︽ᠤᠨᠲᠠᠬᠤ ᠶᠠᠰᠤ ᠴᠢᠨᠠᠷ ᠢ ᠰᠠᠶᠢᠵᠢᠷᠠᠭᠤᠯᠵᠤ ᠥᠲᠡᠯᠦᠭᠡ ᠨᠠᠰᠤ ᠪᠠᠨ ᠡᠷᠡᠭᠦᠯ ᠮᠡᠨᠳᠦ ᠥᠩᠭᠡᠷᠡᠭᠦᠯᠬᠦ ᠲᠤᠬᠠᠢ︾ ᠮᠡᠳᠡᠯᠭᠡ ᠶᠢᠨ ᠲᠠᠶᠢᠯᠤᠮᠵᠢ ᠶᠠᠪᠤᠭᠳᠠᠵᠠᠢ
ᠨᠡᠶᠢᠲᠡᠯᠡᠭᠰᠡᠨ ᠴᠠᠭ᠄
2025/4/9
          ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠯᠪᠠᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ ᠠᠵᠢᠯ ᠠᠴᠠ ᠪᠠᠨ ᠳᠠᠷᠬᠠᠯᠠᠬᠳᠠᠬᠰᠠᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠡᠷᠡᠭᠦᠯ ᠮᠡᠨᠳᠦ ᠤᠨᠲᠠᠯᠭ᠎ᠠ ᠶᠢᠨ ᠲᠤᠬᠠᠢ ᠵᠥᠪ ᠲᠠᠨᠢᠯᠲᠠ ᠶᠢ ᠳᠡᠭᠡᠭᠰᠢᠯᠡᠭᠦᠯᠵᠦ᠂ ᠡᠷᠡᠭᠦᠯ ᠮᠡᠨᠳᠦ ᠠᠮᠢᠳᠤᠷᠠᠯ ᠤᠨ ᠠᠷᠭ᠎ᠠ ᠭᠡᠯᠪᠡᠷᠢ ᠶᠢ ᠲᠦᠭᠡᠮᠡᠯᠵᠢᠭᠦᠯᠬᠦ ᠶᠢᠨ ᠲᠥᠯᠥᠭᠡ ᠥᠪᠡᠷᠲᠡᠭᠡᠨ ᠵᠠᠰᠠᠬᠤ ᠣᠷᠣᠨ ᠤ ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ ᠤᠨ ᠤᠨᠲᠠᠯᠭ᠎ᠠ ᠶᠢᠨ ᠠᠨᠠᠭᠠᠬᠤ ᠤᠬᠠᠭᠠᠨ ᠤ ᠲᠥᠪ ᠤᠨ ᠡᠷᠭᠢᠯᠡᠭᠴᠢ᠂ ᠳ᠋ᠣᠺᠲ᠋ᠣᠷ ᠯᠢᠦᠢ ᠳ᠋ᠦᠩ ᠱᠧᠩ ᠢ ᠤᠷᠢᠵᠤ ︽ᠤᠨᠲᠠᠬᠤ ᠶᠠᠰᠤ ᠴᠢᠨᠠᠷ ᠢ ᠰᠠᠶᠢᠵᠢᠷᠠᠭᠤᠯᠵᠤ ᠥᠲᠡᠯᠦᠭᠡ ᠨᠠᠰᠤ ᠪᠠᠨ ᠡᠷᠡᠭᠦᠯ ᠮᠡᠨᠳᠦ ᠥᠩᠭᠡᠷᠡᠭᠦᠯᠬᠦ ᠲᠤᠬᠠᠢ︾ ᠮᠡᠳᠡᠯᠭᠡ ᠶᠢᠨ ᠲᠠᠶᠢᠯᠤᠮᠵᠢ ᠬᠢᠯᠭᠡᠪᠡ᠃          ᠲᠠᠶᠢᠯᠤᠮᠵᠢ ᠶᠢᠨ ᠠᠬᠤᠢ ᠲᠠᠯᠠᠪᠠᠶ ᠳᠤ᠂ ᠯᠢᠦᠢ ᠳ᠋ᠦᠩ ᠱᠧᠩ ᠤᠨᠲᠠᠯᠭ᠎ᠠ ᠶᠢᠨ ᠲᠣᠮᠢᠶᠠᠯᠠᠯ᠂ ᠨᠣᠶᠢᠷ ᠬᠤᠯᠵᠢᠬᠤ ᠶᠢᠨ ᠪᠠᠶᠢᠩᠭᠤ ᠲᠣᠬᠢᠶᠠᠯᠳᠤᠳᠠᠭ ᠢᠯᠡᠷᠡᠯ᠂ ᠤᠨᠲᠠᠬᠤ ᠶᠢ ᠨᠥᠯᠥᠭᠡᠯᠡᠬᠦ ᠬᠦᠴᠦᠨ ᠵᠦᠢᠯ᠂ ᠨᠣᠶᠢᠷ ᠬᠤᠯᠵᠢᠬᠤ ᠶᠢ ᠰᠢᠢᠳᠪᠦᠷᠢᠯᠡᠬᠦ ᠠᠷᠭ᠎ᠠ ᠵᠡᠷᠭᠡ ᠣᠯᠠᠨ ᠲᠠᠯ᠎ᠠ ᠪᠠᠷ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠤᠮᠵᠢ ᠬᠢᠵᠦ᠂ ᠢᠯᠠᠩᠭᠤᠶ᠎ᠠ ᠡᠮᠴᠢᠯᠡᠭᠡᠨ ᠤ ᠨᠡᠶᠢᠲᠡᠯᠢᠭ ᠵᠢᠱᠢᠶ᠎ᠡ ᠲᠠᠢ ᠤᠶᠠᠯᠳᠤᠭᠤᠯᠤᠨ᠂ ᠵᠦᠢ ᠵᠣᠬᠢᠰᠲᠠᠢ ᠢᠳᠡᠭᠡᠨ ᠤᠮᠳᠠᠭᠠᠨ᠂ ᠲᠣᠬᠢᠷᠠᠮᠵᠢᠲᠠᠢ ᠬᠥᠳᠡᠯᠭᠡᠭᠡᠨ ᠬᠢᠬᠦ᠂ ᠰᠠᠶᠢᠨ ᠰᠠᠶᠢᠬᠠᠨ ᠰᠡᠳᠬᠢᠴᠡ ᠶᠢᠨ ᠪᠠᠶᠢᠳᠠᠯ ᠢ ᠪᠠᠲᠤᠯᠠᠬᠤ ᠨᠢ ᠤᠨᠲᠠᠯᠭ᠎ᠠ ᠶᠢᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠭᠡᠳᠡᠭ ᠢ ᠭᠤᠣᠯᠳᠠᠯᠭ᠎ᠠ ᠲᠠᠢ ᠴᠢᠬᠤᠯᠠᠴᠢᠯᠠᠵᠤ᠂ ᠨᠠᠰᠤᠲᠠᠶᠢᠴᠤᠳ ᠤᠨ ᠤᠨᠲᠠᠯᠭ᠎ᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠭᠦ ᠳᠤ ᠪᠣᠳᠠᠲᠠᠢ ᠪᠥᠭᠡᠳ ᠲᠤᠰᠠᠲᠠᠢ ᠰᠠᠨᠠᠭᠤᠯᠭ᠎ᠠ ᠬᠠᠩᠭᠠᠭᠰᠠᠨ ᠪᠠᠶᠢᠨ᠎ᠠ᠃ ᠲᠠᠶᠢᠯᠤᠮᠵᠢ ᠳᠠᠭᠤᠰᠤᠭᠰᠠᠨ ᠤ ᠳᠠᠷᠠᠭ᠎ᠠ ᠯᠢᠦᠢ ᠳ᠋ᠦᠩ ᠱᠧᠩ ᠠᠬᠠᠮᠠᠳ ᠨᠥᠬᠦᠳ ᠤᠨ ᠳᠤᠷᠠᠳᠤᠭᠰᠠᠨ ᠡᠯ᠎ᠡ ᠵᠦᠢᠯ ᠤᠨ ᠤᠨᠲᠠᠯᠭ᠎ᠠ ᠶᠢᠨ ᠠᠰᠠᠭᠤᠳᠠᠯ ᠳᠤ ᠬᠦᠯᠢᠴᠡᠩᠭᠦᠢ ᠬᠠᠷᠢᠭᠤᠯᠲᠠ ᠥᠭᠭᠦᠭᠰᠡᠨ ᠪᠥᠭᠡᠳ ᠥᠪᠡᠷᠮᠢᠴᠡ ᠰᠠᠨᠠᠭᠤᠯᠭ᠎ᠠ ᠥᠭᠴᠡᠢ᠃          ᠠᠬᠠᠮᠠᠳ ᠨᠥᠬᠦᠳ ᠠᠴᠠ᠂ ᠲᠣᠰ ᠤᠳᠠᠭᠠᠨ ᠤ ᠲᠠᠶᠢᠯᠤᠮᠵᠢ ᠨᠢ ᠠᠭᠤᠯᠭ᠎ᠠ ᠪᠠᠷ ᠪᠠᠶᠠᠯᠢᠭ᠂ ᠬᠡᠷᠡᠭᠯᠡᠭᠡᠨ ᠤ ᠴᠢᠨᠠᠷ ᠢᠶᠠᠷ ᠴᠢᠩᠭ᠎ᠠ ᠪᠠᠶᠢᠵᠤ᠂ ᠤᠨᠲᠠᠯᠭ᠎ᠠ ᠶᠢᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠳᠤ ᠮᠠᠰᠢ ᠣᠯᠠᠨ ᠪᠦᠲᠦᠮᠵᠢᠲᠡᠶ ᠠᠷᠭ᠎ᠠ ᠵᠠᠮ ᠬᠠᠩᠭᠠᠵᠠᠢ ᠭᠡᠪᠡ᠃ ᠲᠠᠷᠠᠭᠠᠴᠢ ᠶᠢᠨ ᠠᠯᠬᠤᠮ ᠳᠤ᠂ ᠤᠯᠤᠰ ᠲᠦᠷᠦ ᠶᠢᠨ ᠵᠥᠪᠯᠡᠯᠭᠡᠨ ᠤ ᠠᠯᠪᠠᠨ ᠲᠢᠩᠬᠢᠮ ᠤᠯᠠᠨ ᠭᠡᠯᠪᠡᠷᠢ ᠮᠠᠶ᠋ᠢᠭ ᠤᠨ ᠡᠷᠡᠭᠦᠯ ᠮᠡᠨᠳᠦ ᠶᠢᠨ ᠭᠤᠣᠯ ᠰᠡᠳᠦᠪᠲᠦ ᠠᠵᠢᠯᠯᠠᠭ᠎ᠠ ᠶᠢ ᠦᠷᠭᠦᠯᠵᠢᠯᠡᠨ ᠨᠠᠷᠢᠨ ᠨᠢᠮᠪᠠᠢ ᠲᠥᠯᠥᠪᠯᠡᠨ ᠥᠷᠨᠢᠭᠦᠯᠵᠦ᠂ ᠠᠬᠠᠮᠠᠳ ᠺᠠᠳ᠋ᠷᠴᠤᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠡᠳᠬᠢᠯ ᠲᠠᠯᠪᠢᠨ ᠰᠠᠶᠢᠲᠤᠷ ᠬᠢᠬᠦ ᠪᠣᠯᠣᠨ᠎ᠠ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ