠢ ᠶᠢᠨ ᠲᠣᠭᠲᠠᠭᠤᠨ ᠢᠶᠠᠷ ᠰᠠᠶᠢᠵᠢᠷᠠᠬᠤ ᠰᠠᠭᠤᠷᠢ ᠬᠠᠷᠠᠬᠠᠨ ᠪᠠᠲᠤ ᠪᠠᠬᠢ ᠪᠢᠰᠢ ᠪᠠᠶᠢᠨ᠎ᠠ᠃ ᠲᠠᠷᠠᠭᠠᠴᠢ ᠶᠢᠨ ᠱᠠᠲᠤᠨ ᠳᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠵᠤ᠂ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠲᠦᠷᠭᠡᠳᠬᠡᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠦᠷᠭᠦᠯᠵᠢᠯᠡᠨ ᠠᠬᠢᠭᠤᠯᠵᠤ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠵᠦ᠂ ᠠᠵᠤ ᠠᠬᠤᠢ ᠶᠢᠨ ᠠᠵᠢᠯᠯᠠᠭᠠᠨ ᠤ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ᠂ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ