ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠵᠢᠯᠴᠢᠨ | ᠲᠠᠷᠢᠶᠠᠴᠢᠨ ᠰᠡᠬᠡᠭᠡᠲᠡᠨ ᠪᠣᠯᠣᠨ ᠪᠤᠰᠤᠳ ᠬᠥᠳᠡᠯᠮᠦᠷᠢᠴᠢᠨ ᠲᠦᠮᠡᠨ᠂ ᠡᠯ᠎ᠡ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠣᠨ ᠠᠵᠢᠯᠴᠢᠨ ᠤ | ᠡᠪᠯᠡᠯ ᠤᠨ ᠪᠦᠭᠦ ᠠᠵᠢᠯᠲᠠᠨ ᠳᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ︕ ᠬᠥᠬᠢᠭᠦᠯᠦᠨ ᠰᠠᠶᠢᠰᠢᠶᠠᠭᠳᠠᠭᠰᠠᠨ ᠪᠦᠭᠦ ᠤᠯᠤᠰ ᠤᠨ ᠭᠦᠳᠡᠯᠮᠦᠷᠢ ᠶᠢᠨ | ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ︕ | ᠯᠢ ᠴᠢᠶᠠᠩ ᠬᠤᠷᠠᠯ ᠢ ᠡᠷᠭᠢᠯᠡᠵᠦ ᠵᠣᠣ ᠯᠧ ᠵᠢᠢ ᠸᠠᠩ ᠬᠤ᠋ ᠨᠢᠩ ᠳ᠋ᠢᠩ ᠰᠢᠤᠸᠠᠢ ᠰᠢᠶᠠᠩ ᠯᠢ ᠰᠢ ᠬᠤᠷᠠᠯ ᠳᠤ ᠤᠷᠤᠯᠴᠠᠵᠤ ᠼᠠᠢ ᠴᠢ ᠬᠥᠬᠢᠭᠦᠯᠦᠨ | ᠰᠠᠶᠢᠰᠢᠶᠠᠬᠤ ᠲᠣᠭᠲᠠᠭᠠᠯ ᠢ ᠤᠩᠰᠢᠨ ᠨᠡᠶᠢᠲᠡᠯᠡᠪᠡ | ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 28 ᠤ ᠴᠠᠭᠢᠯᠭᠠᠨ ᠮᠡᠳᠡᠭᠡ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ | ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠵᠢᠴᠢ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ | ᠬᠥᠬᠢᠭᠦᠯᠦᠨ ᠰᠠᠶᠢᠰᠢᠶᠠᠬᠤ ᠶᠡᠭᠡ ᠬᠤᠷᠠᠯ 28 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ | ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ | ᠡᠷᠬᠡᠪᠰᠢ ᠨᠠᠮ ᠤᠨ ᠭᠤᠣᠯ ᠡᠭᠦᠷᠭᠡ ᠶᠢᠨ ᠲᠣᠭᠤᠷᠢᠨ ᠳᠤ ᠠᠵᠢᠯᠴᠢᠨ ᠠᠩᠭᠢ ᠪᠣᠯᠣᠨ ᠥᠷᠭᠡᠨ ᠤᠯᠠᠨ ᠬᠥᠳᠡᠯᠮᠦᠷᠢᠴᠢᠨ ᠲᠦᠮᠡᠨ ᠤ ᠰᠦᠷ ᠳᠠᠯᠠᠶᠢᠴᠠᠲᠠᠢ ᠬᠦᠴᠦᠨ ᠢ | ᠨᠢᠭᠲᠠᠷᠠᠭᠤᠯᠵᠤ᠂ ᠯᠠᠪᠳᠠᠭᠤᠨ ᠪᠠᠲᠤᠲᠠᠢ ᠠᠵᠢᠯᠯᠠᠵᠤ᠂ ᠡᠷᠡᠯᠬᠡᠭᠯᠡᠨ ᠤᠷᠤᠭᠰᠢᠯᠠᠵᠤ ᠡᠷᠡᠮᠡᠬᠡᠶᠢᠯᠡᠨ ᠲᠡᠮᠡᠴᠡᠵᠦ ᠬᠤᠪᠢ ᠨᠡᠮᠡᠷᠢ ᠦᠵᠡᠭᠦᠯᠵᠦ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠤᠭ᠎ᠠ ᠲᠥᠰᠥᠪ ᠢ ᠠᠯᠬᠤᠮ ᠠᠯᠬᠤᠮ ᠢᠶᠠᠷ ᠯᠠᠪᠳᠠᠭᠤᠨ ᠪᠠᠲᠤᠲᠠᠢ ᠪᠣᠳᠠᠲᠤ ᠠᠬᠤᠢ ᠪᠣᠯᠭᠠᠨ | ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | | | | 4 ᠰᠠᠷ᠎ᠠ ᠶᠢᠨ 28 ᠤ ᠡᠳᠦᠷ᠂ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ | ᠪᠡᠯᠭᠡᠯᠡᠬᠦ ᠵᠢᠴᠢ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠪᠡᠭᠡᠵᠢᠩ ᠤᠨ | ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ ᠣᠷᠣᠯᠴᠠᠬᠰᠠᠨ ᠪᠥᠭᠡᠳ | ᠴᠢᠬᠤᠯᠠ ᠶᠠᠷᠢᠶ᠎ᠠ ᠲᠠᠯᠪᠢᠪᠠ᠃ ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ︶ | ︽5•1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ | ᠡᠮᠦᠨ᠎ᠡ ᠠᠴᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠵᠢᠯᠴᠢᠨ᠂ ᠲᠠᠷᠢᠶᠠᠴᠢᠨ᠂ ᠰᠡᠬᠡᠭᠡᠲᠡᠨ ᠪᠣᠯᠣᠨ ᠪᠤᠰᠤᠳ ᠬᠥᠳᠡᠯᠮᠦᠷᠢᠴᠢᠨ ᠲᠦᠮᠡᠨ ᠳᠤ᠂ ᠡᠯ᠎ᠡ | ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠣᠨ ᠠᠵᠢᠯᠴᠢᠨ ᠤ ᠡᠪᠯᠡᠯ ᠤᠨ ᠪᠦᠭᠦ ᠠᠵᠢᠯᠲᠠᠨ ᠳᠤ ᠴᠢᠩ ᠰᠡᠳᠬᠢᠯ ᠤᠨ ᠮᠡᠨᠳᠦᠴᠢᠯᠡᠯ | ᠳᠡᠪᠰᠢᠭᠦᠯᠪᠡ︕ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ᠂ ᠲᠠᠶᠢᠸᠠᠨ ᠣᠷᠣᠨ ᠤ ᠠᠵᠢᠯᠴᠢᠨ ᠤ ᠡᠪᠯᠡᠯ | ᠪᠣᠯᠣᠨ ᠬᠥᠳᠡᠯᠮᠦᠷᠢᠴᠢᠳ ᠤᠨ ᠡᠲᠡᠭᠡᠳ ᠤᠨ ᠨᠠᠶᠢᠵᠠ ᠨᠠᠷ ᠲᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ︕ ᠬᠥᠬᠢᠭᠦᠯᠦᠨ ᠰᠠᠶᠢᠰᠢᠶᠠᠭᠳᠠᠭᠰᠠᠨ ᠪᠦᠭᠦ | ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ︕ | ᠯᠢ ᠴᠢᠶᠠᠩ ᠶᠡᠭᠡ ᠬᠤᠷᠠᠯ ᠢ ᠡᠷᠭᠢᠯᠡᠵᠦ᠂ ᠵᠤᠤ ᠯᠧ ᠵᠢᠢ᠂ ᠸᠠᠩ ᠬᠤ᠋ ᠨᠢᠩ᠂ ᠳ᠋ᠢᠩ ᠰᠢᠤᠸᠠᠢ ᠰᠢᠶᠠᠩ᠂ ᠯᠢ ᠰᠢ ᠣᠷᠣᠯᠴᠠᠵᠤ᠂ ᠼᠠᠢ ᠴᠢ ᠬᠥᠬᠢᠭᠦᠯᠦᠨ | ᠰᠠᠶᠢᠰᠢᠶᠠᠬᠤ ᠲᠣᠭᠲᠠᠭᠠᠯ ᠢ ᠤᠩᠰᠢᠨ ᠨᠡᠶᠢᠲᠡᠯᠡᠪᠡ᠃ | ᠠᠷᠠᠳ ᠤᠨ ᠶᠡᠭᠡ ᠬᠤᠷᠠᠯ ᠤᠨ ᠲᠠᠩᠬᠢᠮ ᠤᠨ ᠶᠣᠰᠣᠯᠠᠯ ᠤᠨ ᠲᠠᠩᠬᠢᠮ ᠳᠤ ᠦᠪᠡᠳᠡᠭᠰᠢ ᠶᠡᠭᠡ ᠪᠥᠭᠡᠳ ᠭᠦᠷ ᠬᠥᠭᠵᠢᠶᠡᠨ ᠲᠠᠢ ᠠᠭᠤᠷ ᠠᠮᠢᠰᠬᠤᠯ | ᠪᠢᠯᠬᠠᠨ᠎ᠠ᠃ ᠲᠡᠷᠢᠭᠦᠯᠡᠭᠴᠢ ᠶᠢᠨ ᠲᠠᠶᠢᠰᠠᠨ ᠤ ᠳᠡᠭᠡᠷ᠎ᠡ ᠲᠠᠯ᠎ᠠ ᠳᠤ ︽ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 | ᠵᠢᠯ ᠤᠨ ᠤᠢ ᠶᠢ ᠪᠡᠯᠭᠡᠯᠡᠬᠦ ᠵᠢᠴᠢ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ︾ | ᠭᠡᠰᠡᠨ ᠦᠰᠦᠭ ᠲᠠᠢ᠂ ᠠᠷᠤ ᠬᠥᠰᠢᠭᠡ ᠶᠢᠨ ᠭᠤᠣᠯ ᠳᠤᠮᠳᠠ ᠨᠢ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠬᠤᠷᠠᠯ ᠤᠨ ᠰᠦᠯᠳᠡ ᠶᠢ ᠡᠯᠭᠦᠵᠦ᠂ ᠬᠤᠷᠠᠯ ᠤᠨ | ᠰᠦᠯᠳᠡ ᠶᠢᠨ ᠳᠣᠣᠷ᠎ᠠ ᠲᠠᠯ᠎ᠠ ᠳᠤ ︽1925 — 2025︾ ᠭᠡᠰᠡᠨ ᠲᠤᠭ᠎ᠠ ᠡᠯᠭᠦᠵᠦ᠂ 10 ᠤᠯᠠᠭᠠᠨ ᠲᠤᠭ ᠢ ᠬᠤᠶᠠᠷ ᠭᠠᠷᠯᠠᠨ ᠵᠢᠭᠰᠠᠭᠠᠵᠠᠢ᠃ ᠬᠤᠶᠠᠳᠤᠭᠠᠷ | ᠳᠠᠪᠬᠤᠷᠯᠢᠭ ᠤᠨ ᠪᠠᠷᠠᠯᠠᠬᠤ ᠲᠠᠶᠢᠰᠠᠨ ᠳᠡᠭᠡᠷ᠎ᠡ᠄ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ | ᠠᠬᠢᠭᠤᠯᠬᠤ ᠳᠤᠮᠳᠠ ᠠᠵᠢᠯᠴᠢᠨ ᠠᠩᠭᠢ ᠶᠢᠨ ᠭᠤᠣᠯ ᠬᠦᠴᠦᠨ ᠤ ᠦᠢᠯᠡᠳᠦᠯ ᠪᠠ ᠠᠵᠢᠯᠴᠢᠨ ᠤ ᠡᠪᠯᠡᠯ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ | ᠪᠠᠳᠠᠷᠠᠭᠤᠯᠤᠶ᠎ᠠ︕︾ ᠭᠡᠬᠦ ᠤᠷᠢᠶ᠎ᠠ ᠶᠢ ᠡᠯᠭᠦᠵᠡᠢ᠃ | ᠦᠳᠡ ᠶᠢᠨ ᠡᠮᠦᠨᠡᠬᠢ 10 ᠴᠠᠭ ᠲᠤ ᠶᠡᠭᠡ ᠬᠤᠷᠠᠯ ᠡᠬᠢᠯᠡᠵᠡᠢ᠃ ᠪᠦᠭᠦᠳᠡᠭᠡᠷ ᠢᠶᠠᠨ ᠪᠣᠰᠴᠤ ᠵᠣᠭᠰᠣᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠤᠯᠤᠰ ᠤᠨ ᠰᠦᠯᠳᠡ ᠳᠠᠭᠤᠤ ᠶᠢ ᠳᠠᠭᠤᠯᠠᠪᠠ᠃ | ᠼᠠᠢ ᠴᠢ ︽ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠲᠤᠬᠠᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ᠢ ᠤᠩᠰᠢᠨ ᠨᠡᠶᠢᠲᠡᠯᠡᠪᠡ᠃ 1670 ᠬᠥᠮᠥᠨ ᠳᠤ | ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠶᠢᠨ ᠴᠣᠯᠠ ᠣᠯᠭᠤᠵᠤ᠂ 756 ᠬᠥᠮᠥᠨ ᠳᠤ ᠪᠦᠭᠦ ᠤᠯᠤᠰ ᠤᠨ ᠲᠡᠷᠢᠭᠦᠨ ᠤ ᠠᠵᠢᠯᠲᠠᠨ ᠤ ᠴᠣᠯᠠ ᠣᠯᠭᠤᠪᠠ᠃ | ᠪᠠᠶᠠᠰᠬᠤᠯᠠᠩᠲᠤ ᠬᠥᠭᠵᠢᠮ ᠤᠨ ᠠᠶᠠᠰ ᠳᠤᠮᠳᠠ᠂ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠤ ᠲᠥᠯᠥᠭᠡᠯᠡᠭᠴᠢ | ᠠᠯᠬᠤᠮ ᠲᠠᠷᠠᠭ᠎ᠠ ᠲᠠᠢ ᠲᠡᠷᠢᠭᠦᠯᠡᠭᠴᠢ ᠶᠢᠨ ᠲᠠᠶᠢᠰᠠᠨ ᠳᠤ ᠭᠠᠷᠴᠤ᠂ ᠰᠢ ᠶᠢᠨ ᠫᠢᠩ ᠨᠠᠷ ᠲᠡᠳᠡᠨ ᠳᠤ ᠢᠷᠠᠭᠤ ᠠᠯᠳᠠᠷ ᠤᠨ ᠦᠨᠡᠮᠯᠡᠯ ᠭᠠᠷᠳᠠᠭᠤᠯᠪᠠ᠃ | | | | | | 4 ᠰᠠᠷ᠎ᠠ ᠶᠢᠨ 28 ᠤ ᠡᠳᠦᠷ᠂ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ | ᠪᠡᠯᠭᠡᠯᠡᠬᠦ ᠵᠢᠴᠢ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠪᠡᠭᠡᠵᠢᠩ ᠤᠨ | ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠵᠢᠷᠤᠭ ᠪᠣᠯ᠂ ᠰᠢ ᠶᠢᠨ ᠫᠢᠩ ᠵᠡᠷᠭᠡ ᠨᠠᠮ ᠪᠠ ᠲᠦᠷᠦ ᠶᠢᠨ ᠤᠳᠤᠷᠢᠳᠬᠤ | ᠬᠥᠮᠥᠰ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠤ ᠲᠥᠯᠥᠭᠡᠯᠡᠭᠴᠢᠳ ᠲᠤ ᠢᠷᠠᠭᠤ ᠠᠯᠳᠠᠷ ᠤᠨ ᠦᠨᠡᠮᠯᠡᠯ ᠭᠠᠷᠳᠠᠭᠤᠯᠵᠤ | ᠪᠠᠶᠢᠭ᠎ᠠ ᠨᠢ᠃ ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ︶ | ᠳᠤᠮᠳᠠᠳᠤ ᠤᠯᠤᠰ ᠤᠨ ᠡᠯ ᠴᠦᠡᠭ ᠳ᠋ᠧ ᠶᠠᠩ ᠸᠠᠨ ᠬᠠᠩ ᠬᠡᠪ ᠳᠠᠪᠲᠠᠬᠤ ᠺᠤᠮᠫᠠᠨᠢ ᠶᠢᠨ ᠠᠩᠭᠢ ᠶᠢᠨ ᠳᠠᠷᠤᠭ᠎ᠠ ᠶᠧ ᠯᠢᠨ ᠸᠧᠢ ᠪᠦᠭᠦ ᠤᠯᠤᠰ ᠤᠨ | ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠲᠥᠯᠥᠭᠡᠯᠡᠨ ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠪᠡ᠃ | ᠲᠠᠯᠠᠪᠠᠢ ᠳᠠᠶᠠᠭᠠᠷ ᠤᠨ ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠳᠤᠮᠳᠠᠳᠤ ᠶᠢᠨ ᠪᠦᠭᠦ | ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ | ᠳᠣᠣᠷ᠎ᠠ᠂ ᠡᠯ᠎ᠡ ᠱᠠᠲᠤᠨ ᠤ ᠠᠵᠢᠯᠴᠢᠨ ᠤ ᠡᠪᠯᠡᠯ ᠨᠠᠮ ᠤᠨ ᠡᠯ᠎ᠡ ᠲᠡᠦᠬᠡᠨ ᠴᠠᠭ ᠦᠶ᠎ᠡ ᠶᠢᠨ ᠭᠤᠣᠯ ᠡᠭᠦᠷᠭᠡ ᠶᠢᠨ ᠲᠣᠭᠤᠷᠢᠨ ᠳᠤ᠂ ᠮᠠᠨ ᠤ ᠤᠯᠤᠰ ᠤᠨ ᠠᠵᠢᠯᠴᠢᠨ | ᠠᠩᠭᠢ ᠶᠢ ᠪᠦᠯᠬᠦᠮᠳᠡᠭᠦᠯᠦᠨ ᠳᠠᠶᠢᠴᠢᠯᠠᠵᠤ ᠨᠠᠮ ᠤᠨ ᠠᠯᠬᠤᠭ᠎ᠠ ᠶᠢ ᠰᠠᠯᠤᠯ ᠦᠭᠡᠢ ᠳᠠᠭᠠᠵᠤ᠂ ᠴᠠᠭ ᠦᠶ᠎ᠡ ᠶᠢᠨ ᠡᠮᠦᠨ᠎ᠡ ᠡᠩᠨᠡᠭᠡᠨ ᠳᠤ ᠶᠠᠪᠤᠵᠤ᠂ ᠬᠤᠪᠢᠰᠬᠠᠯ᠂ | ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠠᠭᠤᠤ ᠶᠡᠭᠡ ᠦᠢᠯᠡᠰ ᠢ ᠠᠬᠢᠭᠤᠯᠬᠤ ᠳᠤᠮᠳᠠ ᠪᠠᠯᠠᠷᠠᠰᠢ ᠦᠭᠡᠢ ᠭᠠᠪᠢᠶ᠎ᠠ ᠵᠢᠳᠬᠦᠯ ᠪᠠᠶᠢᠭᠤᠯᠵᠤ᠂ ᠮᠠᠨ ᠤ | ᠤᠯᠤᠰ ᠤᠨ ᠠᠵᠢᠯᠴᠢᠨ ᠤ ᠬᠥᠳᠡᠯᠭᠡᠭᠡᠨ ᠤ ᠢᠷᠠᠭᠤ ᠭᠠᠶᠢᠬᠠᠮᠰᠢᠭᠲᠤ ᠬᠠᠭᠤᠳᠠᠰᠤ ᠶᠢ ᠪᠢᠴᠢᠭᠯᠡᠪᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠵᠢᠯᠴᠢᠨ ᠠᠩᠭᠢ ᠪᠣᠯᠣᠨ ᠠᠵᠢᠯᠴᠢᠨ ᠤ | ᠡᠪᠯᠡᠯ ᠤᠨ ᠠᠵᠢᠯ ᠤᠨ ᠲᠤᠬᠠᠢ ᠠᠯᠢ ᠤᠯᠠᠨ ᠴᠢᠬᠤᠯᠠ ᠥᠭᠦᠯᠡᠯᠲᠡ ᠬᠢᠵᠦ᠂ ᠠᠯᠢ ᠤᠯᠠᠨ ᠴᠢᠬᠤᠯᠠ ᠠᠵᠢᠯ ᠢ ᠪᠠᠶᠢᠷᠢᠯᠠᠭᠤᠯᠤᠨ ᠠᠬᠢᠭᠤᠯᠵᠤ᠂ ᠠᠯᠢ ᠤᠯᠠᠨ | ᠴᠢᠭᠯᠡᠭᠦᠯᠦᠯᠲᠦ ᠴᠢᠨᠠᠷᠲᠠᠢ᠂ ᠦᠨᠳᠦᠰᠦᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠰᠠᠭᠤᠳᠠᠯ ᠢ ᠭᠦᠨᠵᠡᠭᠡᠢ ᠬᠠᠷᠢᠭᠤᠯᠵᠤ᠂ ᠨᠠᠮ ᠤᠨ ᠠᠵᠢᠯᠴᠢᠨ ᠤ | ᠬᠥᠳᠡᠯᠭᠡᠭᠡᠨ ᠤ ᠤᠨᠤᠯ ᠢ ᠤᠯᠠᠮ ᠪᠠᠶᠠᠯᠢᠭᠵᠢᠭᠤᠯᠤᠨ ᠬᠥᠭᠵᠢᠭᠦᠯᠵᠦ᠂ ᠨᠠᠮ ᠤᠨ ᠠᠵᠢᠯᠴᠢᠨ ᠤ ᠬᠥᠳᠡᠯᠭᠡᠭᠡᠨ ᠤ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠣᠯᠵᠤ᠂ | ᠪᠦᠭᠦ ᠲᠠᠯ᠎ᠠ ᠶᠢᠨ ᠲᠠᠪᠰᠢᠯᠳᠠ ᠶᠢ ᠪᠡᠶᠡᠯᠡᠭᠦᠯᠬᠦ ᠶᠢ ᠠᠬᠢᠭᠤᠯᠪᠠ᠃ ᠡᠯ᠎ᠡ ᠱᠠᠲᠤᠨ ᠤ ᠠᠵᠢᠯᠴᠢᠨ ᠤ ᠡᠪᠯᠡᠯ ᠥᠷᠭᠡᠨ ᠣᠯᠠᠨ ᠠᠵᠢᠯᠲᠠᠨ ᠠᠵᠢᠯᠴᠢᠨ ᠢ | ᠪᠦᠯᠬᠦᠮᠳᠡᠭᠦᠯᠦᠨ ᠳᠠᠶᠢᠴᠢᠯᠠᠵᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠦᠢᠯᠡᠳᠦᠯᠭᠡ ᠳᠤᠮᠳᠠ | ᠡᠷᠳᠡᠮ ᠴᠢᠳᠠᠪᠤᠷᠢ ᠪᠠᠨ ᠶᠡᠭᠡ ᠪᠠᠷ ᠪᠠᠳᠠᠷᠠᠭᠤᠯᠵᠤ᠂ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠬᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ ᠭᠡᠵᠦ ᠴᠢᠬᠤᠯᠠᠴᠢᠯᠠᠪᠠ᠃ | ᠰᠢ ᠶᠢᠨ ᠫᠢᠩ᠂ ᠮᠠᠨ ᠤ ᠤᠯᠤᠰ ᠤᠨ ᠠᠵᠢᠯᠴᠢᠨ ᠠᠩᠭᠢ ᠪᠣᠯ ᠨᠡᠷ᠎ᠡ ᠨᠢᠳᠡᠷ ᠲᠡᠭᠡᠨ ᠲᠡᠩᠴᠡᠭᠰᠡᠨ ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠠᠮᠤᠭ ᠤᠨ ᠪᠠᠲᠤ ᠪᠠᠬᠢ ᠬᠠᠮᠤᠭ ᠤᠨ ᠨᠠᠶᠢᠳᠠᠪᠤᠷᠢᠲᠠᠢ ᠠᠩᠭᠢ ᠶᠢᠨ ᠰᠠᠭᠤᠷᠢ ᠮᠥᠨ᠂ ᠨᠡᠷ᠎ᠡ ᠨᠢᠳᠡᠷ ᠲᠡᠭᠡᠨ ᠲᠡᠩᠴᠡᠭᠰᠡᠨ ᠮᠠᠨ ᠤ ᠨᠡᠶᠢᠭᠡᠮ ᠵᠢᠷᠤᠮᠲᠤ ᠤᠯᠤᠰ ᠤᠨ | ᠤᠳᠤᠷᠢᠳᠬᠤ ᠠᠩᠭᠢ ᠮᠥᠨ᠂ ᠨᠡᠷ᠎ᠡ ᠨᠢᠳᠡᠷ ᠲᠡᠭᠡᠨ ᠲᠡᠩᠴᠡᠭᠰᠡᠨ ᠲᠡᠷᠢᠭᠦᠨ ᠤ ᠦᠢᠯᠡᠳᠪᠦᠷᠢᠯᠡᠯ ᠤᠨ ᠬᠦᠴᠦᠨ ᠪᠠ ᠦᠢᠯᠡᠳᠪᠦᠷᠢᠯᠡᠯ ᠤᠨ ᠬᠠᠷᠢᠴᠠᠭᠠᠨ ᠤ | ᠲᠥᠯᠥᠭᠡᠯᠡᠭᠴᠢ ᠮᠥᠨ᠂ ᠨᠡᠷ᠎ᠡ ᠨᠢᠳᠡᠷ ᠲᠡᠭᠡᠨ ᠲᠡᠩᠴᠡᠭᠰᠡᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠭᠤᠣᠯ | ᠬᠦᠴᠦᠨ ᠮᠥᠨ ᠭᠡᠳᠡᠭ ᠢ 100 ᠵᠢᠯ ᠤᠨ ᠲᠤᠷᠰᠢᠬᠢ ᠦᠢᠯᠡᠳᠦᠯᠭᠡ ᠭᠦᠢᠴᠡᠳ ᠭᠡᠷᠡᠴᠢᠯᠡᠪᠡ᠃ ᠮᠠᠨ ᠤ ᠤᠯᠤᠰ ᠤᠨ ᠠᠵᠢᠯᠴᠢᠨ ᠤ ᠡᠪᠯᠡᠯ ᠪᠣᠯ ᠨᠡᠷ᠎ᠡ ᠨᠢᠳᠡᠷ ᠲᠡᠭᠡᠨ | ᠲᠡᠩᠴᠡᠭᠰᠡᠨ ᠨᠠᠮ ᠠᠴᠠ ᠠᠵᠢᠯᠲᠠᠨ ᠠᠵᠢᠯᠴᠢᠨ ᠲᠦᠮᠡᠨ ᠲᠠᠢ ᠬᠠᠷᠢᠯᠴᠠᠬᠤ ᠬᠥᠭᠦᠷᠭᠡ ᠪᠠ ᠬᠤᠯᠪᠣᠭᠠᠰᠤ ᠮᠥᠨ᠂ ᠨᠡᠷ᠎ᠡ ᠨᠢᠳᠡᠷ ᠲᠡᠭᠡᠨ ᠲᠡᠩᠴᠡᠭᠰᠡᠨ ᠨᠡᠶᠢᠭᠡᠮ | ᠵᠢᠷᠤᠮᠲᠤ ᠲᠦᠷᠦ ᠶᠢᠨ ᠡᠷᠬᠡ ᠶᠢᠨ ᠨᠡᠶᠢᠭᠡᠮ ᠤᠨ ᠴᠢᠬᠤᠯᠠ ᠲᠤᠯᠭᠠᠭᠤᠷᠢ ᠮᠥᠨ᠂ ᠨᠡᠷ᠎ᠡ ᠨᠢᠳᠡᠷ ᠲᠡᠭᠡᠨ ᠲᠡᠩᠴᠡᠭᠰᠡᠨ ᠠᠵᠢᠯᠲᠠᠨ ᠠᠵᠢᠯᠴᠢᠨ ᠤ ᠠᠰᠢᠭ ᠲᠤᠰᠠ ᠶᠢᠨ | ᠲᠥᠯᠥᠭᠡᠯᠡᠭᠴᠢ ᠪᠠ ᠬᠠᠮᠠᠭᠠᠯᠠᠭᠴᠢ ᠮᠥᠨ᠃ ᠴᠠᠭ ᠦᠶ᠎ᠡ ᠶᠢᠨ ᠨᠥᠬᠦᠴᠡᠯ ᠪᠠ ᠨᠡᠶᠢᠭᠡᠮ ᠤᠨ ᠬᠠᠮᠲᠤ ᠤᠯᠠᠨ ᠬᠡᠷᠬᠢᠨ ᠬᠥᠭᠵᠢᠨ ᠬᠤᠪᠢᠷᠠᠭᠰᠠᠨ ᠴᠤ ᠮᠠᠨ ᠤ | ᠤᠯᠤᠰ ᠤᠨ ᠠᠵᠢᠯᠴᠢᠨ ᠠᠩᠭᠢ ᠶᠢᠨ ᠪᠠᠶᠢᠷᠢ ᠰᠠᠭᠤᠷᠢ ᠪᠠ ᠦᠢᠯᠡᠳᠦᠯ ᠢ ᠭᠤᠶᠢᠪᠢᠯᠵᠠᠭᠤᠯᠵᠤ ᠪᠤᠯᠬᠤ ᠦᠭᠡᠢ᠂ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠵᠢᠯᠴᠢᠨ | ᠠᠩᠭᠢ ᠳᠤ ᠲᠦᠰᠢᠭᠯᠡᠬᠦ ᠦᠨᠳᠦᠰᠦᠨ ᠴᠢᠭᠯᠡᠯᠲᠡ ᠶᠢ ᠭᠤᠶᠢᠪᠢᠯᠵᠠᠭᠤᠯᠵᠤ ᠪᠤᠯᠬᠤ ᠦᠭᠡᠢ᠂ ᠮᠠᠨ ᠤ ᠤᠯᠤᠰ ᠤᠨ ᠠᠵᠢᠯᠴᠢᠨ ᠤ ᠡᠪᠯᠡᠯ ᠤᠨ ᠰᠢᠨᠵᠢ ᠴᠢᠨᠠᠷ ᠪᠠ ᠡᠭᠦᠷᠭᠡ | ᠴᠢᠳᠠᠪᠤᠷᠢ ᠶᠢ ᠭᠤᠶᠢᠪᠢᠯᠵᠠᠭᠤᠯᠵᠤ ᠪᠤᠯᠬᠤ ᠦᠭᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ 100 ᠵᠢᠯ ᠤᠨ ᠲᠤᠷᠰᠢᠬᠢ ᠨᠠᠮ ᠤᠨ ᠠᠵᠢᠯᠴᠢᠨ ᠤ ᠬᠥᠳᠡᠯᠭᠡᠭᠡᠨ ᠤ ᠦᠢᠯᠡᠰ ᠤᠨ ᠤᠨᠤᠯ ᠤᠨ ᠰᠢᠨ᠎ᠡ ᠡᠭᠦᠳᠦᠯᠲᠡ ᠪᠣᠯᠣᠨ | ᠦᠢᠯᠡᠳᠦᠯᠭᠡ ᠶᠢᠨ ᠬᠥᠭᠵᠢᠯᠲᠡ ᠶᠢᠨ ᠬᠠᠮᠤᠭ ᠤᠨ ᠴᠢᠬᠤᠯᠠ ᠦᠷ᠎ᠡ ᠪᠦᠲᠦᠭᠡᠯ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠵᠢᠯᠴᠢᠨ ᠤ | ᠡᠪᠯᠡᠯ ᠤᠨ ᠬᠥᠭᠵᠢᠯᠲᠡ ᠶᠢᠨ ᠵᠠᠮ ᠢ ᠪᠦᠷᠢᠯᠳᠦᠭᠦᠯᠦᠭᠰᠡᠨ ᠶᠠᠪᠤᠳᠠᠯ ᠪᠣᠯᠣᠨ᠎ᠠ᠃ ᠡᠨᠡ ᠬᠦ ᠵᠠᠮ ᠨᠢ ᠠᠵᠢᠯᠴᠢᠨ ᠤ ᠬᠥᠳᠡᠯᠭᠡᠭᠡᠨ ᠤ ᠦᠢᠯᠡᠰ ᠪᠠ ᠠᠵᠢᠯᠴᠢᠨ ᠤ | ᠡᠪᠯᠡᠯ ᠤᠨ ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠵᠢᠯᠴᠢᠨ ᠠᠩᠭᠢ ᠳᠤ | ᠲᠦᠰᠢᠭᠯᠡᠬᠦ ᠦᠨᠳᠦᠰᠦᠨ ᠴᠢᠭᠯᠡᠯᠲᠡ ᠶᠢ ᠪᠠᠷᠢᠮᠲᠠᠯᠠᠵᠤ᠂ ᠨᠠᠮ ᠤᠨ ᠭᠤᠣᠯ ᠡᠭᠦᠷᠭᠡ ᠶᠢ ᠲᠠᠭᠠᠬᠤ ᠪᠠ ᠲᠡᠭᠦᠨ ᠳᠤ ᠦᠢᠯᠡᠴᠢᠯᠡᠬᠦ ᠶᠢ ᠪᠠᠷᠢᠮᠲᠠᠯᠠᠵᠤ᠂ ᠠᠵᠢᠯᠴᠢᠨ ᠤ | ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥᠴᠢ ᠴᠢᠨᠠᠷ᠂ ᠲᠡᠷᠢᠭᠦᠨ ᠤ ᠴᠢᠨᠠᠷ᠂ ᠤᠯᠠᠨ ᠲᠦᠮᠡᠨᠴᠢ ᠴᠢᠨᠠᠷ ᠢ ᠪᠠᠷᠢᠮᠲᠠᠯᠠᠵᠤ᠂ ᠠᠵᠢᠯᠲᠠᠨ ᠠᠵᠢᠯᠴᠢᠨ | ᠲᠦᠮᠡᠨ ᠳᠤ ᠦᠢᠯᠡᠴᠢᠯᠡᠬᠦ ᠪᠠᠷ ᠠᠮᠢ ᠨᠠᠰᠤᠨ ᠤ ᠱᠤᠭᠤᠮ ᠪᠤᠯᠭᠠᠬᠤ ᠶᠢ ᠪᠠᠷᠢᠮᠲᠠᠯᠠᠵᠤ᠂ ᠬᠠᠤᠯᠢ ᠶᠣᠰᠣᠭᠠᠷ ᠳᠦᠷᠢᠮ ᠶᠣᠰᠣᠭᠠᠷ ᠠᠵᠢᠯ ᠢᠶᠠᠨ ᠥᠷᠨᠢᠭᠦᠯᠬᠦ ᠶᠢ | ᠪᠠᠷᠢᠮᠲᠠᠯᠠᠵᠤ᠂ ᠨᠠᠮ ᠠᠴᠠ ᠠᠵᠢᠯᠴᠢᠨ ᠤ ᠬᠥᠳᠡᠯᠭᠡᠭᠡᠨ ᠤ ᠦᠢᠯᠡᠰ ᠪᠠ ᠠᠵᠢᠯᠴᠢᠨ ᠤ ᠡᠪᠯᠡᠯ ᠤᠨ ᠠᠵᠢᠯ ᠢ ᠤᠳᠤᠷᠢᠳᠤᠭᠰᠠᠨ ᠡᠷᠬᠢᠮ ᠨᠠᠨᠳᠢᠨ ᠲᠤᠷᠰᠢᠯᠭ᠎ᠠ ᠶᠢᠨ | ᠭᠦᠨᠵᠡᠭᠡᠢ ᠳ᠋ᠦᠩᠨᠡᠯᠲᠡ ᠮᠥᠨ᠂ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠭᠤᠣᠯ ᠡᠭᠦᠷᠭᠡ ᠪᠣᠯ ᠮᠠᠨ ᠤ ᠤᠯᠤᠰ ᠤᠨ ᠠᠵᠢᠯᠴᠢᠨ ᠤ ᠬᠥᠳᠡᠯᠭᠡᠭᠡᠨ ᠤ ᠴᠠᠭ ᠦᠶ᠎ᠡ ᠶᠢᠨ ᠭᠤᠣᠯ ᠰᠡᠳᠦᠪ ᠪᠣᠯᠣᠨ᠎ᠠ᠃ | ᠰᠢᠨ᠎ᠡ ᠴᠠᠭ ᠦᠶ᠎ᠡ ᠰᠢᠨ᠎ᠡ ᠠᠶᠠᠨ ᠳᠤ ᠡᠷᠬᠡᠪᠰᠢ ᠮᠠᠨ ᠤ ᠤᠯᠤᠰ ᠤᠨ ᠠᠵᠢᠯᠴᠢᠨ ᠠᠩᠭᠢ ᠪᠣᠯᠣᠨ ᠥᠷᠭᠡᠨ ᠣᠯᠠᠨ ᠬᠥᠳᠡᠯᠮᠦᠷᠢᠴᠢᠨ ᠲᠦᠮᠡᠨ ᠢ ᠤᠯᠠᠮ ᠳᠠᠶᠢᠴᠢᠯᠠᠨ | ᠵᠣᠷᠢᠭᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠷᠭᠡᠨ ᠤᠯᠠᠨ ᠠᠵᠢᠯᠲᠠᠨ ᠠᠵᠢᠯᠴᠢᠨ ᠪᠣᠯᠣᠨ ᠬᠥᠳᠡᠯᠮᠦᠷᠢᠴᠢᠨ ᠲᠦᠮᠡᠨ ᠤ ᠭᠠᠪᠢᠶ᠎ᠠ ᠪᠠᠶᠢᠭᠤᠯᠵᠤ ᠦᠢᠯᠡᠰ | ᠪᠣᠰᠬᠠᠬᠤ᠂ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠶᠢ ᠲᠠᠶᠢᠴᠢᠯᠠᠨ ᠵᠣᠷᠢᠭᠵᠢᠭᠤᠯᠬᠤ ᠬᠡᠷᠡᠭᠲᠡᠢ᠃ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠳᠤ ᠵᠣᠬᠢᠴᠠᠵᠤ᠂ ᠬᠥᠳᠡᠯᠮᠦᠷᠢᠴᠢᠳ ᠤᠨ ᠬᠡᠪ ᠪᠣᠯᠪᠠᠰᠤᠷᠠᠯ ᠢ ᠪᠦᠭᠦ ᠲᠠᠯ᠎ᠠ ᠪᠠᠷ | ᠳᠡᠭᠡᠭᠰᠢᠯᠡᠭᠦᠯᠭᠦ ᠬᠡᠷᠡᠭᠲᠡᠢ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠭᠦᠨᠵᠡᠭᠡᠢ ᠦᠢᠯᠡᠳᠦᠯᠭᠡᠵᠢᠭᠦᠯᠵᠦ᠂ ᠭᠦᠳᠡᠯᠮᠦᠷᠢ ᠶᠢᠨ ᠵᠢᠱᠢᠶᠡᠴᠢ ᠶᠢᠨ | ᠵᠣᠷᠢᠭ ᠰᠠᠨᠠᠭ᠎ᠠ᠂ ᠭᠦᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠲᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠬᠤ ᠬᠡᠷᠡᠭᠲᠡᠢ᠃ ᠬᠠᠮᠲᠤ ᠪᠠᠷ ᠪᠠᠶᠠᠵᠢᠬᠤ ᠶᠢ | ᠠᠬᠢᠭᠤᠯᠬᠤ ᠶᠢ ᠠᠩᠬᠠᠷᠴᠤ᠂ ᠥᠷᠭᠡᠨ ᠤᠯᠠᠨ ᠠᠵᠢᠯᠲᠠᠨ ᠠᠵᠢᠯᠴᠢᠨ ᠪᠠ ᠬᠥᠳᠡᠯᠮᠦᠷᠢᠴᠢᠨ ᠲᠦᠮᠡᠨ ᠤ ᠠᠵᠠ ᠵᠢᠷᠭᠠᠯ ᠢ ᠯᠠᠪᠳᠠᠭᠤᠨ ᠢᠶᠠᠷ ᠨᠡᠮᠡᠭᠳᠡᠭᠦᠯᠬᠦ ᠬᠡᠷᠡᠭᠲᠡᠢ | ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠪᠣᠯ ᠴᠥᠮ ᠠᠷᠠᠳ ᠲᠦᠮᠡᠨ ᠤ ᠬᠡᠪ ᠳᠠᠭᠤᠷᠢᠶᠠᠯ᠂ ᠤᠯᠤᠰ ᠤᠨ | ᠲᠤᠯᠭᠠᠭᠤᠷᠢ ᠬᠦᠴᠦᠨ ᠮᠥᠨ᠂ ᠪᠦᠭᠦ ᠨᠡᠶᠢᠭᠡᠮ ᠢᠶᠠᠷ ᠢᠶᠠᠨ ᠳᠡᠳᠡᠨ ᠤ ᠦᠢᠯᠡ ᠠᠵᠢᠯᠯᠠᠭ᠎ᠠ ᠶᠢ ᠰᠤᠷᠤᠯᠴᠠᠵᠤ᠂ ᠳᠡᠳᠡᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠬᠡᠷᠡᠭᠲᠡᠢ᠃ | ᠭᠦᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠳ ᠢᠷᠠᠭᠤ ᠠᠯᠳᠠᠷ ᠢᠶᠠᠨ ᠨᠠᠨᠳᠢᠩᠨᠠᠨ᠂ ᠮᠥᠨ ᠴᠢᠨᠠᠷ ᠢᠶᠠᠨ ᠬᠠᠳᠠᠭᠠᠯᠠᠵᠤ᠂ ᠦᠷᠭᠦᠯᠵᠢᠯᠡᠨ ᠴᠢᠷᠮᠠᠶᠢᠵᠤ᠂ | ᠲᠠᠭᠢᠨ ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠵᠣᠭᠰᠣᠵᠤ᠂ ᠡᠯ᠎ᠡ ᠱᠠᠲᠤᠨ ᠤ ᠠᠵᠢᠯᠴᠢᠨ ᠤ ᠡᠪᠯᠡᠯ ᠨᠠᠮ ᠤᠨ ᠲᠥᠪ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯᠴᠢᠨ ᠤ ᠡᠪᠯᠡᠯ ᠤᠨ ᠠᠵᠢᠯ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠤᠯᠤᠰ ᠲᠦᠷᠦ ᠶᠢᠨ ᠵᠥᠪ ᠴᠢᠭᠯᠡᠯ ᠢ ᠪᠠᠷᠢᠮᠲᠠᠯᠠᠵᠤ᠂ ᠥᠷᠭᠡᠨ ᠤᠯᠠᠨ ᠠᠵᠢᠯᠲᠠᠨ ᠠᠵᠢᠯᠴᠢᠨ ᠪᠠ | ᠬᠥᠳᠡᠯᠮᠦᠷᠢᠴᠢᠨ ᠲᠦᠮᠡᠨ ᠢ ᠨᠠᠮ ᠤᠨ ᠲᠣᠭᠤᠷᠢᠨ ᠳᠤ ᠨᠢᠭᠲᠠ ᠪᠦᠯᠬᠦᠮᠳᠡᠭᠦᠯᠬᠦ ᠬᠡᠷᠡᠭᠲᠡᠢ᠃ ᠠᠵᠢᠯᠲᠠᠨ ᠠᠵᠢᠯᠴᠢᠨ ᠢᠶᠠᠷ ᠭᠤᠣᠯ ᠪᠤᠯᠭᠠᠬᠰᠠᠨ ᠠᠵᠢᠯ ᠤᠨ | ᠤᠳᠤᠷᠢᠳᠤᠮᠵᠢ ᠶᠢ ᠪᠠᠷᠢᠮᠲᠠᠯᠠᠵᠤ᠂ ᠠᠵᠢᠯᠲᠠᠨ ᠠᠵᠢᠯᠴᠢᠨ ᠲᠦᠮᠡᠨ ᠳᠤ ᠦᠨᠡᠨ ᠰᠡᠳᠬᠢᠯ ᠠᠴᠠ ᠪᠠᠨ ᠦᠢᠯᠡᠴᠢᠯᠡᠵᠦ᠂ ᠠᠵᠢᠯᠲᠠᠨ ᠠᠵᠢᠯᠴᠢᠨ ᠤ ᠪᠦᠭᠦ ᠲᠠᠯ᠎ᠠ ᠶᠢᠨ | ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠵᠢᠯᠴᠢᠨ ᠤ ᠡᠪᠯᠡᠯ ᠤᠨ ᠥᠭᠡᠷᠡᠴᠢᠯᠡᠯᠲᠡ ᠪᠠ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠥᠲᠥᠯᠥᠨ ᠳᠠᠭᠠᠭᠤᠯᠬᠤ | ᠬᠦᠴᠦᠨ᠂ ᠵᠣᠬᠢᠶᠠᠨ ᠪᠠᠶᠢᠭᠤᠯᠬᠤ ᠬᠦᠴᠦᠨ᠂ ᠦᠢᠯᠡᠴᠢᠯᠡᠬᠦ ᠬᠦᠴᠦᠨ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠠᠵᠢᠯᠴᠢᠨ ᠤ ᠬᠥᠳᠡᠯᠭᠡᠭᠡᠨ ᠤ ᠦᠢᠯᠡᠰ ᠪᠣᠯ ᠨᠠᠮ ᠤᠨ ᠦᠢᠯᠡᠰ ᠤᠨ ᠴᠢᠬᠤᠯᠠ ᠪᠦᠷᠢᠯᠳᠦᠭᠦᠨ ᠬᠡᠰᠡᠭ ᠮᠥᠨ᠃ ᠡᠯ᠎ᠡ ᠱᠠᠲᠤᠨ ᠤ | ᠨᠠᠮ ᠤᠨ ᠬᠤᠷᠢᠶ᠎ᠠ ᠠᠵᠢᠯᠴᠢᠨ ᠤ ᠡᠪᠯᠡᠯ ᠳᠠᠬᠢ ᠤᠳᠤᠷᠢᠳᠤᠯᠭ᠎ᠠ ᠪᠠᠨ ᠴᠢᠩᠭᠠᠳᠬᠠᠨ ᠰᠠᠶᠢᠵᠢᠷᠠᠭᠤᠯᠵᠤ᠂ ᠠᠵᠢᠯᠴᠢᠨ ᠤ ᠡᠪᠯᠡᠯ ᠤᠨ ᠠᠵᠢᠯ ᠤᠨ ᠳᠤᠮᠳᠠᠬᠢ ᠴᠢᠬᠤᠯᠠ | ᠶᠡᠭᠡ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠠᠵᠢᠯᠴᠢᠨ ᠤ ᠡᠪᠯᠡᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠰᠠᠶᠢᠨ | ᠰᠠᠶᠢᠬᠠᠨ ᠨᠥᠬᠦᠴᠡᠯ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ︵ᠶᠠᠷᠢᠶᠠᠨ ᠤ ᠪᠦᠭᠦ ᠠᠭᠤᠯᠭ᠎ᠠ ᠶᠢ ᠠᠰ ᠲᠤᠨᠢ ᠨᠡᠶᠢᠲᠡᠯᠡᠪᠡ︶ | ᠯᠢ ᠴᠢᠶᠠᠩ ᠶᠡᠭᠡ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ 100 ᠵᠢᠯ ᠤᠨ ᠲᠤᠷᠰᠢᠬᠢ ᠨᠠᠮ ᠤᠨ | ᠤᠳᠤᠷᠢᠳᠤᠭᠰᠠᠨ ᠳᠤᠮᠳᠠᠳᠤ ᠤᠯᠤᠰ ᠤᠨ ᠠᠵᠢᠯᠴᠢᠨ ᠤ ᠬᠥᠳᠡᠯᠭᠡᠭᠡᠨ ᠤ ᠭᠡᠷᠡᠯ ᠰᠠᠴᠤᠷᠠᠩᠭᠤᠢ ᠥᠩᠭᠡᠷᠡᠯᠲᠡ ᠪᠠ ᠠᠭᠤᠤ ᠶᠡᠭᠡ ᠠᠮᠵᠢᠯᠲᠠ ᠶᠢ ᠳᠡᠭᠡᠳᠦ | ᠬᠡᠮᠵᠢᠶ᠎ᠡ ᠪᠠᠷ ᠦᠨᠡᠯᠡᠵᠦ᠂ ᠳᠤᠮᠳᠠᠳᠤ ᠤᠯᠤᠰ ᠤᠨ ᠠᠵᠢᠯᠴᠢᠨ ᠠᠩᠭᠢ ᠪᠣᠯᠣᠨ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠨᠠᠮ ᠪᠣᠯᠣᠨ ᠤᠯᠤᠰ ᠤᠨ | ᠦᠢᠯᠡᠰ ᠤᠨ ᠬᠥᠭᠵᠢᠯᠲᠡ ᠶᠢᠨ ᠪᠦᠭᠦ ᠲᠠᠯ᠎ᠠ ᠳᠠᠬᠢ ᠪᠠᠶᠢᠷᠢ ᠰᠠᠭᠤᠷᠢ ᠪᠣᠯᠣᠨ ᠦᠢᠯᠡᠳᠦᠯ ᠢ ᠭᠦᠢᠴᠡᠳ ᠨᠤᠲᠠᠯᠠᠵᠤ᠂ ᠠᠵᠢᠯᠴᠢᠨ ᠤ ᠬᠥᠳᠡᠯᠭᠡᠭᠡᠨ ᠤ ᠦᠢᠯᠡᠰ ᠪᠣᠯᠣᠨ | ᠠᠵᠢᠯᠴᠢᠨ ᠤ ᠡᠪᠯᠡᠯ ᠤᠨ ᠠᠵᠢᠯ ᠤᠨ ᠡᠷᠬᠢᠮ ᠨᠠᠨᠳᠢᠨ ᠲᠤᠷᠰᠢᠯᠭ᠎ᠠ ᠶᠢ ᠭᠦᠨᠵᠡᠭᠡᠢ ᠳ᠋ᠦᠩᠨᠡᠵᠦ᠂ ᠮᠠᠨ ᠤ ᠤᠯᠤᠰ ᠤᠨ ᠠᠵᠢᠯᠴᠢᠨ ᠠᠩᠭᠢ ᠪᠣᠯᠣᠨ ᠥᠷᠭᠡᠨ ᠤᠯᠠᠨ | ᠬᠥᠳᠡᠯᠮᠦᠷᠢᠴᠢᠨ ᠲᠦᠮᠡᠨ ᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠳᠤ ᠴᠢᠩ ᠰᠡᠳᠬᠢᠯ ᠤᠨ ᠬᠦᠰᠡᠯ | ᠨᠠᠶᠢᠳᠠᠯᠭ᠎ᠠ ᠲᠠᠯᠪᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠤ ᠠᠵᠢᠯᠴᠢᠨ ᠤ ᠡᠪᠯᠡᠯ ᠤᠨ ᠠᠵᠢᠯ ᠢ ᠰᠠᠶᠢᠲᠤᠷ ᠬᠢᠬᠦ ᠳᠤ ᠲᠣᠳᠣᠷᠬᠠᠢ ᠱᠠᠭᠠᠷᠳᠠᠯᠭ᠎ᠠ ᠳᠤᠷᠠᠳᠪᠠ᠃ | ᠶᠠᠷᠢᠶᠠᠨ ᠳᠤ ᠨᠠᠮ ᠤᠨ ᠲᠥᠪ ᠬᠤᠷᠢᠶ᠎ᠠ ᠠᠴᠠ ᠠᠵᠢᠯᠴᠢᠨ ᠠᠩᠭᠢ ᠪᠣᠯᠣᠨ ᠥᠷᠭᠡᠨ ᠤᠯᠠᠨ ᠬᠥᠳᠡᠯᠮᠦᠷᠢᠴᠢᠨ ᠲᠦᠮᠡᠨ ᠢ ᠳᠣᠲᠣᠨᠣ ᠪᠠᠷ ᠬᠠᠯᠠᠮᠵᠢᠯᠠᠵᠤ᠂ ᠠᠵᠢᠯᠴᠢᠨ ᠤ | ᠬᠥᠳᠡᠯᠭᠡᠭᠡᠨ ᠤ ᠦᠢᠯᠡᠰ ᠪᠣᠯᠣᠨ ᠠᠵᠢᠯᠴᠢᠨ ᠤ ᠡᠪᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ | ᠦᠵᠡᠯ ᠰᠠᠨᠠᠭᠠᠴᠢ ᠴᠢᠨᠠᠷ᠂ ᠪᠠᠶᠢᠯᠳᠤᠬᠤ ᠪᠣᠳᠣᠯᠭ᠎ᠠ ᠶᠢᠨ ᠴᠢᠨᠠᠷ᠂ ᠵᠢᠯᠤᠭᠤᠳᠬᠤ ᠴᠢᠨᠠᠷ ᠲᠠᠢ ᠪᠠᠶᠢᠵᠤ᠂ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ | ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠰᠢᠨ᠎ᠡ ᠠᠶᠠᠨ ᠳᠤ ᠲᠠᠭᠢᠨ ᠰᠢᠨ᠎ᠡ ᠭᠠᠪᠢᠶ᠎ᠠ ᠪᠠᠶᠢᠭᠤᠯᠤᠨ᠂ ᠲᠠᠭᠢᠨ ᠭᠡᠷᠡᠯ ᠰᠠᠴᠤᠷᠠᠩᠭᠤᠢ | ᠠᠮᠵᠢᠯᠲᠠ ᠶᠢ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠸᠠᠩ ᠳ᠋ᠦᠩ ᠮᠢᠩ ᠶᠡᠭᠡ ᠬᠤᠷᠠᠯ ᠳᠡᠭᠡᠷ᠎ᠡ ᠦᠭᠡ ᠬᠡᠯᠡᠪᠡ᠃ | ᠶᠡᠭᠡ ᠬᠤᠷᠠᠯ ᠰᠦᠷ ᠵᠢᠪᠬᠤᠯᠠᠩᠲᠤ ︽ᠢᠨᠲ᠋ᠧᠷᠨᠠᠼᠢᠣᠨᠠᠯ ᠤᠨ ᠳᠠᠭᠤᠤ︾ ᠳᠤᠮᠳᠠ ᠲᠡᠭᠦᠰᠪᠡ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ | ᠤᠳᠤᠷᠢᠳᠬᠤ ᠲᠤᠰᠢᠶᠠᠯ ᠢ ᠡᠭᠦᠷᠭᠡᠯᠡᠵᠦ ᠥᠩᠭᠡᠷᠡᠭᠰᠡᠨ ᠠᠬᠠᠮᠠᠳ ᠨᠥᠬᠦᠳ ᠬᠤᠷᠠᠯ ᠳᠤ ᠣᠷᠣᠯᠴᠠᠪᠠ᠃ | ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠪᠡᠭᠡᠵᠢᠩ ᠬᠤᠳᠠ ᠶᠢᠨ ᠬᠠᠷᠢᠭᠤᠴᠠᠯᠭᠠᠲᠠᠨ | ᠨᠥᠬᠦᠳ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ | ᠪᠣᠯᠣᠨ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ᠂ ᠡᠯ᠎ᠡ ᠮᠤᠵᠢ ᠶᠢᠨ ᠱᠠᠲᠤᠨ ᠤ ᠠᠵᠢᠯᠴᠢᠨ ᠤ ᠶᠡᠷᠦᠩᠬᠡᠢ ᠡᠪᠯᠡᠯ ᠤᠨ ᠲᠥᠯᠥᠭᠡᠯᠡᠭᠴᠢ᠂ 2025 | ᠣᠨ ᠤ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ᠂ ᠥᠩᠭᠡᠷᠡᠭᠰᠡᠨ ᠬᠤᠭᠤᠴᠠᠭᠠᠨ ᠤ ᠪᠦᠭᠦ ᠤᠯᠤᠰ ᠤᠨ ᠭᠦᠳᠡᠯᠮᠦᠷᠢ ᠶᠢᠨ | ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠤ ᠲᠥᠯᠥᠭᠡᠯᠡᠭᠴᠢ ᠵᠡᠷᠭᠡ 3000 ᠭᠠᠷᠤᠢ ᠬᠥᠮᠥᠨ ᠶᠡᠭᠡ ᠬᠤᠷᠠᠯ ᠳᠤ ᠣᠷᠣᠯᠴᠠᠵᠠᠢ᠃ | |