ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠤᠨ ︽ᠪᠠᠭᠠᠵᠢ︾ ᠪᠤᠯᠬᠤ ᠠᠴᠠ ᠬᠢᠴᠢᠶᠡᠭᠡᠷᠡᠢ
ᠨᠡᠶᠢᠲᠡᠯᠡᠭᠰᠡᠨ ᠴᠠᠭ᠄
2025/4/9
          ᠪᠦᠬᠦ ᠨᠡᠶᠢᠭᠡᠮ ᠳᠠᠶᠠᠭᠠᠷ ᠤᠨ ᠠᠩᠬᠠᠷᠤᠯ ᠢ ᠲᠠᠲᠠᠭᠰᠠᠨ ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠴᠢᠩᠭ᠎ᠠ ᠬᠦᠴᠦᠲᠡᠢ ᠴᠣᠬᠢᠯᠲᠠ ᠥᠭᠴᠦ ᠪᠠᠶᠢᠭ᠎ᠠ ᠴᠦ ᠭᠡᠰᠡᠨ ᠲᠤᠰ ᠲᠦᠷᠦᠯ ᠤᠨ ᠮᠡᠬᠡᠯᠡᠯ ᠮᠥᠨ ᠬᠦ ᠪᠠᠶᠢᠨ ᠲᠠᠬᠢᠨ ᠡᠭᠦᠰᠴᠦ ᠯᠡ ᠪᠠᠶᠢᠨ᠎ᠠ᠃ ᠡᠭᠦᠨ ᠳᠤ ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠤᠨ ᠭᠤᠣᠯ ᠮᠡᠬᠡᠯᠡᠭᠴᠢᠳ ᠠᠴᠠ ᠭᠠᠳᠠᠨ᠎ᠠ ᠪᠠᠰᠠ ᠲᠡᠳᠡᠨ ᠤ ︽ᠪᠠᠭᠠᠵᠢ︾ ᠪᠣᠯᠣᠭᠰᠠᠳ ᠴᠦ ᠪᠠᠭ᠎ᠠ ᠪᠤᠰᠤ ᠦᠢᠯᠡᠳᠦᠯ ᠦᠵᠡᠭᠦᠯᠵᠦ ᠪᠤᠢ᠃ ᠶᠠᠭᠤ ᠶᠢ ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠤᠨ ︽ᠪᠠᠭᠠᠵᠢ︾ ᠭᠡᠬᠦ ᠪᠤᠢ︖ ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠵᠠᠷᠢᠮ ᠬᠥᠮᠥᠨ ᠲᠣᠯᠣᠭᠠᠢ ᠥᠨᠳᠡᠶᠢᠯ ᠦᠭᠡᠢ ᠪᠠᠰᠢᠷ ᠮᠡᠭᠡ ᠭᠠᠷᠭᠠᠵᠤ᠂ ᠪᠤᠰᠤᠳ ᠢ ᠮᠡᠬᠡᠯᠡᠬᠦ ᠪᠠᠷ ᠪᠡᠯᠡᠳᠬᠡᠨ᠎ᠡ︔ ᠵᠠᠷᠢᠮ ᠨᠢ ᠠᠮᠠ ᠬᠠᠮᠬᠢᠯ ᠦᠭᠡᠢ ᠤᠲᠠᠰᠤᠳᠠᠨ ᠬᠥᠮᠥᠰ ᠢ ᠮᠡᠬᠡᠯᠡᠯ ᠤᠨ ︽ᠤᠨᠠᠭᠤᠯᠢ︾ ᠲᠡᠶᠢᠰᠢ ᠲᠠᠲᠠᠨ᠎ᠠ︔ ᠪᠠᠰᠠ ᠵᠠᠷᠢᠮ ᠨᠢ ᠭᠤᠶᠤ ᠬᠡᠦᠬᠡᠨ ᠢᠶᠠᠷ ᠣᠪᠯᠠᠨ ᠵᠣᠭᠤᠭ ᠳᠡᠯᠭᠡᠵᠦ ᠮᠡᠬᠡᠯᠡᠯ ᠶᠠᠪᠤᠭᠤᠯᠤᠨ᠎ᠠ ᠁          ᠡᠳᠡᠬᠡᠷ ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠤᠨ ︽ᠪᠠᠭᠠᠵᠢ︾ ᠪᠣᠯᠣᠭᠰᠠᠳ ᠤᠨ ᠠᠵᠢᠯ ᠤᠨ ᠬᠤᠪᠢᠶᠠᠷᠢᠯᠠᠯ ᠨᠢ ᠲᠣᠳᠣᠷᠬᠠᠢ᠂ ᠵᠣᠬᠢᠶᠠᠨ ᠪᠠᠶᠢᠭᠤᠯᠤᠯᠲᠠ ᠨᠢ ᠨᠢᠭᠲᠠ ᠴᠢᠩᠭ᠎ᠠ ᠪᠠᠶᠢᠳᠠᠭ᠃ ᠡᠳᠡᠬᠡᠷ ᠮᠡᠬᠡᠯᠡᠯ ᠤᠨ ︽ᠪᠠᠭᠠᠵᠢ︾ ᠪᠣᠯᠣᠭᠰᠠᠳ ᠠᠴᠠ ᠭᠠᠳᠠᠨ᠎ᠠ᠂ ᠪᠠᠰᠠ ᠬᠡᠳᠦᠨ ᠵᠠᠭᠤᠨ ᠲᠥᠭᠦᠷᠢᠭ ᠤᠨ ᠲᠥᠯᠥᠭᠡ ᠥᠪᠡᠷ ᠤᠨ ᠪᠠᠩᠬᠢ ᠶᠢᠨ ᠺᠠᠷᠲ᠂ ᠭᠠᠷ ᠤᠲᠠᠰᠤᠨ ᠤ ᠺᠠᠷᠲ ᠪᠤᠶᠤ ᠵᠢᠷᠭᠢᠶ᠎ᠡ᠂ QQ᠎ ᠶᠢᠨ ᠨᠣᠮᠧᠷ ᠢᠶᠠᠨ ᠲᠦᠷᠢᠶᠡᠰᠦᠯᠡᠨ ᠬᠤᠳᠠᠯᠳᠤᠬᠤ᠂ ᠲᠤᠰᠢᠶᠠᠯ ᠬᠠᠪᠰᠤᠷᠭᠠᠬᠤ ᠠᠵᠢᠯ ᠬᠢᠵᠦ᠂ ᠵᠢᠵᠢᠭ ᠪᠡᠯᠡᠭ ᠬᠦᠷᠭᠡᠬᠦ ᠪᠠᠷ ᠥᠭᠶᠥᠭᠡ ᠪᠣᠯᠭᠠᠨ ᠬᠥᠮᠥᠰ ᠢ ᠲᠠᠲᠠᠬᠤ᠂ ᠭᠠᠷ ᠤᠲᠠᠰᠤᠨ ᠤ ᠲᠤᠬᠠᠢ ᠮᠡᠷᠭᠡᠵᠢᠯ ᠤᠨ ᠦᠢᠯᠡᠴᠢᠯᠡᠭᠡ ᠬᠠᠩᠭᠠᠬᠤ ᠵᠡᠷᠭᠡ ᠨᠢᠭᠡ ᠪᠦᠯᠦᠭ ᠬᠥᠮᠥᠰ ᠮᠥᠨ ᠴᠢᠨᠠᠷ ᠤᠨ ᠮᠡᠬᠡᠯᠡᠯ ᠤᠨ ᠭᠤᠭᠴᠤᠭ᠎ᠠ ᠳᠤ ᠰᠢᠭᠤᠳ ᠣᠷᠣᠯᠴᠠᠭᠰᠠᠨ ᠦᠭᠡᠢ ᠪᠤᠯᠪᠠᠴᠦ ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠤᠨ ᠮᠡᠬᠡᠯᠡᠭᠴᠢᠳ ᠲᠤ ᠳᠠᠮ ᠢᠶᠠᠷ ᠬᠠᠪᠰᠤᠷᠤᠮᠵᠢ ᠬᠠᠩᠭᠠᠵᠤ᠂ ᠮᠥᠨ ᠬᠦ ᠮᠡᠬᠡᠯᠡᠭᠴᠢ ᠶᠢᠨ ︽ᠪᠠᠭᠠᠵᠢ︾ ᠪᠤᠯᠳᠠᠭ᠃ ᠣᠶᠢᠷ᠎ᠠ ᠶᠢᠨ ᠵᠢᠯ ᠠᠴᠠ ᠨᠠᠭᠠᠰᠢ᠂ ᠬᠢᠯᠢ ᠶᠢᠨ ᠭᠠᠳᠠᠨᠠᠬᠢ ᠮᠡᠬᠡᠯᠡᠭᠴᠢᠳ ︽ᠥᠨᠳᠥᠷ ᠴᠠᠯᠢᠩ ᠢᠶᠠᠷ ᠠᠵᠢᠯᠲᠠᠨ ᠡᠯᠰᠡᠬᠦ︾ ᠨᠡᠷ᠎ᠡ ᠪᠠᠷ ᠮᠡᠬᠡᠯᠡᠯ ᠤᠨ ︽ᠪᠠᠭᠠᠵᠢ︾ ᠡᠷᠢᠵᠦ ᠪᠤᠢ᠃          ᠵᠠᠷᠢᠮ ᠬᠥᠮᠥᠰ ᠣᠬᠤᠷᠬᠠᠨ ᠬᠤᠭᠤᠴᠠᠭᠠᠨ ᠳᠤ ᠶᠡᠭᠡ ᠵᠣᠭᠤᠰ ᠣᠯᠬᠤ ᠪᠤᠳᠤᠯ ᠢ ᠡᠪᠦᠷᠯᠡᠨ ᠮᠡᠬᠡᠯᠡᠭᠴᠢ ᠳᠤ ᠲᠠᠲᠠᠭᠳᠠᠨ᠂ ᠵᠠᠷᠢᠮ ᠨᠢ ᠡᠨᠡ ᠠᠵᠢᠯ ᠨᠢ ᠲᠥᠪ ᠪᠤᠰᠤ ᠬᠡᠳᠡᠭ ᠢ ᠮᠡᠳᠡᠵᠦ ᠪᠠᠶᠢᠭᠰᠠᠨ ᠴᠦ ᠠᠮᠠᠷᠬᠠᠨ ᠵᠣᠭᠤᠰ ᠣᠯᠬᠤ ᠶᠢᠨ ᠲᠤᠯᠠᠳᠠ ᠮᠡᠬᠡᠯᠡᠭᠴᠢᠳ ᠤᠨ ︽ᠪᠠᠭᠠᠵᠢ︾ ᠪᠤᠯᠳᠠᠬ᠃ ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠤᠨ ︽ᠪᠠᠭᠠᠵᠢ︾ ᠪᠣᠯᠣᠭᠰᠠᠳ ᠬᠦᠬᠡᠷᠦᠬᠦ᠋ᠯᠡᠯᠳᠡᠢ ᠪᠥᠭᠡᠳ ᠭᠤᠨᠢᠭᠯᠠᠯᠲᠠᠢ ᠶᠤᠮ᠃ ᠲᠡᠳᠡᠨᠡᠷ ᠦᠨᠡᠨ ᠳᠡᠭᠡᠨ ᠬᠠᠮᠤᠭ ᠤᠨ ᠪᠠᠭ᠎ᠠ ᠵᠣᠭᠤᠰ ᠣᠯᠵᠤ᠂ ᠬᠠᠮᠤᠭ ᠤᠨ ᠮᠠᠭᠤ ᠨᠡᠷ᠎ᠡ ᠶᠢ ᠵᠡᠭᠦᠵᠦ᠂ ᠥᠪᠡᠷ ᠪᠤᠰᠤᠳ ᠢ ᠬᠤᠣᠷᠯᠠᠳᠠᠭ᠃ ᠮᠡᠬᠡᠯᠡᠭᠴᠢᠳ ︽ᠪᠠᠭᠠᠵᠢ︾ ᠬᠡᠷᠡᠭᠯᠡᠵᠦ ᠪᠠᠶᠢᠭ᠎ᠠ ᠨᠢ ᠳᠡᠳᠡᠨ ᠢ ᠠᠰᠢᠭᠯᠠᠨ ᠦᠪᠡᠰᠦᠪᠠᠨ ᠶᠡᠭᠡ ᠵᠣᠭᠤᠰ ᠣᠯᠬᠤ ᠶᠢ ᠪᠤᠳᠤᠵᠦ ᠪᠠᠶᠢᠭ᠎ᠠ ᠪᠥᠭᠡᠳ ᠬᠡᠷᠡᠭ ᠡᠭᠦᠰᠬᠦ ᠠᠶᠤᠯ ᠲᠦᠭᠰᠢᠭᠦᠷᠢ ᠪᠠᠨ ᠪᠠᠭᠤᠷᠠᠭᠤᠯᠬᠤ ᠪᠤᠶᠤ ᠵᠠᠶᠢᠯᠠᠭᠤᠯᠵᠤ ᠪᠠᠶᠢᠭ᠎ᠠ ᠶᠠᠪᠤᠳᠠᠯ ᠲᠡᠳᠦᠢ ᠶᠤᠮ᠃ ᠰᠦᠯᠵᠢᠶᠡᠨ ᠳᠡᠭᠡᠷᠡᠬᠢ ᠮᠡᠳᠡᠭᠡ ᠵᠠᠩᠭᠢ ᠡᠮᠬᠢ ᠵᠠᠮᠪᠠᠷᠠᠭ᠎ᠠ ᠦᠭᠡᠢ᠂ ᠥᠳᠥᠭᠡᠭᠳᠡᠨ ᠲᠠᠲᠠᠭᠳᠠᠬᠤ ᠵᠦᠢᠯ ᠮᠠᠰᠢ ᠤᠯᠠᠨ᠂ ᠪᠢᠳᠡ ᠡᠷᠬᠡᠪᠰᠢ ᠬᠢᠴᠢᠶᠡᠨ ᠪᠣᠯᠭᠤᠮᠵᠢᠯᠠᠵᠤ᠂ ᠨᠠᠷᠢᠨ ᠬᠢᠨᠠᠮᠠᠭᠠᠢ ᠢᠯᠭᠠᠨ ᠲᠣᠳᠣᠯᠠᠵᠤ᠂ ᠵᠣᠷᠢᠭᠲᠠᠢ ᠪᠠᠷ ᠢᠯᠡᠴᠢᠯᠡᠨ ᠮᠡᠳᠡᠭᠦᠯᠵᠦ᠂ ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠳᠤ ᠴᠢᠩᠭ᠎ᠠ ᠴᠣᠬᠢᠯᠲᠠ ᠥᠭᠬᠦ ᠴᠢᠬᠤᠯᠠᠲᠠᠢ᠃           ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠳᠤ ᠴᠣᠬᠢᠯᠲᠠ ᠥᠭᠬᠦ ᠳᠤ ᠬᠥᠮᠥᠨ ᠪᠦᠬᠦᠨ ᠬᠠᠷᠢᠭᠤᠴᠠᠯᠭ᠎ᠠ ᠲᠠᠢ᠃ ᠪᠦᠬᠦ ᠠᠷᠠᠳ ᠲᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠵᠦ᠂ ᠬᠡᠦᠬᠡᠳ ᠪᠠᠭᠠᠴᠤᠳ᠂ ᠣᠶᠤᠲᠠᠨ᠂ ᠥᠲᠡᠭᠦᠰ ᠨᠠᠰᠤᠲᠠᠨ ᠵᠡᠷᠭᠡ ᠭᠤᠣᠯᠳᠠᠯᠭ᠎ᠠ ᠲᠠᠢ ᠬᠥᠮᠥᠰ ᠲᠤ ᠠᠩᠬᠠᠷᠤᠯ ᠢᠶᠠᠨ ᠬᠠᠨᠳᠤᠭᠤᠯᠤᠨ᠂ ᠢᠳᠡᠪᠬᠢᠲᠡᠢ ᠪᠠᠷ ᠬᠡᠷᠡᠭ ᠢᠶᠠᠷ ᠬᠠᠤᠯᠢ ᠶᠢ ᠲᠠᠶᠢᠯᠪᠤᠷᠢᠯᠠᠨ᠂ ᠬᠡᠷᠡᠭ ᠢᠶᠠᠷ ᠬᠠᠤᠯᠢ ᠶᠢ ᠲᠦᠭᠡᠮᠡᠯᠵᠢᠭᠦᠯᠦᠨ᠂ ᠨᠡᠩ ᠤᠯᠠᠨ ᠬᠥᠮᠥᠨ ᠳᠤ ᠬᠠᠤᠯᠢᠵᠢᠯ ᠤᠨ ᠣᠶᠢᠯᠠᠭᠠᠭᠳᠠᠬᠤᠨ ᠢᠶᠠᠨ ᠴᠢᠩᠭᠠᠳᠬᠠᠬᠤ ᠶᠢ ᠰᠠᠨᠠᠭᠤᠯᠤᠨ᠂ ᠦᠵᠡᠯ ᠤᠬᠠᠮᠰᠠᠷ ᠢᠶᠠᠨ ᠲᠡᠭᠡᠭᠰᠢᠯᠡᠬᠦᠯᠬᠦ ᠨᠢ ᠳᠤᠩ ᠴᠢᠬᠤᠯᠠ᠃
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ