4 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠴᠠᠭᠠᠨ | ᠪᠠᠯᠭᠠᠰᠤ᠂ ᠵᠢᠪᠬᠤᠯᠠᠩᠲᠤ ᠰᠤᠮᠤ ᠳᠤ ᠭᠦᠨᠵᠡᠭᠡᠶᠢᠷᠡᠨ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠣᠶ ᠰᠢᠭᠤᠢ ᠨᠤᠲᠤᠭ ᠪᠡᠯᠴᠢᠭᠡᠷ ᠢ ᠡᠪᠳᠡᠵᠦ | ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠢ ᠬᠢᠨᠠᠨ | ᠵᠢᠯᠣᠭᠤᠳᠪᠠ᠃ ᠬᠤᠯᠪᠣᠭᠳᠠᠯ ᠪᠦᠬᠦᠢ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃ | ᠠᠳᠤᠭᠤᠲᠤ ᠨᠡᠭᠦᠳᠡᠯ ᠮᠠᠯᠵᠢᠯ ᠤᠨ ᠠᠶᠢᠮᠠᠭ᠂ ᠳᠤᠯᠤᠭᠠᠨ ᠥᠩᠭᠡᠲᠦ ᠰᠣᠯᠣᠩᠭ᠎ᠠ ᠴᠡᠩᠭᠡᠯ ᠤᠨ ᠬᠦᠷᠢᠶᠡᠯᠡᠩ ᠳᠤ᠂ ᠦ᠋ ᠰᠢᠤᠸᠠᠢ ᠶᠦᠩ ᠣᠶ ᠰᠢᠭᠤᠢ | ᠨᠤᠲᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢ ᠲᠤᠬᠠᠢ ᠶᠢᠨ | ᠭᠠᠵᠠᠷ ᠲᠤᠨᠢ ᠪᠠᠶᠢᠴᠠᠭᠠᠨ ᠦᠵᠡᠪᠡ᠃ ᠦ᠋ ᠰᠢᠤᠸᠠᠢ ᠶᠦᠩ ᠴᠢᠬᠤᠯᠠᠴᠢᠯᠠᠭᠰᠠᠨ ᠨᠢ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢᠭᠡᠳᠦᠯᠲᠡᠢ ᠲᠥᠯᠥᠪᠯᠡᠨ | ᠲᠣᠬᠢᠷᠠᠭᠤᠯᠬᠤ ᠪᠠᠨ ᠴᠢᠩᠭᠠᠳᠬᠠᠵᠤ᠂ ᠬᠤᠯᠪᠣᠭᠳᠠᠯ ᠪᠦᠬᠦᠢ ᠰᠤᠮᠤ ᠪᠠᠯᠭᠠᠰᠤ ᠨᠤᠭᠤᠳ ᠬᠠᠷᠢᠶ᠎ᠠ ᠭᠠᠵᠠᠷ ᠤᠨ ᠢᠶᠠᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ | ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠬᠠᠤᠯᠢ ᠲᠣᠭᠲᠠᠭᠠᠯ ᠶᠣᠰᠣᠭᠠᠷ ᠴᠢᠨᠠᠷ ᠰᠠᠶᠢᠲᠠᠢ᠂ ᠥᠨᠳᠥᠷ ᠪᠦᠲᠦᠮᠵᠢᠲᠡᠶ ᠴᠡᠭᠴᠡᠯᠡᠨ | ᠰᠠᠶᠢᠵᠢᠷᠠᠭᠤᠯᠬᠤ ᠬᠡᠷᠡᠭᠲᠡᠢ᠃ ᠡᠭᠦᠨ ᠤ ᠬᠠᠮᠲᠤ᠂ ᠨᠢᠭᠡ ᠠᠴᠠ ᠵᠦᠢᠴᠢᠯᠡᠨ ᠨᠦᠬᠦᠭᠡ ᠶᠢ ᠮᠡᠳᠡᠵᠦ᠂ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠤᠢ ᠰᠢᠭᠤᠢ | ᠨᠤᠲᠤᠭ ᠪᠡᠯᠴᠢᠭᠡᠷ ᠨᠤᠭᠤ ᠭᠠᠵᠠᠷ ᠢ ᠡᠪᠳᠡᠵᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ | ᠬᠥᠯᠥᠨ ᠨᠠᠭᠤᠷ᠂ ᠬᠠᠶᠢᠯᠠᠷ ᠭᠤᠣᠯ ᠤᠨ ᠰᠠᠪᠠ ᠭᠠᠵᠠᠷ ᠢᠶᠠᠷ ᠶᠠᠪᠤᠬᠤ ᠳᠠᠭᠠᠨ᠂ ᠦ᠋ ᠰᠢᠤᠸᠠᠢ ᠶᠦᠩ ᠡᠷᠬᠢᠨ ᠲᠣᠭᠤᠷᠢᠨ ᠤ ᠠᠮᠢ ᠠᠬᠤᠢ ᠶᠢᠨ | ᠣᠷᠴᠢᠨ ᠲᠣᠭᠤᠷᠢᠨ ᠤ ᠵᠠᠰᠠᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠦ᠋ ᠰᠢᠤᠸᠠᠢ ᠶᠦᠩ ᠵᠢᠭᠠᠵᠤ ᠭᠠᠷᠭᠠᠭᠰᠠᠨ ᠨᠢ᠂ ᠬᠥᠯᠥᠨ ᠨᠠᠭᠤᠷ ᠢ ᠰᠠᠶᠢᠲᠤᠷ | ᠬᠠᠮᠠᠭᠠᠯᠠᠵᠤ ᠰᠠᠶᠢᠲᠤᠷ ᠵᠠᠰᠠᠬᠤ ᠨᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ | ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠭᠡᠳᠡᠭ ᠢ ᠭᠦᠨᠵᠡᠭᠡᠢ ᠲᠠᠨᠢᠵᠤ ᠰᠠᠶᠢᠲᠤᠷ ᠵᠠᠰᠠᠬᠤ ᠬᠡᠷᠡᠭᠲᠡᠢ᠃ ᠬᠠᠷᠢᠶ᠎ᠠ ᠣᠷᠣᠨ ᠤ ᠪᠠᠶᠢᠭᠤᠯᠭ᠎ᠠ ᠨᠢᠭᠡᠴᠢ᠂ | ᠭᠠᠴᠠᠭ᠎ᠠ᠂ ᠨᠡᠶᠢᠭᠡᠮ ᠲᠣᠭᠤᠷᠢᠭ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠮᠠᠭᠠᠯᠠᠵᠤ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠪᠦᠷᠢᠨᠰᠢᠭᠦᠯᠦᠨ᠂ ᠬᠠᠮᠲᠤᠪᠠᠷ ᠵᠠᠰᠠᠬᠤ ᠨᠡᠶᠢᠯᠡᠮᠡᠯ ᠬᠦᠴᠦᠨ ᠢ ᠪᠣᠶ ᠪᠣᠯᠭᠠᠵᠤ᠂ ᠰᠠᠪᠠ ᠭᠠᠵᠠᠷ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠰᠠᠶᠢᠲᠤᠷ | ᠠᠳᠬᠤᠬᠤ ᠬᠡᠷᠡᠭᠲᠡᠢ᠃ | ᠪᠣᠯᠣᠳᠪᠠᠭᠠᠲᠤᠷ ᠤᠨ ᠭᠡᠷ ᠲᠤ᠂ ᠦ᠋ ᠰᠢᠤᠸᠠᠢ ᠶᠦᠩ ᠮᠠᠯᠵᠢᠬᠤ ᠡᠷᠦᠬᠡ ᠶᠢᠨ ᠦᠢᠯᠡᠳᠪᠦᠷᠢᠯᠡᠯ ᠠᠮᠢᠳᠤᠷᠠᠯ ᠵᠢᠴᠢ ᠰᠡᠯᠭᠦᠨ ᠮᠠᠯᠵᠢᠬᠤ | ᠬᠤᠭᠤᠴᠠᠭᠠᠨ ᠳᠠᠬᠢ ᠪᠡᠯᠴᠢᠭᠡᠷᠯᠡᠭᠦᠯᠬᠦ ᠶᠢ ᠵᠣᠭᠰᠤᠭᠠᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠦᠨᠵᠡᠭᠡᠢ ᠣᠶᠢᠯᠠᠭᠠᠪᠠ᠃ ᠦ᠋ | ᠰᠢᠤᠸᠠᠢ ᠶᠦᠩ ᠱᠠᠭᠠᠷᠳᠠᠭᠰᠠᠨ ᠨᠢ᠂ ᠡᠯ᠎ᠡ ᠰᠤᠮᠤ ᠪᠠᠯᠭᠠᠰᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠥᠷᠥ ᠶᠢᠨ ᠪᠣᠳᠣᠯᠭ᠎ᠠ ᠶᠢ ᠤᠬᠠᠭᠤᠯᠵᠤ ᠬᠥᠲᠥᠯᠥᠨ | ᠵᠢᠯᠤᠭᠤᠳᠬᠤ ᠪᠠ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠰᠡᠯᠭᠦᠨ ᠮᠠᠯᠵᠢᠬᠤ ᠬᠤᠭᠤᠴᠠᠭᠠᠨ ᠳᠠᠬᠢ ᠲᠣᠭᠲᠠᠭᠠᠯ ᠠᠴᠠ ᠵᠥᠷᠢᠴᠡᠨ | ᠮᠠᠯᠵᠢᠭᠰᠠᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠬᠤ ᠬᠡᠷᠡᠭᠲᠡᠢ᠃ ᠮᠠᠯᠴᠢᠳ ᠢ ᠬᠥᠲᠥᠯᠥᠨ ᠵᠢᠯᠤᠭᠤᠳᠴᠤ ᠪᠠᠶᠢᠭᠠᠳ ᠦᠵᠡᠯ ᠰᠠᠨᠠᠭ᠎ᠠ | ᠣᠶᠢᠯᠠᠭᠠᠭᠳᠠᠬᠤᠨ ᠢ ᠨᠢ ᠬᠤᠪᠢᠷᠠᠭᠤᠯᠵᠤ᠂ ᠬᠡᠪᠴᠢᠶᠡᠵᠢᠭᠦᠯᠦᠭᠰᠡᠨ᠂ ᠪᠠᠷᠢᠮᠵᠢᠶᠠᠵᠢᠭᠤᠯᠤᠭᠰᠠᠨ᠂ ᠡᠷᠴᠢᠮᠵᠢᠭᠦᠯᠦᠭᠰᠡᠨ ᠲᠡᠵᠢᠭᠡᠨ ᠦᠷᠡᠵᠢᠭᠦᠯᠬᠦ ᠵᠠᠭᠪᠤᠷ ᠢ ᠬᠠᠶᠢᠨ | ᠰᠦᠪᠡᠭᠴᠢᠯᠡᠵᠦ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠷᠭᠡᠪᠴᠢᠯᠡᠨ ᠠᠬᠢᠭᠤᠯᠬᠤ ᠬᠡᠷᠡᠭᠲᠡᠢ᠃ |