ᠸᠠᠩ ᠨᠠᠢ ᠪᠢᠨ ᠰᠤᠮᠤ ᠪᠠᠯᠭᠠᠰᠤᠨ ᠳᠤ ᠭᠦᠨᠵᠡᠭᠡᠶᠢᠷᠡᠨ ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠬᠤᠭᠤᠴᠠᠭᠠᠨ ᠳᠠᠬᠢ ᠪᠡᠯᠴᠢᠭᠡᠷᠯᠡᠭᠦᠯᠬᠦ ᠶᠢ ᠵᠣᠭᠰᠤᠭᠠᠬᠤ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2025/4/27
          4 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ︽ᠳᠥᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠦᠪᠦᠷᠪᠤᠯᠠᠭ ᠰᠤᠮᠤ᠂ ᠬᠠᠨᠳᠠᠭᠠᠢ ᠰᠤᠮᠤᠨ ᠳᠤ ᠭᠦᠨᠵᠡᠭᠡᠶᠢᠷᠡᠵᠦ᠂ ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠬᠤᠭᠤᠴᠠᠭᠠᠨ ᠳᠠᠬᠢ ᠪᠡᠯᠴᠢᠭᠡᠷᠯᠡᠭᠦᠯᠬᠦ ᠶᠢ ᠵᠣᠭᠰᠤᠭᠠᠬᠤ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠬᠢᠨᠠᠨ ᠵᠢᠯᠣᠭᠤᠳᠪᠠ᠃ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠪᠠᠷ᠎ᠠ ᠪᠣᠯᠪᠠ᠃          ᠡᠯ᠎ᠡ ᠰᠤᠮᠤ ᠪᠠᠯᠭᠠᠰᠤ ᠶᠢᠨ ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠬᠤᠭᠤᠴᠠᠭᠠᠨ ᠳᠠᠬᠢ ᠪᠡᠯᠴᠢᠭᠡᠷᠯᠡᠭᠦᠯᠬᠦ ᠶᠢ ᠵᠣᠭᠰᠤᠭᠠᠬᠤ ᠠᠵᠢᠯ ᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠲᠣᠬᠢᠶᠠᠯᠳᠤᠯ ᠢᠶᠠᠷ ᠬᠢᠨᠠᠨ ᠵᠢᠯᠤᠭᠤᠳᠴᠤ ᠪᠠᠶᠢᠴᠠᠭᠠᠬᠤ ᠳᠠᠭᠠᠨ᠂ ᠸᠠᠩ ᠨᠠᠢ ᠪᠢᠨ ᠵᠢᠭᠠᠵᠤ ᠭᠠᠷᠭᠠᠭᠰᠠᠨ ᠨᠢ᠂ ᠰᠡᠯᠭᠦᠨ ᠮᠠᠯᠵᠢᠬᠤ ᠬᠤᠭᠤᠴᠠᠭᠠᠨ ᠳᠠᠬᠢ ᠪᠡᠯᠴᠢᠭᠡᠷᠯᠡᠭᠦᠯᠬᠦ ᠶᠢ ᠵᠣᠭᠰᠤᠭᠠᠬᠤ ᠠᠵᠢᠯ ᠢ ᠥᠷᠨᠢᠭᠦᠯᠦᠭᠰᠡᠨ ᠠᠴᠠ ᠨᠠᠰᠢ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠵᠡᠷᠭᠡᠪᠡᠷ ᠠᠳᠬᠤᠨ ᠬᠠᠮᠲᠤᠪᠠᠷ ᠬᠠᠮᠢᠶᠠᠷᠴᠤ᠂ ᠮᠠᠯᠴᠢᠨ ᠲᠦᠮᠡᠨ ᠢᠳᠡᠪᠬᠢᠲᠡᠢ ᠬᠠᠮᠵᠢᠯᠴᠠᠨ ᠣᠷᠣᠯᠴᠠᠵᠤ᠂ ᠨᠤᠲᠤᠭ ᠪᠡᠯᠴᠢᠭᠡᠷ ᠢ ᠤᠷᠴᠢᠯᠵᠢᠭᠤᠯᠤᠨ ᠦᠷᠭᠦᠯᠵᠢᠯᠡᠨ ᠠᠰᠢᠭᠯᠠᠬᠤ᠂ ᠮᠠᠯ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠳᠤ ᠨᠠᠶᠢᠳᠠᠪᠤᠷᠢᠲᠠᠢ ᠪᠠᠲᠤᠯᠠᠭ᠎ᠠ ᠬᠠᠩᠭᠠᠵᠠᠢ᠃ ᠸᠠᠩ ᠨᠠᠢ ᠪᠢᠨ ᠴᠢᠬᠤᠯᠠᠴᠢᠯᠠᠭᠰᠠᠨ  ᠨᠢ᠂ ᠬᠤᠶᠢᠰᠢᠳᠠ ᠶᠢᠨ ᠨᠢᠭᠡ ᠬᠤᠭᠤᠴᠠᠭᠠᠨ ᠳᠤ ᠣᠯᠣᠭᠰᠠᠨ ᠦᠷ᠎ᠡ ᠪᠦᠲᠦᠮᠵᠢ ᠪᠠᠨ ᠤᠯᠠᠮ ᠨᠢᠭᠡ ᠠᠯᠬᠤᠮ ᠪᠠᠲᠤᠳᠬᠠᠵᠤ᠂ ᠰᠢᠨᠵᠢᠯᠡᠬᠦ ᠤᠬᠠᠭᠠᠨᠴᠢᠯᠠᠬᠤ᠂ ᠨᠠᠷᠢᠯᠢᠭᠵᠢᠭᠤᠯᠬᠤ᠂ ᠬᠠᠤᠯᠢ ᠪᠠᠷ ᠵᠠᠰᠠᠬᠤ ᠠᠷᠭ᠎ᠠ ᠪᠠᠷᠢᠯ ᠢᠶᠠᠷ ᠰᠡᠯᠭᠦᠨ ᠮᠠᠯᠵᠢᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠷᠭᠦᠯᠵᠢᠯᠡᠨ ᠠᠬᠢᠭᠤᠯᠵᠤ᠂ ᠨᠤᠲᠤᠭ ᠪᠡᠯᠴᠢᠭᠡᠷ ᠤᠨ ᠬᠠᠮᠢᠶᠠᠷᠤᠯᠲᠠ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠳᠬᠠᠨ᠂ ᠰᠡᠯᠭᠦᠨ ᠮᠠᠯᠵᠢᠬᠤ ᠬᠤᠭᠤᠴᠠᠭᠠᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽ᠭᠤᠷᠪᠠ ᠶᠢ ᠨᠢᠭᠡ ᠴᠣᠭᠴᠠᠵᠢᠭᠤᠯᠬᠤ︾ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠤᠮᠠᠷᠠᠲᠤ ᠬᠢᠯᠢ ᠶᠢᠨ ᠪᠣᠬᠢᠷᠲᠤᠯ ᠦᠭᠡᠢ ᠠᠮᠢ ᠠᠬᠤᠢ ᠶᠢᠨ ᠬᠠᠯᠬᠠᠪᠴᠢ ᠶᠢ ᠰᠠᠬᠢᠨ ᠬᠠᠮᠠᠭᠠᠯᠠᠬᠤ ᠬᠡᠷᠡᠭᠲᠡᠢ᠃          ᠡᠨᠡ ᠬᠤᠭᠤᠴᠠᠭᠠᠨ ᠳᠤ᠂ ᠸᠠᠩ ᠨᠠᠢ ᠪᠢᠨ ᠨᠠᠷ ᠳᠤᠮᠳᠠᠳᠤ ᠮᠣᠩᠭᠤᠯ ᠤᠨ ᠬᠢᠯᠢ ᠶᠢᠨ ᠱᠤᠭᠤᠮ ᠳᠤ ᠬᠦᠷᠴᠦ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠪᠠᠶᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠵᠤ᠂ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠪᠣᠯᠣᠨ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ