​ᠳᠡᠭᠡᠷ᠎ᠡ ᠱᠠᠲᠤ ᠨᠢ ᠳᠣᠣᠷ᠎ᠠ ᠱᠠᠲᠤ ᠪᠠᠨ ᠳᠠᠭᠠᠭᠤᠯᠵᠤ ᠨᠢᠭᠡ ᠴᠣᠭᠴᠠᠵᠢᠭᠤᠯᠤᠨ ᠠᠬᠢᠭᠤᠯᠵᠤ ᠴᠥᠬᠦᠷᠡᠰᠢ ᠦᠭᠡᠢ ᠪᠠᠶᠢᠩᠭᠤ ᠠᠳᠬᠤᠵᠤ ᠮᠠᠨ ᠤ ᠣᠷᠣᠨ ᠤ ᠡᠯ᠎ᠡ ᠭᠠᠵᠠᠷ ᠤᠨ ᠬᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ ᠪᠤᠢ
ᠨᠡᠶᠢᠲᠡᠯᠡᠭᠰᠡᠨ ᠴᠠᠭ᠄
2025/4/28
          ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠰᠢᠯᠢ ᠶᠢᠨ ᠭᠤᠣᠯ ᠠᠶᠢᠮᠠᠭ᠂ ᠤᠯᠠᠭᠠᠨᠬᠠᠳᠠ ᠬᠤᠳᠠ᠂ ᠤᠯᠠᠭᠠᠨᠴᠠᠪ ᠬᠤᠳᠠ᠂ ᠠᠯᠠᠱᠠ ᠠᠶᠢᠮᠠᠭ᠂ ᠬᠥᠯᠥᠨ ᠪᠤᠶᠢᠷ ᠬᠤᠳᠠ᠂ ᠦᠬᠠᠢ ᠬᠤᠳᠠ ᠶᠢᠨ ᠬᠢᠨ ᠰᠤᠷᠤᠯᠴᠠᠯᠭ᠎ᠠ ᠬᠥᠮᠦᠵᠢᠯ ᠤᠨ ᠲᠥᠰᠥᠯ ᠢ ᠲᠡᠷᠡ ᠳᠠᠷᠤᠢ ᠳᠤᠨᠢ ᠰᠤᠳᠤᠯᠤᠨ ᠪᠠᠶᠢᠷᠢᠯᠠᠭᠤᠯᠵᠤ᠂ ᠳᠡᠭᠡᠷ᠎ᠡ ᠠᠴᠠ ᠳᠣᠷᠣᠭᠰᠢ᠂ ᠳᠡᠭᠡᠷ᠎ᠡ ᠱᠠᠲᠤ ᠨᠢ ᠳᠣᠣᠷ᠎ᠠ ᠱᠠᠲᠤ ᠪᠠᠨ ᠳᠠᠭᠠᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠭᠦᠷᠭᠡ ᠪᠠᠨ ᠲᠣᠳᠣᠷᠬᠠᠶᠢᠯᠠᠵᠤ᠂ ᠰᠤᠷᠤᠯᠴᠠᠯᠭ᠎ᠠ ᠬᠥᠮᠦᠵᠢᠯ ᠢ ᠡᠮᠬᠢ ᠵᠢᠷᠤᠮ ᠲᠠᠢ ᠡᠬᠢᠯᠡᠭᠦᠯᠵᠦ᠂ ᠪᠦᠬᠦ ᠲᠠᠯ᠎ᠠ ᠪᠠᠷ ᠥᠷᠨᠢᠭᠦᠯᠬᠦ ᠶᠢ ᠪᠠᠲᠤᠯᠠᠵᠤ ᠪᠤᠢ᠃          ᠰᠢᠯᠢ ᠶᠢᠨ ᠭᠤᠣᠯ ᠠᠶᠢᠮᠠᠭ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠦᠳᠲᠡᠷ ᠲᠦᠷᠭᠡᠨ ᠬᠥᠳᠡᠯᠦᠯᠴᠡᠨ᠂ ᠨᠠᠷᠢᠨ ᠨᠢᠮᠪᠠᠢ ᠲᠥᠯᠥᠪᠵᠢᠭᠦᠯᠵᠦ᠂ ᠰᠤᠷᠤᠯᠴᠠᠯᠭ᠎ᠠ ᠬᠥᠮᠦᠵᠢᠯ ᠢ ᠥᠨᠳᠥᠷ ᠪᠠᠷᠢᠮᠵᠢᠶ᠎ᠠ ᠪᠠᠷ ᠡᠬᠢᠯᠡᠭᠦᠯᠬᠦ ᠶᠢ ᠡᠮᠬᠢ ᠵᠢᠷᠤᠮ ᠲᠠᠢ ᠪᠦᠲᠦᠮᠵᠢᠲᠡᠶ ᠠᠬᠢᠭᠤᠯᠪᠠ᠃ 3 ᠰᠠᠷ᠎ᠠ ᠶᠢᠨ 21᠎ ᠤ ᠡᠳᠦᠷ᠂ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ 2025 ᠣᠨ ᠤ ᠶᠢᠰᠦᠳᠦᠭᠡᠷ ᠤᠳᠠᠭ᠎ᠠ ᠶᠢᠨ ᠬᠤᠷᠠᠯ ᠵᠢᠴᠢ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠨᠢᠭᠡᠳᠦᠭᠡᠷ ᠤᠳᠠᠭ᠎ᠠ ᠶᠢᠨ ᠬᠤᠷᠠᠯ ᠢ ᠬᠤᠷᠠᠯᠳᠤᠭᠤᠯᠵᠤ᠂ ᠲᠥᠪ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠬᠤ ᠶᠢᠨ ᠬᠠᠮᠲᠤ ᠠᠵᠢᠯ ᠤᠨ ᠲᠥᠰᠥᠯ ᠢ ᠬᠢᠨᠠᠨ ᠲᠣᠭᠲᠠᠭᠠᠪᠠ᠃ ᠣᠳᠣᠬᠠᠨ ᠪᠣᠯᠲᠠᠯ᠎ᠠ᠂ ᠪᠥᠬᠦ ᠠᠶᠢᠮᠠᠭ ᠤᠨ 13 ᠬᠤᠰᠢᠭᠤ ᠰᠢᠶᠠᠨ ᠬᠤᠲᠠ ᠲᠣᠭᠤᠷᠢᠭ᠂ 69 ᠠᠶᠢᠮᠠᠭ ᠤᠨ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠪᠣᠯᠣᠨ 3788 ᠦᠨᠳᠦᠰᠦᠨ ᠱᠠᠲᠤᠨ ᠤ ᠨᠠᠮ ᠤᠨ ᠡᠭᠦᠷ ᠰᠤᠷᠤᠯᠴᠠᠯᠭ᠎ᠠ ᠬᠥᠮᠦᠵᠢᠯ ᠢ ᠪᠦᠬᠦᠨ ᠢ ᠡᠬᠢᠯᠡᠭᠦᠯᠪᠡ᠃ ᠲᠤᠰ ᠡᠳᠦᠷ᠂ ᠲᠤᠯᠤᠨ ᠨᠤᠤᠷ ᠰᠢᠶᠠᠨ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠵᠢᠴᠢ ᠰᠢᠶᠠᠨ ᠤ ᠨᠠᠮ ᠤᠨ ᠬᠤᠷᠢᠶ᠎ᠠ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠬᠡᠯᠪᠡᠷᠢ ᠪᠠᠷ ᠪᠦᠬᠦ ᠰᠢᠶᠠᠨ ᠤ ᠰᠤᠷᠤᠯᠴᠠᠯᠭ᠎ᠠ ᠬᠥᠮᠦᠵᠢᠯ ᠢ ᠡᠬᠢᠯᠡᠭᠦᠯᠵᠦ᠂ ᠬᠤᠷᠠᠯ ᠳᠡᠭᠡᠷ᠎ᠡ ︽ᠪᠦᠬᠦ ᠨᠠᠮ ᠢᠶᠠᠷ ᠢᠶᠠᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾᠎ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠠᠵᠢᠯ ᠤᠨ ᠲᠥᠰᠥᠯ᠂ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠠᠵᠢᠯ ᠤᠨ ᠲᠣᠬᠢᠷᠠᠭᠤᠯᠤᠯᠲᠠ᠂ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠢ ᠠᠩᠭᠢ ᠶᠢᠨ ᠪᠠᠶᠢᠳᠠᠯ ᠢ ᠬᠢᠨᠠᠨ ᠵᠥᠪᠯᠡᠪᠡ᠃ ᠲᠤᠰ ᠰᠢᠶᠠᠨ ᠰᠤᠷᠤᠯᠴᠠᠬᠤ ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ︽1 ᠳᠡᠪᠲᠡᠷ ᠨᠣᠮ︾᠂ ︽1 ᠲᠣᠭᠲᠠᠭᠠᠯ ᠤᠨ ᠵᠣᠷᠢᠭ ᠰᠠᠨᠠᠭ᠎ᠠ︾᠂ ︽1 ᠲᠤᠷᠰᠢᠯᠭ᠎ᠠ ᠶᠢᠨ ᠳ᠋ᠦᠩᠨᠡᠯᠲᠡ︾ ᠵᠡᠷᠭᠡ 3 ᠭᠤᠣᠯᠳᠠᠯᠭ᠎ᠠ ᠲᠠᠢ ᠰᠤᠷᠤᠯᠴᠠᠬᠤ ᠠᠭᠤᠯᠭ᠎ᠠ ᠶᠢ ᠰᠠᠶᠢᠲᠤᠷ ᠰᠤᠷᠤᠯᠴᠠᠬᠤ ᠪᠠᠷ ᠭᠤᠣᠯᠳᠠᠭᠤᠯᠵᠤ᠂ ᠨᠣᠮ ᠤᠩᠰᠢᠬᠤ ᠠᠩᠭᠢ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠰᠤᠷᠤᠯᠴᠠᠯᠭ᠎ᠠ ᠬᠥᠮᠦᠵᠢᠯ ᠢ ᠡᠳᠦᠷ ᠳᠤᠳᠤᠮ ᠤᠨ ᠠᠵᠢᠯ ᠳᠠᠭᠠᠨ ᠠᠭᠤᠰᠤᠯᠴᠠᠭᠤᠯᠪᠠ᠃          ᠤᠯᠠᠭᠠᠨᠬᠠᠳᠠ ᠬᠤᠲᠠ ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠢ ᠪᠠᠷᠢᠮᠲᠠᠯᠠᠵᠤ᠂ ᠴᠢᠩᠭ᠎ᠠ ᠱᠠᠭᠠᠷᠳᠠᠯᠭ᠎ᠠ ᠪᠠᠷ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠬᠤᠲᠠ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠰᠤᠷᠤᠯᠴᠠᠯᠭ᠎ᠠ ᠬᠥᠮᠦᠵᠢᠯ ᠤᠨ ᠤᠷᠤᠭᠰᠢᠲᠠᠢ ᠡᠬᠢᠯᠡᠵᠦ᠂ ᠯᠠᠪᠳᠠᠭᠤᠨ ᠢᠶᠠᠷ ᠠᠬᠢᠬᠤ ᠶᠢ ᠪᠠᠲᠤᠯᠠᠪᠠ᠃ 3 ᠰᠠᠷ᠎ᠠ ᠶᠢᠨ 19᠎ ᠤ ᠡᠳᠦᠷ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠪᠥᠬᠦ ᠬᠤᠲᠠ ᠶᠢᠨ ᠰᠤᠷᠤᠯᠴᠠᠯᠭ᠎ᠠ ᠬᠥᠮᠦᠵᠢᠯ ᠤᠨ ᠬᠡᠷᠡᠭᠵᠢᠭᠦᠯᠬᠦ ᠲᠥᠰᠥᠯ ᠢ ᠬᠢᠨᠠᠨ ᠵᠥᠪᠯᠡᠵᠦ ᠪᠠᠲᠤᠯᠠᠬᠤ ᠶᠢᠨ ᠬᠠᠮᠲᠤ ᠰᠤᠷᠤᠯᠴᠠᠯᠭ᠎ᠠ ᠬᠥᠮᠦᠵᠢᠯ ᠳᠤ ᠪᠠᠶᠢᠷᠢᠯᠠᠭᠤᠯᠤᠯᠲᠠ ᠬᠢᠪᠡ᠃ 3 ᠰᠠᠷ᠎ᠠ ᠶᠢᠨ 30᠎ ᠠᠴᠠ 31᠎ ᠤ ᠡᠳᠦᠷ ᠪᠣᠯᠲᠠᠯ᠎ᠠ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠶᠢ ᠡᠷᠭᠢᠯᠡᠵᠦ᠂ ᠶᠡᠷᠦᠩᠬᠡᠢ ᠱᠦᠵᠢ ᠰᠢ  ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠪᠠ᠃ ᠣᠳᠣᠬᠠᠨ ᠪᠣᠯᠲᠠᠯ᠎ᠠ᠂ ᠪᠥᠬᠦ ᠬᠤᠲᠠ ᠶᠢᠨ 12 ᠬᠤᠰᠢᠭᠤ ᠰᠢᠶᠠᠨ ᠲᠣᠭᠤᠷᠢᠭ᠂ 124 ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ 3 ᠬᠠᠮᠲᠤ ᠪᠠᠷ ᠬᠠᠮᠢᠶᠠᠷᠴᠤ ᠪᠠᠶᠢᠭ᠎ᠠ ᠶᠡᠭᠡ ᠳᠡᠭᠡᠳᠦ ᠰᠤᠷᠭᠠᠭᠤᠯᠢ᠂ ᠲᠦᠮᠡ ᠭᠠᠷᠤᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠴᠥᠮ ᠰᠤᠷᠤᠯᠴᠠᠯᠭ᠎ᠠ ᠬᠥᠮᠦᠵᠢᠯ ᠢ ᠪᠥᠬᠦ ᠲᠠᠯ᠎ᠠ ᠪᠠᠷ ᠡᠬᠢᠯᠡᠭᠦᠯᠪᠡ᠃ 4 ᠰᠠᠷ᠎ᠠ ᠶᠢᠨ 7᠎ ᠠᠴᠠ 8᠎ ᠤ ᠡᠳᠦᠷ ᠪᠤᠯᠳᠠᠯ᠎ᠠ᠂ ᠯᠢᠨᠰᠢ ᠰᠢᠶᠠᠨ ᠤ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠶᠢ ᠡᠷᠬᠢᠯᠡᠵᠤ᠂ ᠲᠤᠰᠬᠠᠢ ᠰᠡᠳᠦᠪᠲᠦ ᠲᠠᠶᠢᠯᠤᠮᠵᠢ ᠬᠢᠬᠦ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ᠂ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ ᠬᠡᠯᠪᠡᠷᠢ ᠪᠠᠷ ᠰᠤᠷᠤᠯᠴᠠᠯᠭ᠎ᠠ ᠥᠷᠨᠢᠭᠦᠯᠪᠡ᠃ ᠤᠯᠠᠨ ᠢᠶᠠᠷ ᠢᠶᠠᠨ᠂ ᠨᠢᠭᠡ ᠤᠳᠠᠭ᠎ᠠ ᠶᠢᠨ ᠭᠦᠨ ᠭᠦᠨᠵᠡᠭᠡᠢ ᠦᠵᠡᠯ ᠰᠠᠨᠠᠭᠠᠨ ᠤ ᠳᠠᠪᠲᠠᠯᠲᠠ ᠶᠢ ᠮᠡᠳᠡᠷᠡᠵᠦ᠂ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ ᠪᠣᠯᠣᠨ ᠦᠢᠯᠡ ᠠᠵᠢᠯᠯᠠᠭ᠎ᠠ ᠶᠢᠨ ᠤᠬᠠᠮᠰᠠᠷ ᠢᠯᠡᠳᠲᠡ ᠴᠢᠩᠭᠠᠷᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠡᠷᠴᠢ ᠵᠣᠷᠢᠭ ᠢᠶᠠᠨ ᠤᠯᠠᠮ ᠪᠠᠲᠤᠳᠬᠠᠵᠤ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠡᠭᠦᠷᠭᠡ ᠯᠢᠨᠰᠢ ᠳᠤ ᠨᠡᠩ ᠶᠡᠭᠡ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠨ᠎ᠠ ᠭᠡᠵᠦ ᠢᠯᠡᠳᠬᠡᠵᠡᠭᠡᠪᠡ᠃          ᠤᠯᠠᠭᠠᠨᠴᠠᠪ ᠬᠤᠳᠠ ᠰᠤᠷᠤᠯᠴᠠᠯᠭ᠎ᠠ ᠬᠥᠮᠦᠵᠢᠯ ᠢ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠪᠣᠯᠭᠠᠵᠤ᠂ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠠᠳᠬᠤᠪᠠ᠃ 3 ᠰᠠᠷ᠎ᠠ ᠶᠢᠨ 21᠎ ᠤ ᠡᠳᠦᠷ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠥᠰᠥᠯ ᠢ ᠬᠢᠨᠠᠨ ᠵᠥᠪᠯᠡᠵᠦ ᠪᠠᠲᠤᠯᠠᠭᠰᠠᠨ ᠪᠥᠭᠡᠳ ᠬᠤᠲᠠ ᠶᠢᠨ ᠨᠠᠮ ᠤᠨ ᠬᠤᠷᠢᠶ᠎ᠠ ᠶᠢᠨ ᠠᠯᠪᠠᠨ ᠭᠡᠷ ᠤᠨ ᠨᠡᠷ᠎ᠡ ᠪᠠᠷ ᠳᠠᠷᠤᠮᠠᠯᠯᠠᠨ ᠲᠠᠷᠬᠠᠭᠠᠵᠤ᠂ ᠪᠥᠬᠦ ᠬᠤᠲᠠ ᠶᠢᠨ ᠰᠤᠷᠤᠯᠴᠠᠯᠭ᠎ᠠ ᠬᠥᠮᠦᠵᠢᠯ ᠢ ᠵᠢᠩᠬᠢᠨᠢ ᠪᠠᠷ ᠡᠬᠢᠯᠡᠭᠦᠯᠪᠡ᠃ ᠨᠢᠭᠡ ᠨᠢᠭᠡ ᠪᠠᠷ ᠵᠢᠭᠠᠨ ᠵᠢᠯᠤᠭᠤᠳᠴᠤ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠵᠢᠴᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠱᠠᠯᠠᠪᠳᠠᠭᠤᠯᠤᠨ ᠱᠠᠭᠠᠷᠳᠠᠵᠤ᠂ ᠬᠦᠯᠢᠶᠡᠬᠦ ᠦᠭᠡᠢ ᠲᠦᠰᠢᠭᠯᠡᠬᠦ ᠦᠭᠡᠢ ᠪᠠᠷ ᠰᠤᠷᠤᠯᠴᠠᠯᠭ᠎ᠠ ᠬᠥᠮᠦᠵᠢᠯ ᠢ ᠵᠡᠷᠭᠡ ᠪᠠᠷ ᠡᠬᠢᠯᠡᠭᠦᠯᠪᠡ᠃ ᠲᠣᠰ ᠬᠤᠲᠠ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠶᠢᠨ ᠳᠠᠪᠬᠤᠷᠭ᠎ᠠ ᠳᠤ᠂ ᠵᠢᠨᠢᠩ ᠤᠨ ᠪᠠᠭᠰᠢ ᠶᠢᠨ ᠳᠡᠭᠡᠳᠦ ᠰᠤᠷᠭᠠᠭᠤᠯᠢ᠂ ᠤᠯᠠᠭᠠᠨᠴᠠᠪ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠ ᠤᠯᠠᠭᠠᠨᠴᠠᠪ ᠤᠨ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠵᠡᠷᠭᠡ 3 ᠶᠡᠭᠡ ᠳᠡᠭᠡᠳᠦ ᠰᠤᠷᠭᠠᠭᠤᠯᠢ 3 ᠰᠠᠷ᠎ᠠ ᠶᠢᠨ 25᠎ ᠤ ᠡᠳᠦᠷ ᠠᠴᠠ ᠡᠮᠦᠨ᠎ᠡ ᠰᠤᠷᠤᠯᠴᠠᠯᠭ᠎ᠠ ᠪᠠᠨ ᠡᠬᠢᠯᠡᠭᠦᠯᠪᠡ︔ ᠬᠤᠰᠢᠭᠤ ᠰᠢᠶᠠᠨ᠂ ᠬᠤᠲᠠ ᠶᠢᠨ ᠰᠢᠭᠤᠳ ᠬᠠᠷᠢᠶ᠎ᠠ ᠨᠢᠭᠡᠴᠢ ᠶᠢᠨ ᠳᠠᠪᠬᠤᠷᠭ᠎ᠠ ᠳᠤ᠂ 11 ᠬᠤᠰᠢᠭᠤ ᠰᠢᠶᠠᠨ ᠬᠤᠲᠠ ᠲᠣᠭᠤᠷᠢᠭ ᠨᠢ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠪᠤᠶᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ ᠰᠤᠷᠤᠯᠴᠠᠯᠭ᠎ᠠ ᠬᠥᠮᠦᠵᠢᠯ ᠢ ᠡᠬᠢᠯᠡᠭᠦᠯᠵᠦ᠂ 92 ᠬᠤᠲᠠ ᠶᠢᠨ ᠰᠢᠭᠤᠳ ᠬᠠᠷᠢᠶ᠎ᠠ ᠨᠢᠭᠡᠴᠢ ᠶᠢᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶᠎ ᠤᠨ ᠬᠢᠨ 3 ᠰᠠᠷ᠎ᠠ ᠶᠢᠨ ᠡᠴᠦᠰ ᠠᠴᠠ ᠡᠮᠦᠨ᠎ᠡ ᠪᠦᠬᠦᠨ ᠢ ᠡᠬᠢᠯᠡᠭᠦᠯᠵᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ᠂ ᠪᠦᠬᠦ ᠬᠤᠲᠠ ᠶᠢᠨ 5926 ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ︵92 ᠰᠤᠮᠤ ᠰᠢᠶᠠᠩ ᠪᠠᠯᠭᠠᠰᠤ ᠶᠢ ᠪᠠᠭᠲᠠᠭᠠᠨ᠎ᠠ︶᠂ 13 ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ 3 ᠰᠠᠷ᠎ᠠ ᠶᠢᠨ ᠡᠴᠦᠰ ᠠᠴᠠ ᠡᠮᠦᠨ᠎ᠡ ᠪᠦᠬᠦᠨ ᠢ ᠡᠬᠢᠯᠡᠭᠦᠯᠵᠡᠢ᠃ 3 ᠰᠠᠷ᠎ᠠ ᠶᠢᠨ 31᠎ ᠠᠴᠠ 4 ᠰᠠᠷ᠎ᠠ ᠶᠢᠨ 1᠎ ᠤ ᠡᠳᠦᠷ ᠪᠣᠯᠲᠠᠯ᠎ᠠ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠵᠦ᠂ ᠪᠥᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠺᠠᠳ᠋ᠷᠴᠤᠳ ᠤᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠶᠢ ᠵᠢᠱᠢᠶ᠎ᠡ ᠦᠵᠡᠭᠦᠯᠦᠨ ᠳᠠᠶᠢᠴᠢᠯᠠᠪᠠ᠃ 4 ᠰᠠᠷ᠎ᠠ ᠶᠢᠨ 7᠎ ᠤ ᠡᠳᠦᠷ ᠪᠣᠯᠲᠠᠯ᠎ᠠ᠂ ᠪᠥᠬᠦ ᠬᠤᠲᠠ ᠶᠢᠨ 11 ᠬᠤᠰᠢᠭᠤ ᠰᠢᠶᠠᠨ ᠬᠤᠲᠠ ᠲᠣᠭᠤᠷᠢᠭ᠂ 58 ᠬᠤᠲᠠ ᠶᠢᠨ ᠰᠢᠭᠤᠳ ᠬᠠᠷᠢᠶ᠎ᠠ ᠨᠢᠭᠡᠴᠢ ᠶᠢᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠨᠢᠭᠡᠨᠲᠡ ᠨᠣᠮ ᠤᠩᠰᠢᠬᠤ ᠠᠩᠭᠢ ᠡᠷᠭᠢᠯᠡᠭᠰᠡᠨ ᠪᠠᠶᠢᠨ᠎ᠠ᠃          ᠠᠯᠠᠱᠠ ᠠᠶᠢᠮᠠᠭ ᠨᠠᠷᠢᠨ ᠬᠢᠨᠠᠮᠠᠭᠠᠢ ᠲᠥᠯᠥᠪᠵᠢᠭᠦᠯᠦᠨ ᠲᠣᠬᠢᠷᠠᠭᠤᠯᠵᠤ᠂ ᠲᠦᠷᠭᠡᠨ ᠪᠠᠶᠢᠷᠢᠯᠠᠭᠤᠯᠤᠨ ᠨᠠᠶᠢᠳᠠᠪᠤᠷᠢᠵᠢᠭᠤᠯᠪᠠ᠃ 3 ᠰᠠᠷ᠎ᠠ ᠶᠢᠨ 26᠎ ᠠᠴᠠ 27᠎ ᠤ ᠡᠳᠦᠷ ᠪᠣᠯᠲᠠᠯ᠎ᠠ᠂ ᠠᠯᠠᠱᠠ ᠠᠶᠢᠮᠠᠭ ᠤᠨ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠵᠦ᠂ ᠣᠯᠠᠨ ᠢᠶᠠᠷ ᠢᠶᠠᠨ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ᠂ ᠰᠡᠷᠡᠮᠵᠢᠯᠡᠭᠦᠯᠬᠦ ᠬᠥᠮᠦᠵᠢᠯ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠳᠡᠭᠡᠷ᠎ᠡ ᠱᠠᠲᠤ ᠨᠢ ᠳᠣᠣᠷ᠎ᠠ ᠱᠠᠲᠤ ᠪᠠᠨ ᠳᠠᠭᠠᠭᠤᠯᠤᠨ ᠵᠢᠱᠢᠶ᠎ᠡ ᠦᠵᠡᠭᠦᠯᠦᠨ ᠪᠥᠬᠦ ᠠᠶᠢᠮᠠᠭ ᠤᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠳᠠᠶᠢᠴᠢᠯᠠᠪᠠ᠃ ᠲᠤᠰ ᠠᠶᠢᠮᠠᠭ ᠤᠨ ᠡᠯ᠎ᠡ ᠬᠤᠰᠢᠭᠤ ᠲᠣᠭᠤᠷᠢᠭ ᠤᠨ ᠨᠠᠮ ︵ᠠᠵᠢᠯ︶᠎ ᠤᠨ ᠬᠤᠷᠢᠶ᠎ᠠ ᠬᠠᠮᠲᠤ ᠪᠠᠷ ᠨᠢᠭᠡ ᠭᠦᠭ ᠠᠶᠠᠰ ᠢᠶᠠᠷ ᠵᠣᠬᠢᠴᠠᠭᠤᠯᠤᠨ ᠬᠥᠳᠡᠯᠦᠯᠴᠡᠵᠦ᠂ ᠰᠤᠷᠤᠯᠴᠠᠯᠭ᠎ᠠ ᠬᠥᠮᠦᠵᠢᠯ ᠢ ᠵᠡᠷᠭᠡ ᠪᠠᠷ ᠠᠬᠢᠭᠤᠯᠪᠠ᠃ ᠠᠶᠢᠮᠠᠭ ᠤᠨ ᠰᠢᠭᠤᠳ ᠬᠠᠷᠢᠶ᠎ᠠ ᠡᠯ᠎ᠡ ᠨᠢᠭᠡᠴᠢ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶᠎ ᠤᠨ ᠬᠤᠷᠠᠯ᠂ ︽ᠭᠤᠷᠪᠠᠨ ᠬᠤᠷᠠᠯ ᠨᠢᠭᠡ ᠬᠢᠴᠢᠶᠡᠯ︾ ᠵᠡᠷᠭᠡ ᠬᠡᠯᠪᠡᠷᠢ ᠪᠠᠷ ᠳᠠᠮᠵᠢᠨ᠂ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠨᠠᠶᠢᠳᠠᠪᠤᠷᠢᠵᠢᠭᠤᠯᠵᠤ᠂ ᠪᠥᠬᠦ ᠠᠶᠢᠮᠠᠭ ᠤᠨ ᠰᠤᠷᠤᠯᠴᠠᠯᠭ᠎ᠠ ᠬᠥᠮᠦᠵᠢᠯ ᠤᠨ ᠰᠠᠶᠢᠨ ᠡᠬᠢᠯᠡᠯᠲᠡ ᠲᠠᠢ ᠪᠣᠯᠬᠤ ᠶᠢ ᠦᠨᠡᠨ ᠬᠦ ᠪᠠᠲᠤᠯᠠᠪᠠ᠃ ᠣᠳᠣᠬᠠᠨ ᠪᠣᠯᠲᠠᠯ᠎ᠠ᠂ ᠪᠥᠬᠦ ᠠᠶᠢᠮᠠᠭ ᠤᠨ 6 ᠬᠤᠰᠢᠭᠤ ᠲᠣᠭᠤᠷᠢᠭ᠂ 67 ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠢ᠂ 38 ᠰᠤᠮᠤ ᠪᠠᠯᠭᠠᠰᠤ ︵ᠵᠡᠭᠡᠯᠢ ᠭᠤᠳᠤᠮᠵᠢ︶᠂ ᠪᠣᠶ ᠪᠦᠬᠦᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠴᠥᠮ ᠰᠤᠷᠤᠯᠴᠠᠯᠭ᠎ᠠ ᠬᠥᠮᠦᠵᠢᠯ ᠤᠨ ᠠᠵᠢᠯ ᠢ ᠪᠠᠶᠢᠷᠢᠯᠠᠭᠤᠯᠪᠠ᠃ 3 ᠰᠠᠷ᠎ᠠ ᠶᠢᠨ 31᠎ ᠤ ᠡᠳᠦᠷ᠂ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠤᠯᠠᠭᠠᠨᠪᠤᠬ᠎ᠠ ᠶᠢᠨ ᠵᠢᠱᠢᠶ᠎ᠡ ᠦᠵᠡᠭᠦᠯᠬᠦ ᠲᠣᠭᠤᠷᠢᠭ ᠰᠤᠷᠤᠯᠴᠠᠯᠭ᠎ᠠ ᠬᠥᠮᠦᠵᠢᠯ ᠤᠨ ᠪᠣᠯᠪᠠᠰᠤᠷᠠᠯ ᠡᠷᠭᠢᠯᠡᠵᠦ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢ ᠤᠷᠢᠵᠤ ︽ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠶ᠎ᠠ︾ ᠭᠡᠬᠦ ᠰᠡᠳᠦᠪ ᠢᠶᠠᠷ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠯᠭᠡᠵᠦ᠂ ᠨᠠᠮ ᠤᠨ ᠭᠡᠰᠢᠭᠦᠨ ᠺᠠᠳ᠋ᠷᠴᠤᠳ ᠤᠨ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠦᠵᠡᠯ ᠰᠠᠨᠠᠭᠠᠨ ᠤ ᠤᠬᠠᠮᠰᠠᠷ ᠢᠶᠠᠨ ᠳᠡᠭᠡᠭᠰᠢᠯᠡᠭᠦᠯᠦᠨ᠂ ᠪᠣᠳᠠᠲᠤ ᠠᠵᠢᠯᠯᠠᠭ᠎ᠠ ᠪᠠᠷ ᠢᠶᠠᠨ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠵᠤ᠂ ᠦᠨᠡᠨ ᠬᠦ ᠣᠯᠠᠨ ᠲᠦᠮᠡᠨ ᠢ ᠬᠠᠨᠤᠮᠵᠢᠲᠠᠶ ᠪᠠᠶᠢᠯᠭᠠᠬᠤ᠂ ᠵᠣᠬᠢᠶᠠᠨ ᠪᠠᠶᠢᠭᠤᠯᠤᠯᠲᠠ ᠶᠢ ᠰᠠᠨᠠᠭ᠎ᠠ ᠠᠮᠤᠷ ᠪᠠᠶᠢᠯᠭᠠᠬᠤ᠂ ᠰᠢᠯᠢᠳᠡᠭ ᠰᠤᠷᠲᠠᠯ ᠢᠶᠠᠷ ᠰᠤᠷᠲᠠᠯ ᠴᠢᠬᠡᠴᠢ ᠣᠪᠣᠷ ᠲᠥᠪ ᠠᠵᠢᠯ ᠬᠢᠵᠦ ᠦᠢᠯᠡᠰ ᠪᠣᠰᠬᠠᠬᠤ ᠠᠭᠤᠷ ᠠᠮᠢᠰᠬᠤᠯ ᠢ ᠪᠣᠶ ᠪᠣᠯᠭᠠᠬᠤ ᠶᠢ ᠵᠣᠷᠢᠪᠠ᠃          ᠬᠥᠯᠥᠨ ᠪᠤᠶᠢᠷ ᠬᠤᠲᠠ ᠨᠠᠷᠢᠨ ᠨᠢᠮᠪᠠᠢ ᠲᠥᠯᠥᠪᠵᠢᠭᠦᠯᠦᠨ ᠪᠠᠶᠢᠷᠢᠯᠠᠭᠤᠯᠵᠤ᠂ ︽ᠰᠤᠷᠤᠯᠴᠠᠬᠤ︾᠎ ᠶᠢ ᠢᠮᠠᠭᠲᠠ ᠲᠤᠭᠤᠰᠢᠯᠠᠭᠤᠯᠪᠠ᠃ ᠳᠡᠭᠡᠷ᠎ᠡ ᠱᠠᠲᠤ ᠨᠢ ᠳᠣᠣᠷ᠎ᠠ ᠱᠠᠲᠤ ᠪᠠᠨ ᠳᠠᠶᠢᠴᠢᠯᠠᠬᠤ ᠶᠢ ᠪᠠᠷᠢᠮᠲᠠᠯᠠᠵᠤ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠪᠦᠬᠦ ᠬᠤᠲᠠ ᠶᠢᠨ ᠭᠠᠵᠠᠷ ᠤᠨ ᠳᠡᠰ ᠠᠴᠠ ᠳᠡᠭᠡᠭᠰᠢᠬᠢ ᠤᠳᠤᠷᠢᠳᠬᠤ ᠪᠠᠭ ᠢ ᠵᠢᠱᠢᠶ᠎ᠡ ᠦᠵᠡᠭᠦᠯᠦᠨ ᠳᠠᠶᠢᠴᠢᠯᠠᠵᠤ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠶᠢᠨ ᠬᠤᠷᠠᠯ᠂ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ᠂ ᠨᠣᠮ ᠤᠩᠰᠢᠬᠤ ᠠᠩᠭᠢ ᠡᠷᠬᠢᠯᠡᠬᠦ᠂ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ ᠵᠡᠷᠭᠡ ᠠᠷᠭ᠎ᠠ ᠬᠡᠯᠪᠡᠷᠢ ᠶᠢ ᠥᠷᠭᠡᠨ ᠢᠶᠠᠷ ᠠᠪᠴᠤ᠂ ︽ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠥᠭᠦᠯᠡᠯᠲᠡ ᠶᠢᠨ ᠲᠡᠭᠦᠪᠦᠷᠢ︾᠎ ᠶᠢ ᠨᠠᠷᠢᠨ ᠬᠢᠨᠠᠮᠠᠭᠠᠢ ᠰᠤᠳᠤᠯᠤᠨ ᠤᠩᠰᠢᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢᠨ ᠤᠭ ᠵᠣᠬᠢᠶᠠᠯ ᠢ ᠰᠤᠷᠤᠯᠴᠠᠪᠠ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠠᠵᠢᠯ ᠤᠨ ᠪᠣᠳᠠᠲᠤ ᠪᠠᠶᠢᠳᠠᠯ ᠪᠣᠯᠣᠨ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ᠂ ᠢᠯᠠᠩᠭᠤᠶ᠎ᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ︽ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ︾ ᠲᠤᠬᠠᠢ ᠴᠢᠬᠤᠯᠠ ᠱᠠᠭᠠᠷᠳᠠᠯᠭ᠎ᠠ ᠶᠢᠨ ᠲᠣᠭᠤᠷᠢᠨ ᠳᠤ ᠰᠤᠳᠤᠯᠤᠨ ᠶᠠᠷᠢᠯᠴᠠᠵᠤ᠂ ᠰᠤᠷᠤᠯᠴᠠᠯᠭ᠎ᠠ ᠶᠢᠨ ᠳᠤᠮᠳᠠ ᠠᠴᠠ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠠᠷᠭ᠎ᠠ ᠶᠢ ᠬᠡᠷᠡᠭᠯᠡᠪᠡ᠃ ᠬᠤᠲᠠ ᠶᠢᠨ ᠰᠢᠭᠤᠳ ᠬᠠᠷᠢᠶ᠎ᠠ ᠡᠯ᠎ᠡ ᠨᠠᠮ ︵ᠠᠵᠢᠯ︶᠎ ᠤᠨ ᠬᠤᠷᠢᠶ᠎ᠠ ᠶᠢᠨ ᠬᠢᠨ ᠪᠠᠶᠢᠭᠤᠯᠭ᠎ᠠ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠣᠢ ᠰᠢᠭᠤᠢ ᠡᠪᠡᠰᠦ ᠪᠡᠯᠴᠢᠭᠡᠷ᠂ ︽ᠬᠤᠶᠠᠷ ᠰᠢᠨ᠎ᠡ︾ ᠵᠣᠬᠢᠶᠠᠨ ᠪᠠᠶᠢᠭᠤᠯᠤᠯᠲᠠ ᠵᠡᠷᠭᠡ ᠠᠳᠠᠯᠢ ᠪᠤᠰᠤ ᠬᠦᠷᠢᠶᠡᠨ ᠤ ᠣᠨᠴᠠᠯᠢᠭ ᠪᠠ ᠠᠵᠢᠯ ᠤᠨ ᠪᠣᠳᠠᠲᠤ ᠪᠠᠶᠢᠳᠠᠯ ᠳᠤ ᠴᠢᠭᠯᠡᠭᠦᠯᠦᠨ᠂ ᠭᠤᠣᠯᠳᠠᠯᠭ᠎ᠠ ᠲᠠᠢ ᠰᠤᠷᠤᠯᠴᠠᠯᠭ᠎ᠠ ᠶᠢ ᠬᠠᠨᠳᠤᠯᠭᠠᠲᠤ ᠴᠢᠨᠠᠷᠲᠠᠢ ᠪᠠᠷ ᠴᠢᠩᠭᠠᠳᠬᠠᠵᠤ᠂ ᠰᠢᠨ᠎ᠡ ᠪᠠᠷ ᠳᠡᠪᠰᠢᠭᠦᠯᠦᠭᠰᠡᠨ ᠺᠠᠳ᠋ᠷ᠂ ᠵᠠᠯᠠᠭᠤ ᠺᠠᠳ᠋ᠷ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠺᠠᠳ᠋ᠷ ᠤᠨ ᠰᠤᠷᠤᠯᠴᠠᠯᠭ᠎ᠠ ᠬᠥᠮᠦᠵᠢᠯ ᠢ ᠲᠣᠪᠣᠶᠢᠮ᠎ᠠ ᠰᠠᠶᠢᠲᠤᠷ ᠠᠳᠬᠤᠪᠠ᠃ ᠪᠣᠳᠠᠲᠠᠢ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠡᠭ ᠣᠯᠠᠨ᠂ ᠱᠤᠭᠤᠮ ᠣᠷᠳᠣ᠂ ᠬᠡᠪᠴᠢᠶ᠎ᠡ ᠥᠷᠭᠡᠨ᠂ ᠲᠥᠷᠥᠯ ᠬᠡᠯᠪᠡᠷᠢ ᠣᠯᠠᠨ ᠪᠠᠶᠢᠬᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠤᠯᠠᠭᠠᠨ ᠪᠠᠬᠢᠯᠡᠯᠲᠡ ᠶᠢᠨ ᠡᠷᠦᠬᠡ︾᠂ ︽ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ︾᠂ ︽ᠲᠠᠯ᠎ᠠ ᠨᠤᠲᠤᠭ ᠤᠨ ᠬᠤᠰᠢᠭᠤᠴᠢ ᠯᠧᠺᠲ᠋ᠣᠷ ᠤᠨ ᠪᠦᠯᠬᠦᠮ︾᠎ ᠤᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠤᠯᠴᠠᠯᠭ᠎ᠠ ᠶᠢ ᠭᠡᠷ ᠲᠤᠨᠢ ᠬᠦᠷᠭᠡᠬᠦ᠂ ᠬᠠᠪᠰᠤᠷᠤᠯᠴᠠᠭ᠎ᠠ ᠪᠠᠶᠢᠭᠤᠯᠤᠨ ᠰᠤᠷᠤᠯᠴᠠᠬᠤ ᠵᠡᠷᠭᠡ ᠠᠮᠢᠳᠤᠯᠢᠭ ᠪᠦᠲᠦᠮᠵᠢᠲᠡᠶ ᠠᠷᠭ᠎ᠠ ᠬᠡᠯᠪᠡᠷᠢ ᠪᠠᠷ ᠳᠠᠮᠵᠢᠨ ᠥᠷᠭᠡᠨ ᠣᠯᠠᠨ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠨ ᠰᠤᠷᠤᠯᠴᠠᠯᠭ᠎ᠠ ᠬᠥᠮᠦᠵᠢᠯ ᠤᠨ ᠪᠥᠬᠦ ᠶᠠᠪᠤᠴᠠ ᠳᠤ ᠣᠷᠣᠯᠴᠠᠭᠤᠯᠵᠤ᠂ ᠰᠤᠷᠤᠯᠴᠠᠯᠭ᠎ᠠ ︽ᠲᠠᠰᠤᠯᠳᠠᠬᠤ ᠦᠭᠡᠢ︾᠂ ᠦᠵᠡᠯ ᠰᠠᠨᠠᠭ᠎ᠠ ︽ᠡᠩᠨᠡᠭᠡ ᠠᠴᠠ ᠬᠤᠴᠣᠷᠬᠤ ᠦᠭᠡᠢ︾ ᠪᠠᠶᠢᠬᠤ ᠶᠢ ᠦᠨᠡᠨ ᠬᠦ ᠪᠠᠲᠤᠯᠠᠵᠤ ᠪᠤᠢ᠃          ᠦᠬᠠᠢ ᠬᠤᠲᠠ 3 ᠰᠠᠷ᠎ᠠ ᠶᠢᠨ 20᠎ ᠤ ᠡᠳᠦᠷ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ 2 ᠳ᠋ᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠵᠤ᠂ ︽ᠪᠥᠬᠦ ᠬᠤᠲᠠ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠥᠷᠨᠢᠭᠦᠯᠬᠦ ᠲᠤᠬᠠᠢ ᠠᠵᠢᠯ ᠤᠨ ᠲᠥᠰᠥᠯ︾ ᠢ ᠬᠢᠨᠠᠨ ᠵᠥᠪᠯᠡᠵᠦ ᠪᠠᠲᠤᠯᠠᠪᠠ᠃ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠰᠤᠷᠤᠯᠴᠠᠯᠭ᠎ᠠ ᠰᠤᠳᠤᠯᠤᠨ ᠶᠠᠷᠢᠯᠴᠠᠯᠭ᠎ᠠ ᠶᠢ ᠢᠮᠠᠭᠲᠠ ᠲᠤᠭᠤᠰᠢᠯᠠᠭᠤᠯᠬᠤ ᠶᠢ ᠪᠠᠷᠢᠮᠲᠠᠯᠠᠵᠤ᠂ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠬᠤ ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠲᠤᠰᠬᠠᠢ ᠰᠡᠳᠦᠪᠲᠦ ᠨᠣᠮ ᠤᠩᠰᠢᠬᠤ ᠠᠩᠭᠢ ᠶᠢ ᠰᠠᠶᠢᠲᠤᠷ ᠡᠷᠬᠢᠯᠡᠵᠦ᠂ ᠦᠨᠳᠦᠰᠦᠨ ᠪᠣᠯᠪᠠᠰᠤᠷᠠᠯ ᠢ ᠰᠠᠶᠢᠲᠤᠷ ᠥᠷᠨᠢᠭᠦᠯᠵᠦ᠂ ᠰᠤᠷᠲᠠᠯ ᠤᠨ ᠪᠠᠶᠢᠭᠤᠯᠤᠯᠲᠠ ᠶᠢᠨ ᠦᠵᠡᠯ ᠰᠠᠨᠠᠭᠠᠨ ᠤ ᠰᠠᠭᠤᠷᠢ ᠶᠢ ᠦᠨᠡᠨ ᠬᠦ ᠪᠠᠬᠢᠵᠢᠭᠦᠯᠪᠡ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠨ ᠨᠠᠮ ᠤᠨ ᠡᠭᠦᠷ ᠢᠶᠠᠷ ᠨᠢᠭᠡᠴᠢ ᠪᠣᠯᠭᠠᠨ᠂ ︽ᠭᠤᠷᠪᠠᠨ ᠬᠤᠷᠠᠯ ᠨᠢᠭᠡ ᠬᠢᠴᠢᠶᠡᠯ︾ ᠵᠡᠷᠭᠡ ᠳᠦᠷᠢᠮ ᠢ ᠭᠦᠢᠴᠡᠳ ᠬᠡᠷᠡᠭᠯᠡᠵᠦ᠂ ᠪᠦᠬᠦ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠲᠥᠪᠯᠡᠷᠡᠭᠦᠯᠦᠨ ᠰᠤᠷᠤᠯᠴᠠᠬᠤ᠂ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ᠂ ᠨᠠᠮ ᠤᠨ ᠡᠭᠦᠷ ᠤᠨ ᠱᠦᠵᠢ ᠨᠠᠮ ᠤᠨ ᠬᠢᠴᠢᠶᠡᠯ ᠣᠷᠣᠬᠤ ᠠᠵᠢᠯᠯᠠᠭ᠎ᠠ ᠥᠷᠨᠢᠭᠦᠯᠪᠡ᠃ ᠠᠰᠠᠭᠤᠳᠠᠯ ᠢ ᠪᠠᠶᠢᠴᠠᠭᠠᠨ ᠳᠡᠯᠭᠡᠬᠦ ᠶᠢ ᠢᠮᠠᠭᠲᠠ ᠲᠤᠭᠤᠰᠢᠯᠠᠭᠤᠯᠵᠤ᠂ ᠳᠡᠭᠡᠷ᠎ᠡ ᠱᠠᠲᠤ ᠨᠢ ᠳᠣᠣᠷ᠎ᠠ ᠱᠠᠲᠤ ᠪᠠᠨ ᠳᠠᠶᠢᠴᠢᠯᠠᠬᠤ ᠶᠢ ᠪᠠᠷᠢᠮᠲᠠᠯᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ᠂ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠵᠡᠷᠭᠡ 7 ᠵᠦᠢᠯ ᠤᠨ ᠠᠷᠭ᠎ᠠ ᠵᠠᠮ ᠢ ᠭᠦᠢᠴᠡᠳ ᠬᠡᠷᠡᠭᠯᠡᠵᠦ᠂ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠬᠤᠷᠢᠶᠠᠬᠤ ᠪᠠ ᠡᠰᠡᠷᠭᠦ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠶ᠊ ᠡᠶ᠎ᠡ ᠶᠢ ᠵᠠᠳᠠᠯᠬᠤ ᠬᠤᠶᠠᠷ ᠵᠦᠢᠯ ᠲᠠᠢ ᠤᠶᠠᠯᠳᠤᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠪᠠᠶᠢᠴᠠᠭᠠᠨ ᠡᠷᠢᠪᠡ᠃ ᠠᠰᠠᠭᠤᠳᠠᠯ ᠢ ᠴᠡᠭᠴᠡᠯᠡᠨ ᠵᠠᠰᠠᠬᠤ ᠶᠢ ᠢᠮᠠᠭᠲᠠ ᠲᠤᠭᠤᠰᠢᠯᠠᠭᠤᠯᠬᠤ ᠶᠢ ᠪᠠᠷᠢᠮᠲᠠᠯᠠᠵᠤ᠂ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠪᠠᠶᠢᠴᠠᠭᠠᠬᠤ ᠶᠢᠨ ᠳᠠᠭᠠᠤ ᠰᠠᠶᠢᠵᠢᠷᠠᠭᠤᠯᠵᠤ᠂ ᠲᠥᠪ ᠠᠴᠠ ᠵᠢᠭᠰᠠᠭᠠᠭᠰᠠᠨ 11 ᠲᠠᠯ᠎ᠠ ᠶᠢᠨ ᠴᠡᠭᠴᠡᠯᠡᠨ ᠵᠠᠰᠠᠬᠤ ᠠᠭᠤᠯᠭ᠎ᠠ ᠲᠠᠢ ᠤᠶᠠᠯᠳᠤᠭᠤᠯᠤᠨ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠲᠦᠷᠦᠯ ᠬᠤᠪᠢᠶᠠᠨ ᠥᠷᠨᠢᠭᠦᠯᠪᠡ᠃ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠡᠭᠦᠳᠡ ᠪᠠᠨ ᠨᠡᠭᠡᠭᠡᠵᠦ ᠬᠥᠮᠦᠵᠢᠯ ᠬᠢᠬᠦ ᠶᠢ ᠢᠮᠠᠭᠲᠠ ᠲᠤᠭᠤᠰᠢᠯᠠᠭᠤᠯᠵᠤ᠂ ᠤᠯᠠᠨ ᠲᠦᠮᠡᠨ ᠤ ᠰᠠᠨᠠᠯ ᠢ ᠰᠠᠨᠠᠭᠠᠴᠢᠯᠠᠭ᠎ᠠ ᠠᠴᠠ ᠪᠠᠨ ᠰᠣᠨᠣᠰᠴᠤ᠂ ᠤᠯᠠᠨ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠦᠴᠦᠯᠡᠨ ᠰᠢᠢᠳᠪᠦᠷᠢᠯᠡᠵᠦ᠂ ᠠᠷᠠᠳ ᠤᠯᠠᠨ ᠳᠤ ᠰᠤᠷᠤᠯᠴᠠᠯᠭ᠎ᠠ ᠬᠥᠮᠦᠵᠢᠯ ᠤᠨ ᠠᠪᠴᠢᠷᠠᠭᠰᠠᠨ ᠰᠢᠨ᠎ᠡ ᠬᠤᠪᠢᠷᠠᠯᠲᠠ ᠪᠠᠶᠢᠳᠠᠯ ᠢ ᠦᠨᠡᠨ ᠬᠦ ᠮᠡᠳᠡᠷᠡᠭᠦᠯᠪᠡ᠃ ᠦᠷ᠎ᠡ ᠪᠦᠲᠦᠭᠡᠯ ᠢ ᠪᠠᠬᠢᠵᠢᠭᠦᠯᠬᠦ ᠶᠢ ᠢᠮᠠᠭᠲᠠ ᠲᠤᠭᠤᠰᠢᠯᠠᠭᠤᠯᠬᠤ ᠶᠢ ᠪᠠᠷᠢᠮᠲᠠᠯᠠᠵᠤ᠂ ᠳᠦᠷᠢᠮ ᠲᠣᠭᠲᠠᠭᠠᠯ ᠲᠣᠭᠲᠠᠭᠠᠬᠤ ᠶᠢ ᠪᠣᠳᠠᠲᠠᠢ ᠠᠳᠬᠤᠵᠤ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠴᠢᠩᠭᠠᠳᠬᠠᠵᠤ᠂ ᠰᠤᠷᠲᠠᠯ ᠤᠨ ᠪᠠᠶᠢᠭᠤᠯᠤᠯᠲᠠ ᠶᠢᠨ ᠪᠠᠶᠢᠩᠭᠤ ᠶᠢᠨ ᠪᠥᠭᠡᠳ ᠤᠷᠲᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠠᠬᠢᠭᠤᠯᠪᠠ᠃
ᠢᠷᠡᠯᠲᠡ᠄ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ