ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 27 ᠤ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ | ᠯᠢ ᠴᠢᠶᠠᠩ 4 ᠳ᠋ᠦ᠋ᠭᠡᠷ ᠰᠠᠷ᠎ᠠ ᠶᠢᠨ 27 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ | ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠪᠠ ᠪᠦᠲᠦᠭᠡᠨ ᠪᠠᠶᠢᠭᠤᠯᠬᠤ ᠠᠵᠢᠯᠯᠠᠭᠠᠨ ᠥᠷᠨᠢᠭᠦᠯᠬᠦ ᠶᠢ ᠪᠠᠶᠢᠷᠢᠯᠠᠭᠤᠯᠤᠨ᠂ | ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠠᠰᠠᠷᠠᠮᠵᠢ ᠶᠢᠨ ᠪᠠᠲᠤᠯᠠᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠳᠤ ᠬᠤᠯᠪᠣᠭᠳᠠᠭᠰᠠᠨ ᠠᠷᠭ᠎ᠠ | ᠬᠡᠮᠵᠢᠶ᠎ᠡ ᠨᠦᠭᠦᠳ ᠢ ᠰᠤᠳᠤᠯᠵᠤ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠬᠠᠤᠯᠢ ︵ᠡᠬᠡ ᠲᠥᠰᠥᠯ︶︾ ᠶᠢ | ᠶᠠᠷᠢᠯᠴᠠᠵᠤ᠂ ᠵᠧᠵᠢᠶᠠᠩ ᠤᠨ ᠰᠠᠨ ᠮᠧᠨ ᠤ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠵᠡᠷᠭᠡ ᠴᠥᠮ᠎ᠡ ᠶᠢᠨ ᠴᠠᠬᠢᠯᠭᠠᠨ ᠤ ᠲᠦᠷᠦᠯ ᠵᠦᠢᠯ ᠢ ᠵᠥᠪᠰᠢᠶᠡᠷᠡᠬᠦ ᠪᠠᠷ | ᠲᠣᠭᠲᠠᠪᠠ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠣᠶᠢᠷ᠎ᠠ ᠶᠢᠨ ᠵᠢᠯ ᠤᠳ ᠤᠨ ᠲᠤᠷᠰᠢ ᠴᠡᠩᠭᠡᠭ ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠢ | ᠥᠷᠨᠢᠭᠦᠯᠦᠭᠰᠡᠨ ᠢᠶᠠᠷ ᠮᠠᠨ ᠤ ᠤᠯᠤᠰ ᠤᠨ ᠤᠰᠤᠨ ᠤ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ ᠰᠠᠶᠢᠵᠢᠷᠠᠪᠠ᠃ ᠬᠠᠷᠢᠭᠤᠴᠠᠯᠭᠠᠲᠤ | ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠣᠬᠢᠷᠲᠤᠯ ᠢ ᠣᠨᠣᠪᠴᠢᠲᠠᠢ ᠪᠠᠷ᠂ ᠰᠢᠨᠵᠢᠯᠡᠬᠦ ᠤᠬᠠᠭᠠᠨᠴᠢ ᠪᠠᠷ᠂ ᠬᠠᠤᠯᠢ | ᠶᠣᠰᠣᠭᠠᠷ ᠵᠠᠰᠠᠬᠤ ᠶᠢ ᠪᠠᠷᠢᠮᠲᠠᠯᠠᠵᠤ᠂ ᠤᠰᠤᠨ ᠤ ᠡᠬᠢ ᠰᠤᠷᠪᠤᠯᠵᠢ᠂ ᠤᠰᠤᠨ ᠤ ᠣᠷᠴᠢᠨ ᠲᠣᠭᠤᠷᠢᠨ᠂ ᠤᠰᠤᠨ ᠤ ᠠᠮᠢ ᠠᠬᠤᠢ ᠶᠢᠨ ᠵᠠᠰᠠᠯᠲᠠ ᠶᠢ ᠨᠢᠭᠡᠳᠦᠯᠲᠡᠢ | ᠲᠥᠯᠥᠪᠯᠡᠵᠦ᠂ ᠴᠢᠬᠤᠯᠠ ᠰᠠᠪᠠ ᠭᠠᠵᠠᠷ ᠤᠨ ᠳᠡᠭᠡᠳᠦ ᠳᠣᠣᠷᠠᠳᠤ ᠤᠷᠤᠰᠬᠠᠯ ᠤᠨ ᠨᠡᠪᠲᠡᠷᠡᠯᠴᠡᠭᠰᠡᠨ ᠪᠦᠬᠦᠯᠢ ᠴᠣᠭᠴᠠᠲᠤ ᠠᠮᠢ ᠠᠬᠤᠢ ᠣᠷᠴᠢᠨ ᠲᠣᠭᠤᠷᠢᠨ ᠤ | ᠵᠠᠰᠠᠯᠲᠠ ᠶᠢᠨ ᠲᠣᠭᠲᠠᠯᠴᠠᠭ᠎ᠠ ᠪᠠᠶᠢᠭᠤᠯᠬᠤ ᠶᠢ ᠠᠬᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠬᠠᠮᠠᠭᠠᠯᠠᠯᠲᠠ ᠬᠢᠭᠡᠳ ᠪᠦᠲᠦᠭᠡᠨ | ᠪᠠᠶᠢᠭᠤᠯᠤᠯᠲᠠ ᠶᠢ ᠶᠡᠭᠡ ᠪᠠᠷ ᠠᠬᠢᠭᠤᠯᠬᠤ ᠬᠡᠷᠡᠭᠲᠡᠢ᠃ ᠡᠬᠢ ᠡᠭᠦᠰᠦᠯ ᠠᠴᠠ ᠨᠢ ᠵᠠᠰᠠᠬᠤ ᠶᠢ ᠴᠢᠩᠭ᠎ᠠ ᠠᠳᠬᠤᠵᠤ᠂ ᠥᠷᠭᠡᠨ ᠶᠡᠭᠡ ᠭᠤᠣᠯ ᠮᠥᠷᠡᠨ᠂ ᠴᠢᠬᠤᠯᠠ | ᠪᠣᠯᠬᠤ ᠨᠠᠭᠤᠷ ᠴᠥᠭᠦᠷᠥᠮ ᠢᠶᠠᠷ ᠭᠤᠣᠯᠳᠠᠯᠭ᠎ᠠ ᠪᠣᠯᠭᠠᠨ᠂ ᠬᠢᠨᠠᠨ ᠰᠢᠨᠵᠢᠬᠦ ᠪᠠ ᠡᠬᠢ ᠡᠭᠦᠰᠦᠯ ᠢ ᠨᠢ ᠡᠷᠢᠬᠦ ᠶᠢ ᠴᠢᠩᠭᠠᠳᠬᠠᠵᠤ᠂ ᠠᠵᠤ ᠦᠢᠯᠡᠳᠪᠦᠷᠢ ᠶᠢᠨ ᠪᠣᠬᠢᠷ | ᠤᠰᠤ᠂ ᠠᠮᠢᠳᠤᠷᠠᠯ ᠤᠨ ᠪᠣᠬᠢᠷ ᠤᠰᠤ᠂ ᠲᠠᠷᠢᠶᠠᠯᠠᠩ ᠤᠨ ᠲᠠᠷᠬᠠᠮᠠᠯ ᠡᠬᠢᠲᠦ ᠪᠣᠬᠢᠷᠲᠤᠯ ᠵᠡᠷᠭᠡ ᠪᠠᠷᠢᠮᠵᠢᠶ᠎ᠠ ᠠᠴᠠ ᠬᠡᠲᠦᠷᠡᠭᠦᠯᠦᠭᠰᠡᠨ ᠭᠠᠳᠠᠭᠰᠢᠯᠠᠭᠤᠯᠤᠯᠲᠠ ᠶᠢ ᠴᠢᠩᠭ᠎ᠠ | ᠰᠡᠷᠭᠡᠶᠢᠯᠡᠬᠦ ᠬᠡᠷᠡᠭᠲᠡᠢ᠃ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ ᠨᠡᠪᠲᠡᠷᠡᠭᠦᠯᠬᠦ ᠪᠠ ᠪᠥᠭᠯᠡᠬᠦ ᠶᠢ ᠨᠢ ᠤᠶᠠᠯᠳᠤᠭᠤᠯᠬᠤ ᠶᠢ | ᠪᠠᠷᠢᠮᠲᠠᠯᠠᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠡᠨᠧᠷᠭᠢ ᠠᠷᠪᠢᠯᠠᠵᠤ ᠭᠠᠳᠠᠭᠰᠢᠯᠠᠭᠤᠯᠤᠯᠲᠠ ᠪᠠᠭᠠᠰᠬᠠᠬᠤ ᠪᠠᠷ ᠥᠭᠡᠷᠡᠴᠢᠯᠡᠨ | ᠰᠠᠶᠢᠵᠢᠷᠠᠭᠤᠯᠬᠤ ᠶᠢ ᠬᠡᠷᠡᠭᠵᠢᠭᠦᠯᠦᠨ᠂ ᠣᠷᠣᠨ ᠨᠤᠲᠤᠭ ᠤᠨ ᠬᠢᠨ ᠤ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢᠶᠠᠨ ᠨᠥᠬᠦᠪᠦᠷᠢᠯᠡᠬᠦ ᠶᠢ ᠨᠢ | ᠳᠡᠮᠵᠢᠵᠦ᠂ ᠪᠦᠬᠦ ᠠᠷᠠᠳ ᠤᠨ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠤᠬᠠᠮᠰᠠᠷ ᠢ ᠨᠢ ᠴᠢᠩᠭᠠᠳᠬᠠᠵᠤ᠂ ᠦᠵᠡᠰᠬᠦᠯᠡᠩᠲᠦ ᠰᠠᠶᠢᠬᠠᠨ ᠭᠤᠣᠯ ᠮᠥᠷᠡᠨ | ᠨᠠᠭᠤᠷ ᠴᠥᠭᠦᠷᠥᠮ ᠢ ᠬᠠᠮᠲᠤ ᠪᠠᠷ ᠪᠠᠶᠢᠭᠤᠯᠵᠤ ᠬᠠᠮᠲᠤ ᠡᠳ᠋ᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠠᠰᠠᠷᠠᠮᠵᠢ ᠶᠢᠨ ᠪᠠᠲᠤᠯᠠᠭ᠎ᠠ ᠶᠢ ᠴᠢᠩᠭᠠᠳᠬᠠᠬᠤ ᠨᠢ | ᠬᠡᠦᠬᠡᠳ ᠤᠨ ᠲᠤᠰ ᠪᠡᠶ᠎ᠡ ᠶᠢᠨ ᠠᠰᠢᠭ ᠲᠤᠰᠠ᠂ ᠭᠡᠷ ᠪᠦᠯᠢ ᠶᠢᠨ ᠬᠢᠨ ᠤ ᠡᠶ᠎ᠡ ᠵᠣᠬᠢᠴᠠᠯ ᠵᠣᠯ ᠵᠢᠷᠭᠠᠯ᠂ ᠨᠡᠶᠢᠭᠡᠮ ᠤᠨ ᠪᠣᠯᠪᠠᠰᠤᠨ ᠤ ᠳᠠᠪᠰᠢᠯᠲᠠ ᠲᠠᠢ | ᠬᠤᠯᠪᠣᠭᠳᠠᠨ᠎ᠠ᠃ ᠬᠡᠦᠬᠡᠳ ᠢ ᠤᠷᠢᠳ ᠢᠶᠠᠷ ᠬᠥᠭᠵᠢᠭᠦᠯᠬᠦ ᠪᠠ ᠬᠡᠦᠬᠡᠳ ᠲᠤ ᠬᠠᠮᠤᠭ ᠤᠨ ᠠᠰᠢᠭᠲᠠᠢ ᠪᠠᠶᠢᠯᠭᠠᠬᠤ ᠵᠠᠷᠴᠢᠮ ᠢ ᠪᠠᠷᠢᠮᠲᠠᠯᠠᠵᠤ᠂ ᠬᠠᠷᠢᠭᠤᠴᠠᠯᠭ᠎ᠠ ᠪᠠ | ᠬᠠᠶᠢᠷ᠎ᠠ ᠰᠡᠳᠬᠢᠯᠭᠡ ᠶᠢ ᠡᠪᠦᠷᠯᠡᠨ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠲᠣᠷᠨᠢᠨ ᠪᠣᠶᠢᠵᠢᠬᠤ ᠶᠢ ᠬᠠᠮᠲᠤ ᠪᠠᠷ ᠬᠠᠶᠢᠷᠠᠯᠠᠨ ᠬᠠᠯᠠᠮᠵᠢᠯᠠᠬᠤ ᠬᠡᠷᠡᠭᠲᠡᠢ᠃ | ᠠᠮᠢᠳᠤᠷᠠᠯ ᠤᠨ ᠦᠨᠳᠦᠰᠦᠨ ᠪᠠᠲᠤᠯᠠᠭ᠎ᠠ᠂ ᠡᠮᠴᠢᠯᠡᠭᠡ ᠡᠷᠡᠭᠦᠯᠵᠢᠯ᠂ ᠣᠯᠠᠨ ᠨᠡᠶᠢᠲᠡ ᠶᠢᠨ ᠦᠨᠳᠦᠰᠦᠨ ᠰᠤᠷᠭᠠᠨ ᠬᠥᠮᠦᠵᠢᠯ᠂ ᠰᠡᠳᠬᠢᠴᠡ ᠶᠢᠨ ᠡᠷᠡᠭᠦᠯ ᠮᠡᠨᠳᠦ ᠶᠢᠨ | ᠬᠠᠯᠠᠮᠵᠢᠯᠠᠯ ᠵᠡᠷᠭᠡ ᠦᠢᠯᠡᠴᠢᠯᠡᠭᠡᠨ ᠤ ᠲᠣᠭᠲᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠬᠡᠷᠡᠭᠴᠡᠭᠡ ᠶᠢ | ᠦᠨᠳᠦᠰᠦᠯᠡᠨ ᠲᠥᠷᠥᠯ ᠬᠤᠪᠢᠶᠠᠨ ᠪᠣᠳᠣᠯᠭ᠎ᠠ ᠬᠡᠷᠡᠭᠵᠢᠭᠦᠯᠵᠦ᠂ ᠠᠰᠠᠷᠠᠮᠵᠢ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠢ᠃ ᠠᠮᠢ | ᠪᠡᠶ᠎ᠡ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠲᠣᠭᠲᠠᠯᠴᠠᠭ᠎ᠠ ᠶᠢ ᠪᠠᠬᠢᠵᠢᠭᠦᠯᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠬᠠᠯᠳᠠᠭᠰᠠᠨ ᠡᠯ᠎ᠡ ᠵᠦᠢᠯ ᠤᠨ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠪᠠ ᠬᠠᠤᠯᠢ ᠶᠣᠰᠣᠭᠠᠷ ᠴᠢᠩᠭ᠎ᠠ ᠵᠠᠯᠬᠠᠭᠠᠨ ᠰᠢᠢᠳᠬᠡᠬᠦ ᠬᠡᠷᠡᠭᠲᠡᠢ᠃ ᠠᠵᠢᠯ ᠤᠨ ᠰᠠᠨᠠᠭᠠᠴᠢᠯᠠᠭᠠᠲᠤ | ᠴᠢᠨᠠᠷ᠂ ᠪᠠᠷᠠᠯᠠᠯᠲᠤ ᠴᠢᠨᠠᠷ ᠢ ᠴᠢᠩᠭᠠᠳᠬᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ | ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠬᠠᠤᠯᠢ ︵ᠡᠬᠡ ᠲᠥᠰᠥᠯ︶︾ ᠶᠢ | ᠶᠠᠷᠢᠯᠴᠠᠭᠠᠳ ᠵᠠᠷᠴᠢᠮ ᠤᠨ ᠲᠠᠯ᠎ᠠ ᠪᠠᠷ ᠪᠠᠲᠤᠯᠠᠵᠤ᠂ ᠡᠬᠡ ᠲᠥᠰᠥᠯ ᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ᠃ ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠡᠨᠡ ᠬᠦ ᠬᠠᠤᠯᠢ ᠲᠣᠭᠲᠠᠭᠠᠯᠲᠠ ᠪᠠᠷ | ᠲᠣᠬᠢᠶᠠᠯ ᠪᠣᠯᠭᠠᠵᠤ᠂ ᠮᠠᠨ ᠤ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠦᠷᠦ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠳᠠᠭᠠᠳᠬᠠᠯ ᠳᠤ ᠣᠷᠣᠯᠴᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠢ ᠬᠠᠮᠠᠭᠠᠯᠠᠵᠤ᠂ ᠠᠷᠠᠳ ᠤᠯᠠᠨ ᠤ ᠡᠪᠡᠳᠴᠢᠯᠡᠪᠡᠯ | ᠡᠮᠨᠡᠨ ᠡᠮᠴᠢᠯᠡᠭᠦᠯᠵᠦ ᠪᠠᠶᠢᠬᠤ ᠳᠦᠷᠢᠮ ᠤᠨ ᠰᠠᠭᠤᠷᠢ ᠶᠢ ᠪᠠᠲᠤᠳᠬᠠᠬᠤ ᠬᠡᠷᠡᠭᠲᠡᠢ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠬᠢᠨᠠᠯᠲᠠ ᠲᠠᠯᠪᠢᠵᠤ ᠪᠠᠶᠢᠴᠠᠭᠠᠬᠤ ᠲᠣᠭᠲᠠᠴᠠ ᠶᠢ ᠪᠦᠷᠢᠨᠰᠢᠭᠦᠯᠵᠦ᠂ ᠬᠤᠳᠠᠯ ᠢᠶᠠᠷ ᠣᠨᠣᠰᠢᠯᠠᠨ ᠡᠮᠨᠡᠬᠦ᠂ ᠬᠤᠳᠠᠯ ᠢᠶᠠᠷ ᠡᠮ | ᠬᠤᠳᠠᠯᠳᠤᠨ ᠠᠪᠬᠤ ᠵᠡᠷᠭᠡ ᠳᠠᠭᠠᠳᠬᠠᠯ ᠮᠡᠬᠡᠯᠡᠨ ᠠᠪᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠬᠠᠤᠯᠢ ᠴᠠᠭᠠᠵᠠ ᠶᠢᠨ ᠮᠡᠳᠡᠯᠭᠡ ᠶᠢ | ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢᠶᠠᠨ ᠴᠢᠩᠭᠠᠳᠬᠠᠵᠤ᠂ ᠡᠮᠴᠢᠯᠡᠭᠡᠨ ᠤ ᠪᠠᠶᠢᠭᠤᠯᠤᠮᠵᠢ᠂ ᠡᠮᠨᠡᠯᠭᠡ ᠶᠢᠨ ᠠᠵᠢᠯᠲᠠᠨ ᠪᠠ ᠤᠯᠠᠨ ᠲᠦᠮᠡᠨ ᠤ ᠬᠠᠤᠯᠢ ᠶᠢ | ᠵᠢᠷᠤᠮᠯᠠᠨ ᠰᠠᠬᠢᠬᠤ ᠤᠬᠠᠮᠰᠠᠷ ᠢ ᠨᠢ ᠳᠡᠭᠡᠭᠰᠢᠯᠡᠭᠦᠯᠵᠦ᠂ ᠡᠪᠡᠳᠴᠢᠨ ᠦᠵᠡᠭᠦᠯᠬᠦ ᠡᠮᠬᠢ ᠵᠢᠷᠤᠮ ᠪᠠ ᠡᠮᠴᠢᠯᠡᠭᠡᠨ ᠤ ᠦᠢᠯᠡ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ | ᠭᠡᠵᠡᠢ᠃ | ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ᠂ ᠴᠥᠮ᠎ᠡ ᠶᠢᠨ ᠴᠠᠬᠢᠯᠭᠠᠨ ᠢ ᠬᠥᠭᠵᠢᠭᠦᠯᠬᠦ ᠳᠤ ᠠᠮᠤᠷ ᠲᠦᠪᠰᠢᠨ ᠢ ᠡᠷᠬᠡᠪᠰᠢ ᠲᠤᠩ ᠪᠠᠲᠤᠯᠠᠭ᠎ᠠ ᠲᠠᠢ | ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠂ ᠪᠦᠲᠦᠭᠡᠨ ᠪᠠᠶᠢᠭᠤᠯᠬᠤ ᠳᠤ ᠣᠷᠣᠯᠴᠠᠭᠰᠠᠨ ᠨᠢᠭᠡᠴᠢ ᠪᠠ ᠥᠮᠴᠢᠲᠡᠨ ᠨᠢᠭᠡᠴᠢ ᠶᠢᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠪᠠᠲᠤᠳᠬᠠᠵᠤ᠂ ᠪᠦᠬᠦ ᠪᠥᠮᠪᠥᠷᠴᠡᠭ ᠤᠨ ᠬᠠᠮᠤᠭ ᠤᠨ ᠥᠨᠳᠥᠷ ᠠᠮᠤᠷ ᠲᠦᠪᠰᠢᠨ ᠤ ᠪᠠᠷᠢᠮᠵᠢᠶ᠎ᠠ ᠪᠠᠷ ᠴᠥᠮ᠎ᠡ ᠶᠢᠨ ᠴᠠᠬᠢᠯᠭᠠᠨ ᠤ ᠮᠠᠰᠢᠨ | ᠴᠣᠭᠴᠠᠯᠠᠪᠤᠷᠢ ᠶᠢ ᠪᠦᠲᠦᠭᠡᠨ ᠪᠠᠶᠢᠭᠤᠯᠬᠤ ᠪᠠ ᠡᠵᠡᠩᠨᠡᠨ ᠠᠵᠢᠯᠯᠠᠭᠤᠯᠵᠤ᠂ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ | ᠦᠷᠭᠦᠯᠵᠢᠯᠡᠨ ᠴᠢᠩᠭᠠᠳᠬᠠᠵᠤ᠂ ᠴᠥᠮ᠎ᠡ ᠶᠢᠨ ᠴᠠᠬᠢᠯᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠲᠣᠣᠷ ᠢ ᠦᠨᠡᠨ ᠬᠦ ᠪᠠᠲᠤᠳᠬᠠᠬᠤ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ | | |