ᠰᠢᠨ᠎ᠡ ᠪᠠᠷᠭᠤ ᠵᠡᠭᠦᠨ ᠬᠤᠰᠢᠭᠤ ᠬᠠᠯᠠᠮᠰᠢᠯ ᠤᠲᠠᠰᠤ12345᠎ ᠶᠢᠨ ᠠᠵᠢᠯ ᠤᠨ ᠬᠠᠭᠤᠳᠠᠰᠤ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/9
          4 ᠰᠠᠷ᠎ᠠ ᠶᠢᠨ 8᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠵᠠᠩ ᠮᠢᠩ ᠬᠠᠯᠠᠮᠰᠢᠯ ᠤᠲᠠᠰᠤ 12345 ᠎ ᠶᠢᠨ ᠠᠵᠢᠯ ᠤᠨ ᠬᠠᠭᠤᠳᠠᠰᠤ ᠶᠢᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠠᠮᠢᠶ᠎ᠠ ᠪᠦᠬᠦᠢ ᠰᠤᠮᠤ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
20250409-1.jpg
          ᠬᠤᠷᠠᠯ ᠠᠴᠠ ᠲᠤᠬᠠᠢ ᠶᠢᠨ ᠡᠳᠦᠷ ᠪᠣᠯᠲᠠᠯᠠᠬᠢ ᠬᠠᠯᠠᠮᠰᠢᠯ ᠤᠲᠠᠰᠤ 12345᠎ ᠶᠢᠨ ᠭᠦᠢᠴᠡᠳᠬᠡᠬᠦ ᠪᠠᠷ ᠪᠠᠶᠢᠭ᠎ᠠ ᠠᠵᠢᠯ ᠤᠨ ᠬᠠᠭᠤᠳᠠᠰᠤ ᠶᠢᠨ ᠪᠠᠶᠢᠳᠠᠯ ᠢ ᠵᠠᠷᠯᠠᠨ ᠮᠡᠳᠡᠭᠳᠡᠵᠦ᠂ ᠬᠦᠴᠢᠷ ᠲᠦᠪᠡᠭᠲᠡᠢ ᠠᠵᠢᠯ ᠤᠨ ᠬᠠᠭᠤᠳᠠᠰᠤ ᠶᠢ ᠵᠦᠢᠯ ᠳᠠᠷᠠᠭᠠᠯᠠᠨ ᠡᠮᠬᠢᠯᠡᠨ ᠳᠢᠭᠯᠡᠵᠦ᠂ ᠬᠠᠷᠢᠭᠤᠴᠠᠯᠭ᠎ᠠ ᠶᠢᠨ ᠭᠤᠣᠯ ᠴᠣᠭᠴᠠ ᠪᠠ ᠭᠦᠢᠴᠡᠳᠬᠡᠬᠦ ᠴᠠᠭ ᠤᠨ ᠬᠢᠵᠠᠭᠠᠷ ᠢ ᠲᠣᠳᠣᠷᠬᠠᠶᠢᠯᠠᠨ᠂ ᠬᠦᠴᠢᠷ ᠲᠦᠪᠡᠭᠲᠡᠢ ᠠᠵᠢᠯ ᠤᠨ ᠬᠠᠭᠤᠳᠠᠰᠤ ᠶᠢ ᠪᠣᠳᠠᠲᠠᠢ ᠪᠠᠷ ᠰᠢᠢᠳᠪᠦᠷᠢᠯᠡᠬᠦ ᠶᠢ ᠦᠨᠡᠨ ᠬᠦ ᠪᠠᠲᠤᠯᠠᠪᠠ᠃          ᠵᠠᠩ ᠮᠢᠩ ᠴᠢᠬᠤᠯᠠᠴᠢᠯᠠᠭᠰᠠᠨ ᠨᠢ᠂ ᠬᠠᠯᠠᠮᠰᠢᠯ ᠤᠲᠠᠰᠤ 12345 ᠪᠣᠯ ᠨᠠᠮ ᠪᠣᠯᠣᠨ ᠵᠠᠰᠠᠭ ᠤᠨ ᠣᠷᠳᠣᠨ ᠤ ᠣᠯᠠᠨ ᠲᠦᠮᠡᠨ ᠲᠠᠢ ᠬᠠᠷᠢᠯᠴᠠᠬᠤ ᠭᠤᠣᠯ ᠠᠷᠭ᠎ᠠ ᠵᠠᠮ ᠮᠥᠨ᠂ ᠨᠠᠮ ᠤᠨ ᠰᠤᠷᠲᠠᠯ ᠵᠠᠰᠠᠭ ᠤᠨ ᠰᠤᠷᠲᠠᠯ ᠎ ᠢ ᠲᠤᠰᠬᠠᠬᠤ ︽ᠴᠠᠭ ᠠᠭᠤᠷ ᠤᠨ ᠬᠡᠮᠵᠢᠭᠦᠷ︾ ᠮᠥᠨ᠃ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠰᠠᠨᠠᠭᠠᠴᠢᠯᠠᠭ᠎ᠠ ᠎ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠵᠤ᠂ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠬᠤᠲᠠ ᠶᠢᠨ ᠬᠠᠮᠢᠶᠠᠷᠤᠯᠲᠠ ᠶᠢ ᠳᠦᠷᠢᠮᠵᠢᠭᠦᠯᠦᠨ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠦᠯᠲᠡ ᠶᠢ ᠴᠢᠩᠳᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠢᠳᠠᠮᠵᠢ ᠣᠯᠭᠤᠬᠤ ᠶᠢ ᠴᠢᠩᠭᠠᠳᠬᠠᠵᠤ᠂ ᠣᠯᠠᠨ ᠲᠦᠮᠡᠨ ᠤ ᠲᠤᠰᠬᠠᠭᠰᠠᠨ ᠡᠯ᠎ᠡ ᠲᠥᠷᠥᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠬᠦ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠷᠠᠳ ᠲᠦᠮᠡᠨ ᠳᠤ ᠦᠢᠯᠡᠴᠢᠯᠡᠬᠦ ᠳᠥᠭᠦᠮ ᠳᠥᠲᠡ᠂ ᠥᠨᠳᠥᠷ ᠪᠦᠲᠦᠮᠵᠢᠲᠡᠶ᠂ ᠳᠦᠷᠢᠮ ᠵᠢᠷᠤᠮ ᠎ ᠲᠠᠢ᠂ ᠣᠶᠤᠨᠯᠢᠭ ᠬᠠᠯᠠᠮᠰᠢᠯ ᠤᠲᠠᠰᠤᠨ ᠤ ᠲᠠᠪᠴᠠᠩ ᠢ ᠬᠠᠮᠲᠤ ᠪᠠᠷ ᠰᠠᠶᠢᠲᠤᠷ ᠪᠠᠶᠢᠭᠤᠯᠬᠤ ᠬᠡᠷᠡᠭᠲᠡᠢ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ