4 ᠰᠠᠷ᠎ᠠ ᠶᠢᠨ 25 ᠤ ᠡᠳᠦᠷ᠂ ᠤᠯᠤᠰ ᠤᠨ ᠡᠨᠧᠷᠭᠢ ᠶᠢᠨ ᠱᠧᠨ ᠳ᠋ᠦᠩ ᠨᠡᠭᠦᠷᠡᠰᠦᠨ ᠤ ᠪᠦᠯᠦᠭᠯᠡᠯ ᠤᠨ ᠱᠠᠩ ᠸᠠᠨ ᠨᠡᠭᠦᠷᠡᠰᠦᠨ ᠠᠭᠤᠷᠬᠠᠢ ᠶᠢᠨ | 100 ᠭᠠᠷᠤᠢ ᠮᠧᠲᠷ ᠭᠦᠨ ᠠᠭᠤᠷᠬᠠᠢ ᠶᠢᠨ ᠬᠤᠳᠳᠤᠭ ᠳᠣᠲᠣᠷ᠎ᠠ᠂ ᠣᠨᠴᠠ ᠶᠡᠭᠡ ᠨᠡᠭᠦᠷᠡᠰᠦ ᠮᠠᠯᠲᠠᠬᠤ ᠥᠨᠳᠥᠷ ᠤᠨ ᠬᠡᠮᠵᠢᠶ᠎ᠡ ᠲᠠᠢ ᠶᠡᠷᠦᠩᠬᠡᠶᠢᠯᠡᠭᠰᠡᠨ ᠨᠡᠭᠦᠷᠡᠰᠦ | ᠮᠠᠯᠲᠠᠬᠤ ᠠᠵᠢᠯ ᠤᠨ ᠲᠠᠯᠠᠪᠤᠷ ᠤᠨ ᠨᠡᠭᠦᠷᠡᠰᠦ ᠮᠠᠯᠲᠠᠬᠤ ᠮᠠᠰᠢᠨ ᠶᠠᠭ ᠪᠦᠬᠦ ᠬᠦᠴᠦᠨ ᠢᠶᠠᠷ ᠢᠶᠠᠨ ᠠᠵᠢᠯᠯᠠᠵᠤ ᠪᠠᠶᠢᠪᠠ᠃ ᠱᠠᠩ ᠸᠠᠨ ᠨᠡᠭᠦᠷᠡᠰᠦᠨ ᠠᠭᠤᠷᠬᠠᠢ ᠶᠢᠨ | ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠨᠢᠭᠡᠳᠦᠭᠡᠷ ᠠᠩᠭᠢ ᠶᠢᠨ ᠦᠢᠯᠡᠳᠪᠦᠷᠢᠯᠡᠯ ᠤᠨ ᠨᠢᠭᠡᠳᠦᠭᠡᠷ ᠳᠤᠭᠤᠶᠢᠯᠠᠩ ᠤᠨ ᠳᠠᠷᠤᠭ᠎ᠠ ᠪᠥᠭᠡᠳ ᠨᠡᠭᠦᠷᠡᠰᠦ ᠮᠠᠯᠲᠠᠬᠤ | ᠮᠠᠰᠢᠨ ᠤ ᠵᠢᠯᠣᠭᠤᠴᠢ ᠬᠤ᠋ ᠶᠦᠩ ᠭᠠᠩ ᠬᠠᠮᠲᠤ ᠠᠵᠢᠯᠲᠠᠨ ᠲᠠᠢ ᠪᠠᠨ ᠮᠠᠯᠲᠠᠵᠤ ᠭᠠᠷᠭᠠᠭᠰᠠᠨ ᠨᠡᠭᠦᠷᠡᠰᠦ ᠶᠢ ᠳᠠᠮᠵᠢᠭᠤᠯᠬᠤ ᠮᠠᠰᠢᠨ ᠢᠶᠠᠷ ᠭᠠᠳᠠᠭᠰᠢ ᠬᠦᠷᠭᠡᠨ᠎ᠡ ᠁ | | ᠡᠨᠡ ᠵᠢᠯ 36 ᠨᠠᠰᠤᠲᠠᠢ ᠬᠤ᠋ ᠶᠦᠩ ᠭᠠᠩ ᠱᠠᠩ ᠸᠠᠨ ᠨᠡᠭᠦᠷᠡᠰᠦᠨ ᠠᠭᠤᠷᠬᠠᠢ ᠳᠤ ᠨᠢᠭᠡᠨᠲᠡ 15 ᠵᠢᠯ ᠠᠵᠢᠯᠯᠠᠵᠤ᠂ ᠤᠷᠢᠳ ᠬᠤᠵᠢᠳ ᠨᠡᠭᠦᠷᠡᠰᠦ | ᠮᠠᠯᠲᠠᠬᠤ ᠮᠠᠰᠢᠨ ᠤ ᠪᠠᠶᠢᠴᠠᠭᠠᠨ ᠵᠠᠰᠠᠬᠤ ᠠᠵᠢᠯᠲᠠᠨ ᠵᠡᠷᠭᠡ ᠠᠵᠢᠯ ᠬᠢᠵᠦ᠂ ᠤᠳᠤ ᠬᠤᠳᠳᠤᠭ ᠳᠣᠲᠣᠷ᠎ᠠ ᠨᠡᠭᠦᠷᠡᠰᠦ ᠮᠠᠯᠲᠠᠬᠤ ᠮᠠᠰᠢᠨ ᠢ ᠡᠵᠡᠮᠳᠡᠨ | ᠦᠢᠯᠡᠳᠪᠦᠷᠢᠯᠡᠯ ᠢᠶᠠᠨ ᠵᠣᠬᠢᠶᠠᠨ ᠪᠠᠶᠢᠭᠤᠯᠬᠤ ᠨᠢ ᠲᠡᠭᠦᠨ ᠤ ᠡᠳᠦᠷ ᠳᠤᠳᠤᠮ ᠤᠨ ᠠᠵᠢᠯ ᠪᠣᠯᠣᠨ᠎ᠠ᠃ | ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠠᠩᠭᠢ ᠶᠢᠨ ︽ᠲᠡᠮᠦᠷ ᠴᠡᠷᠢᠭ︾ ᠤᠨ ᠨᠢᠭᠡ ᠭᠡᠰᠢᠭᠦᠨ ᠪᠣᠯᠤᠭᠰᠠᠨ ᠤ ᠬᠤᠪᠢ ᠳᠤ᠂ ᠲᠡᠷᠡ ᠨᠡᠭᠦᠷᠡᠰᠦᠨ | ᠠᠭᠤᠷᠬᠠᠢ ᠶᠢᠨ ᠴᠢᠬᠤᠯᠠ ᠶᠡᠭᠡ ᠪᠣᠭᠤᠮᠲᠠ ᠰᠢᠪᠲᠤᠯᠬᠤ ᠡᠭᠦᠷᠭᠡ ᠶᠢ ᠤᠯᠠᠨ ᠤᠳᠠᠭ᠎ᠠ ᠡᠭᠦᠷᠭᠡᠯᠡᠭᠰᠡᠨ ᠪᠥᠭᠡᠳ ᠰᠢᠨ᠎ᠡ ᠶᠢ ᠡᠭᠦᠳᠬᠦ ᠰᠡᠳᠬᠢᠬᠦᠢ ᠪᠠᠷ ᠠᠵᠢᠯ ᠤᠨ | ᠳᠤᠮᠳᠠᠬᠢ ᠬᠦᠴᠢᠷ ᠠᠰᠠᠭᠤᠳᠠᠯ ᠢ ᠰᠢᠢᠳᠪᠦᠷᠢᠯᠡᠵᠦ᠂ ᠰᠢᠨ᠎ᠡ ᠴᠠᠭ ᠦᠶ᠎ᠡ ᠶᠢᠨ ᠬᠥᠳᠡᠯᠮᠦᠷᠢᠴᠢᠳ ᠤᠨ ᠤᠶᠤᠨ ᠤᠬᠠᠭᠠᠨ ᠪᠠ ᠬᠠᠷᠢᠭᠤᠴᠠᠯᠭ᠎ᠠ ᠡᠭᠦᠷᠭᠡᠯᠡᠯ ᠢ | ᠢᠯᠡᠷᠡᠭᠦᠯᠪᠡ᠃ | 2018 ᠣᠨ ᠤ 3 ᠰᠠᠷ᠎ᠠ ᠳᠤ᠂ ᠤᠯᠤᠰ ᠤᠨ ᠡᠨᠧᠷᠭᠢ ᠶᠢᠨ ᠪᠡᠯᠡ ᠤᠷᠤᠭᠤᠯᠤᠯᠳᠠ ᠶᠢᠨ ᠪᠦᠯᠦᠭᠯᠡᠯ ᠤᠨ ᠱᠧᠨ ᠳ᠋ᠦᠩ ᠨᠡᠭᠦᠷᠡᠰᠦᠨ ᠤ ᠪᠦᠯᠦᠭᠯᠡᠯ ᠤᠨ | ᠱᠠᠩ ᠸᠠᠨ ᠨᠡᠭᠦᠷᠡᠰᠦᠨ ᠠᠭᠤᠷᠬᠠᠢ ᠳᠤ ᠳᠡᠯᠡᠬᠡᠢ ᠶᠢᠨ ᠠᠩᠬᠠᠳᠠᠭᠴᠢ 8.8 ᠮᠧᠲᠷ ᠤᠨ ᠣᠨᠴᠠ ᠶᠡᠭᠡ ᠨᠡᠭᠦᠷᠡᠰᠦ ᠮᠠᠯᠲᠠᠬᠤ ᠥᠨᠳᠥᠷ ᠤᠨ ᠬᠡᠮᠵᠢᠶ᠎ᠡ ᠲᠠᠢ ᠣᠶᠤᠨᠴᠢ | ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠠᠵᠢᠯ ᠤᠨ ᠲᠠᠯᠠᠪᠤᠷ ᠢ ᠪᠠᠶᠢᠭᠤᠯᠵᠤ᠂ ᠬᠤ᠋ ᠶᠦᠩ ᠭᠠᠩ ᠤᠨ ᠪᠠᠶᠢᠭ᠎ᠠ ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠨᠢᠭᠡᠳᠦᠭᠡᠷ | ᠠᠩᠭᠢ ᠳᠤ ᠨᠡᠭᠦᠷᠡᠰᠦ ᠮᠠᠯᠲᠠᠬᠤ ᠡᠭᠦᠷᠭᠡ ᠶᠢ ᠲᠤᠰᠢᠶᠠᠨ ᠥᠭᠪᠡ᠃ ᠲᠣᠨᠤᠭ ᠲᠥᠬᠦᠭᠡᠷᠦᠮᠵᠢ ᠤᠭᠰᠠᠷᠠᠬᠤ ᠡᠬᠢᠨ ᠤ ᠬᠤᠭᠤᠴᠠᠭᠠᠨ ᠳᠤ ᠠᠯᠢ ᠣᠯᠠᠨ ᠬᠦᠴᠢᠷ | ᠠᠰᠠᠭᠤᠳᠠᠯ ᠤᠨ ᠡᠮᠦᠨ᠎ᠡ᠂ ᠡᠭᠡᠯᠵᠢ ᠳᠤᠭᠤᠶᠢᠯᠠᠩ ᠤᠨ ᠳᠠᠷᠤᠭ᠎ᠠ ᠪᠣᠯᠤᠭᠰᠠᠨ ᠬᠤ᠋ ᠶᠦᠩ ᠭᠠᠩ ᠪᠦᠷᠢᠯᠳᠦᠭᠦᠨ ᠢᠶᠠᠨ ᠳᠠᠭᠠᠭᠤᠯᠤᠨ᠂ ᠡᠯ᠎ᠡ ᠵᠦᠢᠯ ᠤᠨ ᠬᠦᠴᠢᠷ | ᠲᠦᠪᠡᠭᠲᠡᠢ ᠠᠰᠠᠭᠤᠳᠠᠯ ᠤᠨ ᠲᠣᠭᠤᠷᠢᠨ ᠳᠤ ᠮᠡᠷᠭᠡᠵᠢᠯ ᠤᠨ ᠪᠣᠭᠤᠮᠲᠠ ᠰᠢᠪᠲᠤᠯᠤᠯᠲᠠ ᠬᠢᠪᠡ᠃ ᠲᠡᠷᠡ ᠠᠮᠤᠷ ᠲᠦᠪᠰᠢᠨ᠂ ᠦᠢᠯᠡᠳᠪᠦᠷᠢᠯᠡᠯ ᠤᠨ ᠤᠷ᠎ᠠ ᠮᠡᠷᠭᠡᠰᠢᠯ᠂ | ᠲᠣᠨᠤᠭ ᠲᠥᠬᠦᠭᠡᠷᠦᠮᠵᠢ ᠶᠢ ᠪᠠᠶᠢᠴᠠᠭᠠᠨ ᠵᠠᠰᠠᠬᠤ ᠵᠡᠷᠭᠡ ᠲᠠᠯ᠎ᠠ ᠠᠴᠠ ᠭᠠᠷᠳᠠᠵᠦ᠂ ᠤᠷᠢᠳ ᠬᠤᠵᠢᠳ 133 ᠵᠦᠢᠯ ᠤᠨ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ | 141 ᠵᠦᠢᠯ ᠤᠨ ᠠᠶᠤᠯ ᠲᠦᠭᠰᠢᠭᠦᠷᠢ ᠶᠢᠨ ᠡᠬᠢ ᠰᠤᠷᠪᠤᠯᠵᠢ ᠶᠢ ᠢᠯᠭᠠᠨ ᠲᠠᠨᠢᠬᠤ᠂ 159 ᠵᠦᠢᠯ ᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ | ᠪᠠᠶᠢᠴᠠᠭᠠᠬᠤ ᠳᠤ ᠣᠷᠣᠯᠴᠠᠵᠤ᠂ ᠪᠠᠷᠢᠯᠭ᠎ᠠ ᠶᠢᠨ ᠶᠠᠰᠤ ᠴᠢᠨᠠᠷ ᠢ ᠡᠵᠡᠮᠳᠡᠬᠦ᠂ ᠠᠭᠤᠷᠬᠠᠢ ᠶᠢᠨ ᠨᠤᠷᠠᠬᠤ ᠶᠢ ᠰᠡᠷᠭᠡᠶᠢᠯᠡᠬᠦ᠂ ᠥᠨᠳᠥᠷ ᠲᠤ ᠭᠠᠷᠴᠤ ᠠᠵᠢᠯᠯᠠᠬᠤ᠂ ᠲᠣᠨᠤᠭ | ᠲᠥᠬᠦᠭᠡᠷᠦᠮᠵᠢ ᠳᠤᠲᠠᠭᠳᠠᠵᠤ ᠪᠠᠶᠢᠬᠤ ᠠᠰᠠᠭᠤᠳᠠᠯ ᠢ ᠠᠷᠢᠯᠭᠠᠬᠤ ᠵᠡᠷᠭᠡ ᠲᠠᠯ᠎ᠠ ᠶᠢᠨ 50 ᠭᠠᠷᠤᠢ ᠵᠦᠢᠯ ᠤᠨ ᠠᠷᠭ᠎ᠠ ᠬᠡᠮᠵᠢᠶ᠎ᠡ ᠶᠢ ᠲᠣᠭᠲᠠᠭᠠᠬᠤ ᠳᠤ ᠣᠷᠣᠯᠴᠠᠵᠤ᠂ | ᠨᠡᠶᠢᠲᠡ 30 ᠭᠠᠷᠤᠢ ᠵᠦᠢᠯ ᠤᠨ ᠵᠢᠵᠢᠭ ᠥᠭᠡᠷᠡᠴᠢᠯᠡᠯᠲᠡ ᠬᠢᠵᠦ᠂ ᠳᠡᠯᠡᠬᠡᠢ ᠶᠢᠨ ᠲᠡᠷᠢᠭᠦᠨ ᠤ ᠣᠨᠴᠠ ᠶᠡᠭᠡ ᠨᠡᠭᠦᠷᠡᠰᠦ ᠮᠠᠯᠲᠠᠬᠤ ᠥᠨᠳᠥᠷ ᠤᠨ ᠬᠡᠮᠵᠢᠶ᠎ᠡ ᠶᠢᠨ | ᠠᠮᠤᠷ ᠲᠦᠪᠰᠢᠨ ᠥᠨᠳᠥᠷ ᠪᠦᠲᠦᠮᠵᠢᠲᠡᠶ ᠪᠤᠴᠠᠭᠠᠨ ᠮᠠᠯᠲᠠᠬᠤ ᠤᠷ᠎ᠠ ᠮᠡᠷᠭᠡᠰᠢᠯ ᠳᠤ ᠳᠠᠬᠢᠨ ᠲᠣᠮᠢᠶᠠᠯᠠᠯ ᠬᠢᠵᠡᠢ᠃ | ︽ᠨᠡᠭᠦᠷᠡᠰᠦᠨ ᠳᠠᠪᠬᠤᠷᠭ᠎ᠠ ᠶᠢ ᠮᠠᠯᠲᠠᠬᠤ ᠠᠵᠢᠯ ᠳᠤ ᠠᠩᠬ᠎ᠠ ᠣᠷᠤᠯᠴᠠᠬᠤ ᠳᠠᠭᠠᠨ᠂ 225 ᠲᠣᠨ ᠬᠦᠨᠳᠦ᠂ ᠥᠩᠬᠦᠷᠢᠭᠦᠯ ᠤᠨ ᠳ᠋ᠢᠶᠠᠮᠧᠲᠷ ᠨᠢ 4.3 | ᠮᠧᠲᠷ ᠬᠦᠷᠬᠦ ᠲᠠᠰ ᠠᠴᠠ ᠳᠠᠪᠠᠭᠰᠠᠨ ᠨᠡᠭᠦᠷᠡᠰᠦ ᠮᠠᠯᠲᠠᠬᠤ ᠮᠠᠰᠢᠨ ᠪᠠ ᠰᠠᠭᠤᠷᠢ ᠬᠠᠪᠲᠠᠰᠤ ᠶᠢ ᠡᠵᠡᠮᠰᠢᠬᠦ ᠬᠠᠲᠠᠭᠤ ᠱᠠᠭᠠᠷᠳᠠᠯᠭ᠎ᠠ ᠶᠢ ᠬᠠᠷᠠᠭᠠᠳ᠂ ᠪᠢ | ᠳᠣᠲᠣᠷ᠎ᠠ ᠪᠠᠨ ᠪᠠᠰᠠ ᠲᠤᠭ᠎ᠠ ᠦᠭᠡᠢ ᠪᠠᠶᠢᠪᠠ︾᠃ ᠲᠠᠰ ᠠᠴᠠ ᠳᠠᠪᠠᠭᠰᠠᠨ ᠨᠡᠭᠦᠷᠡᠰᠦ ᠮᠠᠯᠲᠠᠬᠤ ᠮᠠᠰᠢᠨ ᠤ ︽ᠠᠷᠠᠨᠰᠢᠨ︾ ᠢ ᠣᠶᠢᠯᠠᠭᠠᠵᠤ᠂ ᠥᠩᠬᠦᠷᠢᠭᠦᠯ ᠤᠨ | ᠠᠵᠢᠯᠯᠠᠬᠤ ᠤᠷ᠎ᠠ ᠮᠡᠷᠭᠡᠵᠢᠯ ᠢ ᠡᠵᠡᠮᠰᠢᠬᠦ ᠶᠢᠨ ᠲᠥᠯᠥᠭᠡ᠂ ᠬᠤ᠋ ᠶᠦᠩ ᠭᠠᠩ ᠲᠠᠰ ᠠᠴᠠ ᠳᠠᠪᠠᠭᠰᠠᠨ ᠨᠡᠭᠦᠷᠡᠰᠦ ᠮᠠᠯᠲᠠᠬᠤ ᠮᠠᠰᠢᠨ ᠤ ᠪᠦᠲᠦᠴᠡ᠂ ᠠᠵᠢᠯᠯᠠᠭᠠᠨ ᠤ | ᠤᠭ ᠶᠣᠰᠣ ᠶᠢ ᠰᠤᠷᠤᠯᠴᠠᠬᠤ ᠶᠢ ᠪᠠᠷᠢᠮᠲᠠᠯᠠᠵᠤ᠂ ᠠᠳᠠᠯᠢ ᠪᠤᠰᠤ ᠠᠵᠢᠯᠯᠠᠬᠤ ᠬᠡᠮᠵᠢᠶ᠎ᠡ ᠲᠠᠢ ᠨᠡᠭᠦᠷᠡᠰᠦ ᠮᠠᠯᠲᠠᠬᠤ ᠮᠠᠰᠢᠨ ᠤ ᠨᠡᠭᠦᠷᠡᠰᠦ ᠮᠠᠯᠲᠠᠬᠤ ᠪᠠᠶᠢᠳᠠᠯ ᠢ | ᠳᠠᠭᠤᠷᠢᠶᠠᠨ ᠵᠠᠳᠠᠯᠵᠤ᠂ ᠲᠤᠬᠠᠢ ᠶᠢᠨ ᠲᠠᠯᠠᠪᠠᠢ ᠳᠤ ᠵᠠᠭᠤ ᠭᠠᠷᠤᠢ ᠤᠳᠠᠭ᠎ᠠ ᠳᠠᠬᠢᠨ ᠳᠠᠪᠲᠠᠨ ᠲᠤᠷᠰᠢᠯᠲᠠ ᠬᠢᠵᠦ᠂ ᠡᠴᠦᠰ ᠲᠡᠭᠡᠨ ᠥᠩᠬᠦᠷᠢᠭᠦᠯ ᠤᠨ ᠠᠵᠢᠯᠯᠠᠬᠤ | ᠬᠡᠮᠵᠢᠶ᠎ᠡ ᠶᠢ 5 ᠰᠠᠨᠲ᠋ᠢᠮᠧᠲᠷ ᠤᠨ ᠳᠣᠲᠣᠷ᠎ᠠ ᠬᠢᠵᠠᠭᠠᠷᠯᠠᠬᠤ ᠶᠢ ᠪᠡᠶᠡᠯᠡᠭᠦᠯᠵᠡᠢ᠂ ᠡᠶᠢᠨᠬᠦ ᠲᠡᠷᠡ ᠪᠠᠰᠠ ︽ᠤᠯᠠᠨ ᠲᠠᠯ᠎ᠠ ᠳᠤ ᠴᠠᠭᠠᠷᠠᠭᠰᠠᠨ ᠵᠢᠯᠣᠭᠤᠴᠢ︾ ᠬᠡᠮᠡᠭᠳᠡᠪᠡ᠃ | ᠡᠨᠡ ᠬᠦ ︽ᠲᠠᠰ ᠠᠴᠠ ᠳᠠᠪᠠᠭᠰᠠᠨ ᠢᠨᠵᠧᠨᠧᠷᠢᠩ︾ ᠨᠢ 97 ᠡᠳᠦᠷ ᠤᠨ ᠳᠠᠬᠢᠨ ᠳᠠᠪᠲᠠᠨ ᠬᠢᠭᠰᠡᠨ ᠲᠤᠷᠰᠢᠯᠲᠠ ᠪᠠᠷ ᠲᠠᠮᠵᠢᠨ᠂ 2018 ᠣᠨ ᠤ 6 | ᠰᠠᠷ᠎ᠠ ᠳᠤ ᠵᠢᠩᠬᠢᠨᠢ ᠪᠠᠷ ᠦᠢᠯᠡᠳᠪᠦᠷᠢᠯᠡᠯ ᠢᠶᠠᠨ ᠡᠬᠢᠯᠡᠭᠦᠯᠬᠦ ᠶᠢᠨ ᠬᠠᠮᠲᠤ ᠤᠳᠠᠯ ᠦᠭᠡᠢ ᠡᠳᠦᠷ ᠲᠤ ᠬᠠᠮᠤᠭ ᠤᠨ ᠶᠡᠭᠡ ᠳᠡᠭᠡᠨ 6.02 ᠲᠦᠮᠡᠨ ᠲᠣᠨ᠂ ᠰᠠᠷ᠎ᠠ ᠳᠤ | ᠬᠠᠮᠤᠭ ᠤᠨ ᠶᠡᠭᠡ ᠳᠡᠭᠡᠨ 146 ᠲᠦᠮᠡᠨ ᠲᠣᠨ ᠨᠡᠭᠦᠷᠡᠰᠦ ᠮᠠᠯᠲᠠᠭᠰᠠᠨ ᠳᠡᠯᠡᠬᠡᠢ ᠶᠢᠨ ᠲᠡᠮᠳᠡᠭᠯᠡᠯ ᠢ ᠡᠭᠦᠳᠴᠦ᠂ ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠠᠵᠢᠯ ᠤᠨ | ᠲᠠᠯᠠᠪᠤᠷ ᠨᠢ 10 ᠰᠠᠷ᠎ᠠ ᠰᠠᠭᠠᠳ ᠦᠭᠡᠢ ᠦᠢᠯᠡᠳᠪᠦᠷᠢᠯᠡᠬᠦ ᠶᠢ ᠪᠡᠶᠡᠯᠡᠭᠦᠯᠪᠡ — ᠤᠤᠯ ᠤᠨ ᠪᠡᠶᠡᠯᠡᠭᠦᠯᠵᠦ ᠳᠡᠶᠢᠯᠬᠦ ᠦᠭᠡᠢ ᠭᠡᠵᠦ ᠠᠵᠢᠯ ᠲᠥᠷᠥᠯ ᠤᠨ ᠬᠢᠨ ᠤ | ᠦᠵᠡᠵᠦ ᠪᠠᠶᠢᠭᠰᠠᠨ ᠡᠨᠡ ᠬᠦ ᠬᠠᠷᠠᠯᠲᠠ ᠶᠢ ᠪᠡᠶᠡᠯᠡᠭᠦᠯᠦᠭᠰᠡᠨ ᠪᠠᠶᠢᠨ᠎ᠠ᠃ 2019 ᠣᠨ ᠤ 9 ᠰᠠᠷ᠎ᠠ ᠶᠢᠨ 4 ᠤ ᠡᠳᠦᠷ᠂ ᠳᠡᠯᠡᠬᠡᠢ ᠳᠡᠭᠡᠷᠡᠬᠢ ᠠᠩᠬᠠᠳᠠᠭᠴᠢ ᠣᠨᠴᠠ | ᠶᠡᠭᠡ ᠨᠡᠭᠦᠷᠡᠰᠦ ᠮᠠᠯᠲᠠᠬᠤ ᠭᠦᠨ ᠤ ᠬᠡᠮᠵᠢᠶ᠎ᠡ ᠶᠢᠨ ᠣᠶᠤᠨᠴᠢ ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠠᠵᠢᠯ ᠤᠨ ᠲᠠᠯᠠᠪᠤᠷ ᠨᠢ ᠨᠡᠶᠢᠲᠡ 1800 ᠲᠦᠮᠡᠨ ᠲᠣᠨ | ᠨᠡᠭᠦᠷᠡᠰᠦ ᠶᠢ ᠠᠮᠤᠷ ᠲᠦᠪᠰᠢᠨ ᠦᠢᠯᠡᠳᠪᠦᠷᠢᠯᠡᠭᠰᠡᠨ ᠳᠡᠯᠡᠬᠡᠢ ᠶᠢᠨ ᠲᠡᠮᠳᠡᠭᠯᠡᠯ ᠢ ᠡᠭᠦᠳᠴᠦ᠂ ᠱᠠᠩ ᠸᠠᠨ ᠨᠡᠭᠦᠷᠡᠰᠦᠨ ᠠᠭᠤᠷᠬᠠᠢ ᠶᠢᠨ ᠨᠡᠭᠦᠷᠡᠰᠦ ᠮᠠᠯᠲᠠᠭᠰᠠᠨ | ᠬᠡᠮᠵᠢᠶ᠎ᠡ ᠪᠠᠷ ᠬᠠᠮᠤᠭ ᠤᠨ ᠥᠨᠳᠥᠷ᠂ ᠠᠵᠢᠯ ᠤᠨ ᠦᠷ᠎ᠡ ᠪᠦᠲᠦᠮᠵᠢ ᠪᠠᠷ ᠬᠠᠮᠤᠭ ᠤᠨ ᠰᠠᠶᠢᠨ᠂ ᠭᠠᠭᠴᠠ ᠬᠤᠳᠳᠤᠭ ᠲᠠᠯᠠᠪᠤᠷ ᠤᠨ ᠵᠢᠯ ᠤᠨ ᠭᠠᠷᠤᠯᠲᠠ ᠨᠢ 1600 | ᠲᠦᠮᠡᠨ ᠲᠣᠨ ᠤ ᠣᠨᠴᠠ ᠲᠠᠰ ᠤᠨ ᠠᠮᠤᠷ ᠲᠦᠪᠰᠢᠨ ᠥᠨᠳᠥᠷ ᠪᠦᠲᠦᠮᠵᠢᠲᠡᠶ ᠠᠭᠤᠷᠬᠠᠢ ᠪᠣᠯᠬᠤ ᠶᠢ ᠠᠮᠵᠢᠯᠲᠠ ᠲᠠᠢ ᠠᠬᠢᠭᠤᠯᠪᠠ᠃ ᠡᠨᠡ ᠬᠤᠭᠤᠴᠠᠭᠠᠨ ᠳᠤ᠂ ᠬᠤ᠋ | ᠶᠦᠩ ᠭᠠᠩ ᠤᠨ ᠤᠷᠤᠯᠴᠠᠵᠤ ᠨᠠᠶᠢᠷᠠᠭᠤᠯᠤᠨ ᠪᠢᠴᠢᠭᠰᠡᠨ ︽ᠬᠡᠲᠦ ᠶᠡᠭᠡ ᠨᠡᠭᠦᠷᠡᠰᠦ ᠮᠠᠯᠲᠠᠬᠤ ᠥᠨᠳᠥᠷ ᠤᠨ ᠬᠡᠮᠵᠢᠶ᠎ᠡ ᠲᠠᠢ ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ | ᠠᠵᠢᠯ ᠤᠨ ᠲᠠᠯᠠᠪᠤᠷ ᠤᠨ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠪᠠᠷᠢᠮᠵᠢᠶ᠎ᠠ︾ ᠨᠢ ᠨᠡᠭᠦᠷᠡᠰᠦᠨ ᠤ ᠠᠵᠢᠯ ᠲᠥᠷᠥᠯ ᠤᠨ | ᠦᠢᠯᠡᠳᠪᠦᠷᠢᠯᠡᠯ ᠤᠨ ᠵᠣᠬᠢᠶᠠᠨ ᠪᠠᠶᠢᠭᠤᠯᠤᠯᠲᠠ᠂ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ᠂ ᠨᠠᠷᠢᠯᠢᠭ ᠪᠠᠶᠢᠴᠠᠭᠠᠨ ᠰᠡᠯᠪᠢᠬᠦ᠂ ᠰᠢᠨ᠎ᠡ ᠶᠢ ᠡᠭᠦᠳᠦᠨ ᠦᠷ᠎ᠡ | ᠪᠦᠲᠦᠮᠵᠢ ᠭᠠᠷᠭᠠᠬᠤ ᠵᠡᠷᠭᠡ ᠲᠠᠯ᠎ᠠ ᠳᠤ ᠪᠥᠬᠦ ᠲᠠᠯ᠎ᠠ ᠶᠢᠨ ᠳ᠋ᠦᠩᠨᠡᠯᠲᠡ ᠪᠠ ᠳᠡᠭᠡᠭᠰᠢᠯᠡᠭᠦᠯᠦᠯᠲᠡ ᠪᠠᠶᠢᠵᠤ᠂ ᠠᠵᠢᠯ ᠲᠥᠷᠥᠯ ᠤᠨ ᠬᠢᠨ ᠳᠡᠭᠡᠨ ᠰᠠᠨᠠᠯ ᠨᠢᠭᠡᠳᠦᠯᠲᠡᠢ | ᠨᠤᠲᠠᠯᠠᠭᠳᠠᠪᠠ᠃ 8.8 ᠮᠧᠲᠷ ᠪᠦᠬᠦᠢ ᠣᠨᠴᠠ ᠶᠡᠭᠡ ᠨᠡᠭᠦᠷᠡᠰᠦ ᠮᠠᠯᠲᠠᠬᠤ ᠥᠨᠳᠥᠷ ᠤᠨ ᠬᠡᠮᠵᠢᠶ᠎ᠡ ᠲᠠᠢ ᠣᠶᠤᠨᠴᠢ ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ | ᠠᠵᠢᠯ ᠤᠨ ᠲᠠᠯᠠᠪᠤᠷ ᠤᠨ ᠵᠢᠱᠢᠶ᠎ᠡ ᠦᠵᠡᠭᠦᠯᠬᠦ ᠢᠨᠵᠧᠨᠧᠷᠢᠩ ᠤᠨ ᠠᠮᠵᠢᠯᠲᠠ ᠲᠠᠢ ᠦᠢᠯᠡᠳᠦᠯᠭᠡ ᠨᠢ ᠣᠨᠴᠠ ᠵᠤᠵᠠᠭᠠᠨ ᠨᠡᠭᠦᠷᠡᠰᠦᠨ ᠳᠠᠪᠬᠤᠷᠭ᠎ᠠ ᠶᠢ ᠨᠢᠭᠡ ᠯᠡ | ᠤᠳᠠᠭ᠎ᠠ ᠳᠤ ᠮᠠᠯᠲᠠᠬᠤ ᠳᠤ ᠪᠠᠶᠠᠯᠢᠭ ᠲᠤᠷᠰᠢᠯᠭ᠎ᠠ ᠬᠤᠷᠠᠮᠳᠤᠭᠤᠯᠵᠤ᠂ ᠮᠠᠨ ᠤ ᠤᠯᠤᠰ ᠤᠨ ᠨᠡᠭᠦᠷᠡᠰᠦ ᠮᠠᠯᠲᠠᠬᠤ ᠲᠣᠨᠤᠭ ᠲᠥᠬᠦᠭᠡᠷᠦᠮᠵᠢ ᠶᠢ ᠤᠯᠤᠰ ᠲᠠᠭᠠᠨ ᠲᠠᠰ | ᠳᠡᠪᠰᠢᠭᠦᠯᠦᠨ ᠥᠭᠡᠷᠡᠴᠢᠯᠡᠬᠦ ᠶᠢ ᠠᠬᠢᠭᠤᠯᠪᠠ᠃ ᠡᠨᠡ ᠨᠢ ᠮᠠᠨ ᠤ ᠤᠯᠤᠰ ᠤᠨ ᠨᠡᠭᠦᠷᠡᠰᠦ ᠮᠠᠯᠲᠠᠬᠤ ᠤᠷ᠎ᠠ ᠮᠡᠷᠭᠡᠰᠢᠯ ᠤᠨ ᠨᠠᠩ ᠥᠨᠳᠥᠷ ᠲᠦᠪᠰᠢᠨ ᠳᠤ | ᠭᠦᠷᠦᠭᠰᠡᠨ ᠢ ᠬᠠᠷᠠᠭᠤᠯᠪᠠ᠃ | ᠨᠡᠭᠦᠷᠡᠰᠦᠨ ᠠᠭᠤᠷᠬᠠᠢ ᠶᠢᠨ ᠡᠮᠦᠨ᠎ᠡ ᠹᠷᠣᠨᠲ ᠲᠤ᠂ ᠡᠯ᠎ᠡ ᠵᠦᠢᠯ ᠤᠨ ᠬᠦᠴᠢᠷ ᠪᠡᠷᠬᠡᠰᠢᠶᠡᠯ ᠪᠣᠯᠣᠨ ᠥᠷᠢᠰᠦᠯᠳᠦᠭᠡᠨ ᠲᠠᠰᠤᠷᠠᠯᠲᠠ ᠦᠭᠡᠢ ᠭᠠᠷᠴᠤ | ᠪᠠᠶᠢᠳᠠᠭ ᠪᠤᠯᠪᠠᠴᠤ ᠬᠤ᠋ ᠶᠦᠩ ᠭᠠᠩ ᠠᠬᠠᠮᠠᠳ ᠦᠶ᠎ᠡ ᠶᠢᠨ ︽ᠬᠥᠮᠥᠨ ᠳᠤ ᠬᠤᠶᠠᠷ ᠬᠤᠪᠢ ᠵᠠᠶᠠᠭ᠎ᠠ ᠪᠤᠢ᠂ ᠨᠢᠭᠡ ᠨᠢ ᠠᠮᠢ ᠨᠠᠰᠤ᠂ ᠨᠦᠬᠦᠭᠡ ᠨᠢ ᠡᠭᠦᠷᠭᠡ | ᠬᠠᠷᠢᠭᠤᠴᠠᠯᠭ᠎ᠠ ᠪᠣᠯᠣᠨ᠎ᠠ︾ ᠭᠡᠬᠦ ᠰᠤᠷᠭᠠᠯ ᠢ ᠬᠡᠵᠢᠶᠡᠳᠡ ᠰᠡᠳᠬᠢᠯ ᠳᠡᠭᠡᠨ ᠪᠤᠳᠤᠵᠤ ᠶᠠᠪᠤᠳᠠᠭ᠃ ᠬᠦᠴᠢᠷ ᠪᠡᠷᠬᠡᠰᠢᠶᠡᠯ ᠲᠤᠯᠭᠠᠷᠠᠬᠤ ᠪᠦᠷᠢ ᠲᠡᠷᠡ ᠠᠬᠠᠮᠠᠳ | ᠦᠶ᠎ᠡ ᠶᠢᠨ ᠬᠢᠨ ᠤ ᠦᠭᠡ ᠶᠢ ᠪᠤᠳᠤᠵᠤ᠂ ᠰᠡᠳᠬᠢᠴᠡ ᠪᠠᠨ ᠰᠢᠨᠡᠴᠢᠯᠡᠵᠦ᠂ ᠠᠷᠭ᠎ᠠ ᠪᠦᠬᠦᠨ ᠢ ᠰᠦᠪᠡᠭᠴᠢᠯᠡᠨ ᠠᠰᠠᠭᠤᠳᠠᠯ ᠢ ᠰᠢᠢᠳᠪᠦᠷᠢᠯᠡᠳᠡᠭ᠃ | 2015 ᠣᠨ ᠳᠤ ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠨᠢᠭᠡᠳᠦᠭᠡᠷ ᠠᠩᠭᠢ ᠳᠤᠮᠳᠠ ᠵᠤᠵᠠᠭᠠᠨ ᠵᠥᠭᠡᠯᠡᠨ ᠨᠡᠭᠦᠷᠡᠰᠦᠨ ᠳᠠᠪᠬᠤᠷᠭ᠎ᠠ ᠳᠤ ᠪᠧᠲ᠋ᠣᠨ | ᠴᠢᠳᠬᠤᠵᠤ ᠵᠠᠬ᠎ᠠ ᠪᠠᠷ ᠨᠢ ᠵᠠᠢ ᠦᠯᠡᠳᠡᠭᠡᠨ ᠨᠡᠭᠦᠷᠡᠰᠦ ᠮᠠᠯᠲᠠᠬᠤ ᠮᠡᠷᠭᠡᠵᠢᠯ ᠢ ᠬᠡᠷᠡᠭᠵᠢᠭᠦᠯᠬᠦ ᠬᠦᠨᠳᠦ ᠡᠭᠦᠷᠭᠡ ᠶᠢ ᠡᠭᠦᠷᠭᠡᠯᠡᠪᠡ᠂ ᠡᠨᠡ ᠪᠣᠯ ᠱᠠᠩ ᠸᠠᠨ ᠨᠡᠭᠦᠷᠡᠰᠦᠨ | ᠠᠭᠤᠷᠬᠠᠢ ᠠᠩᠬ᠎ᠠ ᠤᠳᠠᠭ᠎ᠠ ᠳᠤᠰ ᠮᠡᠷᠭᠡᠵᠢᠯ ᠢ ᠬᠡᠷᠡᠭᠯᠡᠵᠦ ᠪᠠᠶᠢᠭ᠎ᠠ ᠶᠠᠪᠤᠳᠠᠯ ᠪᠣᠯᠣᠨ᠎ᠠ᠂ ᠮᠥᠨ ᠴᠦ ᠱᠧᠨ ᠳ᠋ᠦᠩ ᠪᠦᠯᠦᠭᠯᠡᠯ ᠠᠩᠬ᠎ᠠ ᠤᠳᠠᠭ᠎ᠠ ᠲᠤᠷᠰᠢᠯᠲᠠ ᠶᠢᠨ | ᠪᠤᠰᠤ ᠴᠢᠨᠠᠷᠲᠠᠢ ᠪᠠᠷ ᠪᠧᠲ᠋ᠣᠨ ᠴᠢᠳᠬᠤᠵᠤ ᠵᠠᠬ᠎ᠠ ᠪᠠᠷ ᠨᠢ ᠵᠠᠢ ᠦᠯᠡᠳᠡᠭᠡᠨ ᠨᠡᠭᠦᠷᠡᠰᠦ ᠮᠠᠯᠲᠠᠵᠤ ᠪᠠᠶᠢᠭ᠎ᠠ ᠶᠠᠪᠤᠳᠠᠯ ᠪᠣᠯᠣᠨ᠎ᠠ᠃ ᠡᠯ᠎ᠡ ᠲᠥᠷᠥᠯ ᠤᠨ ᠠᠮᠤᠷ | ᠲᠦᠪᠰᠢᠨ ᠤ ᠬᠠᠮᠢᠶᠠᠷᠤᠯᠲᠠ ᠪᠠ ᠮᠡᠷᠭᠡᠵᠢᠯ ᠤᠨ ᠬᠦᠴᠢᠷ ᠠᠰᠠᠭᠤᠳᠠᠯ ᠤᠨ ᠡᠮᠦᠨ᠎ᠡ᠂ ᠬᠤ᠋ ᠶᠦᠩ ᠭᠠᠩ ᠠᠩᠭᠢ ᠶᠢᠨ ᠳᠣᠲᠣᠭᠠᠳᠤ ᠶᠢᠨ ᠠᠵᠢᠯ ᠳᠤ ᠢᠳᠡᠪᠬᠢᠲᠡᠢ | ᠬᠠᠮᠵᠢᠯᠴᠠᠵᠤ᠂ ᠰᠡᠳᠬᠢᠯ ᠰᠢᠭᠤᠳᠤᠨ ᠰᠤᠳᠤᠯᠤᠨ ᠰᠦᠪᠡᠭᠴᠢᠯᠡᠵᠦ᠂ ᠪᠧᠲ᠋ᠣᠨ ᠴᠢᠳᠬᠤᠬᠤ ᠲᠥᠰᠥᠯ ᠢ ᠲᠣᠭᠲᠠᠭᠠᠬᠤ ᠳᠤ ᠣᠷᠣᠯᠴᠠᠵᠤ᠂ ᠶᠡᠷᠦᠩᠬᠡᠶᠢᠯᠡᠭᠰᠡᠨ ᠨᠡᠭᠦᠷᠡᠰᠦ | ᠮᠠᠯᠲᠠᠬᠤ ᠠᠵᠢᠯ ᠤᠨ ᠲᠤᠬᠠᠢ ᠶᠢᠨ ᠲᠠᠯᠠᠪᠠᠶ ᠶᠢᠨ ᠠᠵᠢᠯᠯᠠᠬᠤ ᠣᠷᠴᠢᠨ ᠨᠥᠬᠦᠴᠡᠯ ᠢ ᠰᠠᠶᠢᠵᠢᠷᠠᠭᠤᠯᠤᠭᠰᠠᠨ ᠤ ᠬᠠᠮᠲᠤ ᠡᠯ᠎ᠡ ᠵᠦᠢᠯ ᠤᠨ ᠠᠵᠢᠯᠯᠠᠭ᠎ᠠ ᠶᠢ | ᠰᠢᠯᠢᠳᠡᠭᠵᠢᠭᠦᠯᠬᠦ ᠰᠠᠨᠠᠭᠤᠯᠭ᠎ᠠ ᠳᠤᠷᠠᠳᠴᠠᠢ᠃ ᠡᠴᠦᠰ ᠲᠡᠭᠡᠨ ᠪᠥᠬᠦ ᠠᠵᠢᠯᠲᠠᠨ ᠤ ᠬᠠᠮᠲᠤ ᠶᠢᠨ ᠴᠢᠷᠮᠠᠶᠢᠯᠭ᠎ᠠ ᠪᠠᠷ᠂ ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠨᠢᠭᠡᠳᠦᠭᠡᠷ | ᠠᠩᠭᠢ 3 ᠠᠵᠢᠯ ᠤᠨ ᠲᠠᠯᠠᠪᠤᠷ ᠲᠤ ᠲᠤᠰ ᠮᠡᠷᠭᠡᠵᠢᠯ ᠢ ᠠᠮᠵᠢᠯᠲᠠ ᠲᠠᠢ ᠬᠡᠷᠡᠭᠵᠢᠭᠦᠯᠵᠦ᠂ ᠡᠳᠦᠷ ᠲᠤ 15 ᠮᠧᠲᠷ ᠠᠬᠢᠭᠤᠯᠤᠭᠰᠠᠨ ᠲᠡᠮᠳᠡᠭᠯᠡᠯ ᠢ ᠡᠭᠦᠳᠴᠦ᠂ | ᠤᠯᠤᠰ ᠤᠨ 2 ᠵᠦᠢᠯ ᠤᠨ ᠲᠤᠰᠬᠠᠢ ᠠᠰᠢᠭ ᠢ ᠭᠤᠶᠤᠴᠢᠯᠠᠨ ᠮᠡᠳᠡᠭᠦᠯᠵᠦ᠂ ᠦᠢᠯᠡᠳᠦᠯᠭᠡ ᠶᠢᠨ ᠲᠤᠷᠰᠢᠯᠭ᠎ᠠ ᠨᠢ ᠪᠥᠬᠦ ᠤᠯᠤᠰ ᠤᠨ ᠨᠡᠭᠦᠷᠡᠰᠦᠨ ᠤ ᠠᠵᠢᠯ | ᠲᠥᠷᠥᠯ ᠤᠨ ᠭᠤᠣᠯᠳᠠᠯᠭ᠎ᠠ ᠲᠠᠢ ᠳᠡᠯᠭᠡᠷᠡᠭᠦᠯᠬᠦ ᠲᠥᠷᠥᠯ ᠵᠦᠢᠯ ᠳᠤ ᠵᠢᠭᠰᠠᠭᠠᠭᠳᠠᠪᠠ᠃ | ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠠᠩᠭᠢ ᠶᠢᠨ ᠡᠭᠡᠯᠵᠢ ᠳᠤᠭᠤᠶᠢᠯᠠᠩ ᠤᠨ ᠳᠠᠷᠤᠭ᠎ᠠ ᠪᠣᠯᠤᠭᠰᠠᠨ ᠤ ᠬᠤᠪᠢ ᠳᠤ᠂ ᠬᠤ᠋ ᠶᠦᠩ ᠭᠠᠩ | ᠪᠦᠷᠢᠯᠳᠦᠭᠦᠨ ᠢᠶᠠᠨ ᠵᠣᠷᠢᠭᠵᠢᠭᠤᠯᠤᠨ ᠬᠥᠲᠥᠯᠥᠨ ᠵᠢᠯᠤᠭᠤᠳᠴᠤ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠥᠭᠡᠳ | ᠪᠡᠶ᠎ᠡ ᠪᠠᠷ ᠢᠶᠠᠨ ᠬᠡᠪ ᠳᠠᠭᠤᠷᠢᠶᠠᠯ ᠦᠵᠡᠭᠦᠯᠳᠡᠭ᠃ 2020 ᠣᠨ ᠤ ᠪᠦᠬᠦ ᠣᠷᠣᠨ ᠤ ᠨᠡᠭᠦᠷᠡᠰᠦ ᠮᠠᠯᠲᠠᠬᠤ ᠮᠠᠰᠢᠨ ᠤ ᠤᠷ᠎ᠠ ᠮᠡᠷᠭᠡᠵᠢᠯ ᠤᠨ ᠤᠷᠤᠯᠳᠤᠭᠠᠨ ᠳᠤ ᠬᠤ᠋ | ᠶᠦᠩ ᠭᠠᠩ ᠤᠷᠠᠨ ᠨᠠᠷᠢᠨ ᠮᠡᠷᠭᠡᠵᠢᠯ ᠢᠶᠠᠷ ᠢᠶᠠᠨ ᠬᠤᠶᠠᠳᠤᠭᠠᠷ ᠲᠤ ᠣᠷᠣᠪᠠ᠃ ᠡᠳᠦᠷ ᠲᠤᠳᠤᠮ ᠤᠨ ᠠᠵᠢᠯ ᠠᠮᠢᠳᠤᠷᠠᠯ ᠤᠨ ᠳᠤᠮᠳᠠ᠂ ᠲᠡᠷᠡ ᠡᠭᠡᠯᠵᠢ | ᠳᠤᠭᠤᠶᠢᠯᠠᠩ ᠤᠨ ᠪᠦᠷᠢᠯᠳᠦᠭᠦᠨ ᠢᠶᠠᠨ ᠬᠠᠯᠠᠮᠵᠢᠯᠠᠵᠤ᠂ ᠰᠣᠷᠣᠭᠰᠠᠨ ᠤᠷ᠎ᠠ ᠴᠢᠳᠠᠪᠤᠷᠢ ᠪᠠ ᠲᠤᠷᠰᠢᠯᠭ᠎ᠠ ᠪᠠᠨ ᠤᠯᠠᠮᠵᠢᠯᠠᠨ ᠵᠢᠭᠠᠵᠤ᠂ ᠱᠠᠪᠢ ᠨᠠᠷ ᠤᠨ ᠢᠶᠠᠨ ᠬᠠᠶᠢᠷ᠎ᠠ | ᠬᠦᠨᠳᠦᠳᠬᠡᠯ ᠢ ᠣᠯᠣᠭᠰᠠᠨ ᠪᠠᠶᠢᠨ᠎ᠠ᠃ ᠲᠡᠷᠡ ᠡᠭᠡᠯᠵᠢ ᠳᠤᠭᠤᠶᠢᠯᠠᠩ ᠤᠨ ᠪᠦᠷᠢᠯᠳᠦᠭᠦᠨ ᠢᠶᠠᠨ ᠳᠠᠭᠠᠭᠤᠯᠤᠨ ᠠᠶᠤᠯᠭᠦᠢ ᠦᠢᠯᠡᠳᠪᠦᠷᠢᠯᠡᠯ ᠤᠨ ︽ᠨᠠᠷᠢᠯᠢᠭ︾ | ᠬᠠᠮᠢᠶᠠᠷᠤᠯᠲᠠ᠂ ᠪᠠᠷᠢᠯᠭ᠎ᠠ ᠶᠢᠨ ᠶᠠᠰᠤ ᠴᠢᠨᠠᠷ ᠤᠨ ︽ᠨᠠᠷᠢᠯᠢᠭᠵᠢᠭᠤᠯᠤᠭᠰᠠᠨ︾ ᠬᠠᠮᠢᠶᠠᠷᠤᠨ ᠡᠵᠡᠮᠳᠡᠬᠦ ᠵᠡᠷᠭᠡ ᠲᠠᠯ᠎ᠠ ᠪᠠᠷ ᠦᠨᠡᠨ ᠬᠦ ᠶᠠᠪᠤᠭᠳᠠᠭᠤᠰᠢᠲᠠᠢ | ᠳᠦᠷᠢᠮᠵᠢᠯ ᠤᠨ ᠪᠠᠷᠢᠮᠵᠢᠶ᠎ᠠ ᠶᠢ ᠲᠣᠭᠲᠠᠭᠠᠵᠤ᠂ ᠡᠭᠡᠯᠵᠢ ᠳᠤᠭᠤᠶᠢᠯᠠᠩ ᠤᠨ ᠪᠦᠷᠢᠯᠳᠦᠭᠦᠨ ᠢ ᠬᠥᠲᠥᠯᠥᠨ ᠵᠢᠯᠤᠭᠤᠳᠴᠤ ᠠᠮᠤᠷ ᠲᠦᠪᠰᠢᠨ ᠤ ᠰᠡᠷᠭᠡᠶᠢᠯᠡᠯᠲᠡ ᠶᠢᠨ | ᠤᠬᠠᠮᠰᠠᠷ ᠪᠣᠯᠣᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠴᠢᠳᠠᠪᠤᠷᠢ ᠶᠢ ᠳᠡᠭᠡᠭᠰᠢᠯᠡᠭᠦᠯᠪᠡ᠃ ᠲᠡᠷᠡ ᠪᠠᠰᠠ ᠡᠭᠡᠯᠵᠢ ᠳᠤᠭᠤᠶᠢᠯᠠᠩ ᠤᠨ ᠰᠠᠭᠤᠷᠢ ᠪᠦᠲᠦᠭᠡᠨ | ᠪᠠᠶᠢᠭᠤᠯᠤᠯᠲᠠ ᠶᠢ ᠴᠢᠩᠭ᠎ᠠ ᠠᠳᠬᠤᠵᠤ᠂ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠰᠢᠢᠳᠪᠦᠷᠢᠯᠡᠬᠦ ᠶᠠᠪᠤᠴᠠ ᠳᠤ ᠨᠢᠭᠡᠨ ᠢᠵᠢ ᠡᠭᠡᠯᠵᠢ ᠳᠤᠭᠤᠶᠢᠯᠠᠩ ᠤᠨ | ᠣᠨᠴᠠᠯᠢᠭ ᠲᠠᠢ ᠬᠠᠮᠢᠶᠠᠷᠤᠯᠲᠠ ᠶᠢᠨ ᠠᠷᠭ᠎ᠠ — ︽ᠲᠡᠷᠢᠭᠦᠨ ᠤ ᠡᠭᠡᠯᠵᠢ ᠳᠤᠭᠤᠶᠢᠯᠠᠩ︾ ᠤᠨ ᠬᠠᠮᠢᠶᠠᠷᠤᠯᠲᠠ ᠶᠢᠨ ᠠᠷᠭ᠎ᠠ ᠶᠢ ᠪᠦᠷᠢᠯᠳᠦᠭᠦᠯᠵᠦ᠂ ᠡᠭᠡᠯᠵᠢ | ᠳᠤᠭᠤᠶᠢᠯᠠᠩ ᠢᠶᠠᠨ ᠳᠠᠭᠠᠭᠤᠯᠤᠨ ᠰᠢᠯᠢᠳᠡᠭ ᠬᠢᠷᠢ ᠪᠦᠲᠦᠮᠵᠢ ᠪᠠᠷ ᠳᠡᠭᠡᠳᠦ ᠱᠠᠲᠤᠨ ᠠᠴᠠ ᠪᠠᠭᠤᠯᠭᠠᠭᠰᠠᠨ ᠡᠯ᠎ᠡ ᠵᠦᠢᠯ ᠤᠨ ᠦᠢᠯᠡᠳᠪᠦᠷᠢᠯᠡᠯ ᠤᠨ ᠡᠭᠦᠷᠭᠡ ᠶᠢ | ᠪᠡᠶᠡᠯᠡᠭᠦᠯᠪᠡ᠃ | ᠦᠢᠯᠡᠳᠪᠦᠷᠢᠯᠡᠯ ᠤᠨ ᠶᠠᠪᠤᠴᠠ ᠳᠠᠬᠢ ᠠᠮᠤᠷ ᠲᠦᠪᠰᠢᠨ ᠤ ᠳᠠᠯᠳᠠ ᠬᠡᠮ ᠪᠣᠯᠣᠨ ᠲᠤᠨᠤᠭ ᠲᠥᠬᠦᠭᠡᠷᠦᠮᠵᠢ ᠶᠢᠨ ᠲᠤᠰ ᠪᠡᠶ᠎ᠡ ᠶᠢᠨ ᠪᠦᠲᠦᠴᠡ ᠶᠢᠨ | ᠴᠢᠨᠠᠷᠲᠠᠢ ᠠᠮᠤᠷ ᠲᠦᠪᠰᠢᠨ ᠤ ᠳᠤᠲᠠᠭᠳᠠᠯ ᠢ ᠰᠢᠢᠳᠪᠦᠷᠢᠯᠡᠬᠦ ᠶᠢᠨ ᠲᠥᠯᠥᠭᠡ᠂ ᠬᠤ᠋ ᠶᠦᠩ ᠭᠠᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ | ᠰᠢᠪᠲᠤᠯᠬᠤ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠳᠤ ᠢᠳᠡᠪᠬᠢᠲᠡᠢ ᠣᠷᠣᠯᠴᠠᠵᠤ᠂ ᠤᠯᠠᠨ ᠲᠦᠷᠦᠯ ᠤᠨ ᠵᠢᠵᠢᠭ | ᠥᠭᠡᠷᠡᠴᠢᠯᠡᠯᠲᠡ ᠶᠢᠨ ᠲᠦᠷᠦᠯ ᠵᠦᠢᠯ ᠳᠤ ᠣᠷᠣᠯᠴᠠᠨ ᠵᠢᠷᠤᠵᠤ ᠲᠥᠯᠥᠪᠯᠡᠵᠦ᠂ ᠡᠭᠦᠨ ᠤ ᠳᠣᠲᠣᠷᠠᠬᠢ 2 ᠲᠦᠷᠦᠯ ᠨᠢ ᠤᠯᠤᠰ ᠤᠨ ᠲᠤᠰᠬᠠᠢ ᠠᠰᠢᠭ ᠤᠨ ᠡᠷᠬᠡ ᠶᠢ | ᠭᠤᠶᠤᠴᠢᠯᠠᠨ ᠮᠡᠳᠡᠭᠦᠯᠵᠦ ᠪᠤᠢ᠃ | ︽ᠠᠮᠵᠢᠯᠲᠠ ᠪᠦᠲᠦᠮᠵᠢ ᠵᠦᠪᠭᠡᠨ ᠥᠩᠭᠡᠷᠡᠭᠰᠡᠨ ᠢ ᠲᠥᠯᠥᠭᠡᠯᠡᠨ᠎ᠡ᠂ ᠬᠤᠵᠢᠮ ᠢᠷᠡᠭᠡᠳᠦᠢ ᠳᠤ ᠦᠷᠭᠦᠯᠵᠢᠯᠡᠨ ᠴᠢᠷᠮᠠᠶᠢᠨ᠎ᠠ︾᠃ ᠡᠨᠡ ᠵᠢᠯ ᠤᠨ ︽5 · 1︾ | ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠠᠴᠠ ᠡᠮᠦᠨᠡᠬᠡᠨ᠂ ᠬᠤ᠋ ᠶᠦᠩ ᠭᠠᠩ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠪᠠᠷ | ᠦᠨᠡᠯᠡᠭᠳᠡᠪᠡ᠃ ᠰᠢᠨ᠎ᠡ ᠴᠠᠭ ᠦᠶ᠎ᠡ ᠶᠢᠨ ᠨᠡᠭᠦᠷᠡᠰᠦᠨ ᠠᠭᠤᠷᠬᠠᠢ ᠶᠢᠨ ᠠᠵᠢᠯᠴᠢᠳ ᠤᠨ ᠬᠦᠴᠢᠷ ᠢ ᠲᠤᠭᠤᠯᠤᠨ ᠪᠡᠷᠬᠡ ᠶᠢ ᠳᠠᠪᠠᠭᠤ᠂ ᠰᠢᠨ᠎ᠡ ᠶᠢ ᠡᠭᠦᠳᠦᠨ | ᠰᠦᠪᠡᠭᠴᠢᠯᠡᠬᠦ ᠡᠷᠬᠢᠮ ᠨᠠᠨᠳᠢᠨ ᠵᠣᠷᠢᠭ ᠰᠠᠨᠠᠭ᠎ᠠ ᠨᠢ ᠨᠡᠩ ᠤᠯᠠᠨ ᠵᠠᠯᠠᠭᠤ ᠬᠥᠳᠡᠯᠮᠦᠷᠢᠴᠢᠳ ᠤᠨ ᠲᠠᠰᠤᠷᠠᠯᠲᠠ ᠦᠭᠡᠢ ᠰᠢᠨ᠎ᠡ ᠥᠨᠳᠥᠷᠴᠡ ᠶᠢ ᠬᠥᠭᠡᠭᠡᠴᠡᠯᠳᠦᠬᠦ᠂ | ᠰᠢᠨ᠎ᠡ ᠦᠷᠳᠡᠭ ᠢᠶᠠᠨ ᠢᠯᠡᠷᠡᠭᠦᠯᠬᠦ ᠶᠢ ᠤᠷᠮᠠᠰᠢᠭᠤᠯᠤᠨ ᠵᠣᠷᠢᠭᠵᠢᠭᠤᠯᠤᠨ᠎ᠠ᠃ | | |