ᠠᠶᠤᠯ ᠠᠶᠤᠯ ᠠᠴᠠ ᠠᠷᠢᠬᠢ ᠲᠠᠮᠠᠬᠢᠨ ᠤ ᠠᠶᠤᠯ
ᠨᠡᠶᠢᠲᠡᠯᠡᠭᠰᠡᠨ ᠴᠠᠭ᠄
2025/5/12
         ︽ᠤᠬᠠᠭᠠᠨ ᠪᠠᠯᠠᠷᠲᠤᠬᠤ ᠠᠷᠢᠬᠢᠨ ᠤ ᠬᠢ ᠠᠭᠤᠰᠬᠢ ᠮᠠᠩᠭᠡᠷᠳᠤᠭᠦ ᠲᠠᠮᠠᠬᠢᠨ ᠤ ᠬᠢ︾ ᠭᠡᠳᠡᠭ᠃          ᠠᠷᠢᠬᠢ ᠲᠠᠮᠠᠬᠢᠨ ᠤ ᠲᠤᠬᠠᠢ ᠶᠠᠷᠢᠶ᠎ᠠ ᠥᠨᠥᠳᠥᠷ ᠠᠶᠢᠯ ᠡᠷᠤᠭᠡ ᠪᠠᠶᠢᠲᠤᠭᠠᠢ ᠤᠯᠤᠰ ᠣᠷᠣᠨ ᠤ ᠲᠤᠬᠠᠢ ᠠᠰᠠᠭᠤᠳᠠᠯ ᠪᠣᠯᠵᠤ ᠬᠥᠮᠥᠨ ᠪᠦᠭᠦᠨ ᠤ ᠠᠩᠬᠠᠷᠤᠯ ᠢ ᠲᠠᠲᠠᠵᠤ ᠪᠠᠶᠢᠨ᠎ᠠ᠃ ᠡᠭᠦᠨ ᠳᠤ ᠨᠠᠰᠤᠨ ᠳᠤ ᠭᠦᠷᠦᠭᠰᠡᠳ ᠤᠨ 50 ᠠᠴᠠ ᠳᠡᠭᠡᠭᠰᠢ ᠬᠤᠪᠢ ᠨᠢ ᠠᠷᠢᠬᠢ ᠬᠡᠲᠦᠷᠡᠭᠦᠯᠳᠡᠭ᠃ ᠣᠳᠤᠬᠠᠨ᠎ᠠ ᠠᠷᠢᠬᠢ ᠤᠤᠭᠤᠳᠠᠭ ᠬᠥᠮᠥᠨ ᠤ ᠲᠤᠭ᠎ᠠ ᠪᠣᠯᠣᠨ ᠠᠷᠢᠬᠢ ᠤᠤᠭᠤᠬᠤ ᠬᠡᠮᠵᠢᠶ᠎ᠡ ᠨᠢ ᠤᠯᠠᠮ ᠠᠷᠪᠢᠳᠴᠤ᠂ ᠠᠩᠬ᠎ᠠ ᠳᠤᠮᠳᠠᠳᠤ ᠪᠠ ᠥᠨᠳᠥᠷ ᠳᠤᠮᠳᠠᠳᠤ ᠶᠢᠨ ᠰᠤᠷᠤᠬᠴᠢ᠂ ᠴᠢᠨᠠᠭᠰᠢᠯᠠᠨ ᠶᠡᠭᠡ ᠰᠤᠷᠭᠠᠭᠤᠯᠢ ᠶᠢᠨ ᠣᠶᠤᠲᠠᠨ ᠪᠣᠯᠣᠨ ᠡᠮᠡᠭᠲᠡᠶᠢᠴᠦᠳ ᠴᠤ ᠠᠷᠢᠬᠢᠳᠠᠳᠠᠭ ᠪᠣᠯᠪᠠ᠃          ︽ᠠᠷᠢᠬᠢ ᠶᠢ ᠶᠡᠭᠡ ᠤᠤᠭᠤᠪᠠᠯ ᠬᠤᠣᠷ ᠪᠠᠭ᠎ᠠ ᠤᠤᠭᠤᠪᠠᠯ ᠪᠠᠯ︾ ᠬᠡᠮᠡᠳᠡᠭ ᠢᠶᠠᠷ᠂ ᠶᠡᠷᠦ ᠨᠢ ᠠᠯᠢᠪᠠ ᠶᠠᠭᠤᠮᠠᠰ ᠬᠢᠷᠢ ᠬᠡᠮᠵᠢᠶᠡᠨ ᠠᠴᠠ ᠪᠠᠨ ᠬᠡᠲᠦᠷᠡᠬᠦ ᠳᠤ ᠬᠤᠣᠷ ᠪᠤᠯᠳᠠᠭ ᠪᠠᠶᠢᠨ᠎ᠠ᠃ ᠲᠡᠭᠦᠨ ᠤ ᠳᠣᠲᠣᠷ᠎ᠠ ᠠᠴᠠ ᠠᠷᠢᠬᠢ ᠬᠡᠲᠦᠷᠡᠭᠦᠯᠬᠦ ᠨᠢ ᠳᠤᠩᠳᠤᠬᠤ ᠬᠡᠮᠡᠬᠦ ᠡᠪᠡᠳᠴᠢᠨ ᠪᠣᠯᠵᠤ ᠳᠡᠶᠢᠯᠦᠭᠳᠡᠰᠢ ᠦᠭᠡᠢ ᠠᠶᠤᠯ ᠢ ᠤᠴᠠᠷᠠᠭᠤᠯᠳᠠᠭ ᠠᠵᠢ᠃          ᠠᠷᠢᠬᠢ ᠶᠢ ᠪᠦᠷᠢᠮᠦᠰᠦᠨ ᠬᠤᠷᠢᠵᠤ ᠪᠤᠯᠬᠤ ᠦᠭᠡᠢ ᠨᠢ ᠣᠶᠢᠯᠠᠭᠠᠮᠵᠢᠲᠠᠢ᠂ ᠡᠭᠦᠨ ᠢ ᠦᠢᠯᠡᠳᠪᠦᠷᠢᠯᠡᠳᠡᠭ ᠦᠭᠡᠢ᠂ ᠬᠡᠷᠡᠭᠯᠡᠳᠡᠭ ᠦᠭᠡᠢ ᠣᠷᠣᠨ ᠳᠡᠯᠡᠬᠡᠢ ᠳᠤ ᠬᠤᠪᠣᠷ᠃ ᠠᠷᠢᠬᠢ ᠶᠢ ᠪᠠᠭ᠎ᠠ ᠬᠡᠮᠵᠢᠶ᠎ᠡ ᠪᠠᠷ ᠤᠤᠭᠤᠬᠤ ᠳᠤ ᠬᠥᠮᠥᠨ ᠤ ᠪᠡᠶ᠎ᠡ ᠳᠤ ᠠᠰᠢᠭ ᠲᠤᠰᠠ ᠲᠠᠢ ᠵᠦᠢᠯ ᠪᠠᠶᠢᠬᠤ ᠨᠢ ᠶᠠᠷᠢᠶᠠᠨ ᠦᠭᠡᠢ᠂ ᠡᠨᠡ ᠨᠢ ᠭᠤᠣᠯᠳᠠᠭᠤ ᠲᠡᠭᠦᠨ ᠤ ᠪᠦᠷᠢᠯᠳᠦᠭᠦᠨ ᠨᠠᠶᠢᠷᠠᠯᠭ᠎ᠠ ᠳᠤᠨᠢ ᠪᠤᠢ᠃ ᠵᠢᠱᠢᠶᠡᠯᠡᠪᠡᠯ᠂ ᠪᠡᠶ᠎ᠡ ᠶᠢᠨ ᠬᠦᠴᠦ ᠲᠠᠮᠢᠷ ᠢ ᠰᠡᠷᠭᠦᠭᠡᠬᠦ᠂ ᠬᠤᠳᠣᠭᠤᠳᠤ ᠭᠡᠳᠡᠰᠦᠨ ᠤ ᠬᠤᠭᠤᠯᠠ ᠰᠢᠩᠭᠡᠭᠡᠬᠦ ᠴᠢᠳᠠᠪᠤᠷᠢ ᠶᠢ ᠲᠡᠭᠡᠭᠰᠢᠯᠡᠭᠦᠯᠭᠦ᠂ ᠵᠠᠷᠢᠮ ᠨᠢᠶᠠᠨ ᠬᠤᠷᠣᠬᠠᠢ ᠶᠢ ᠤᠰᠠᠳᠬᠠᠬᠤ ᠵᠡᠷᠭᠡ ᠲᠤᠰᠠ ᠲᠠᠢ ᠵᠦᠢᠯ ᠪᠠᠶᠢᠳᠠᠭ ᠢ ᠦᠭᠡᠶᠢᠰᠬᠡᠵᠦ ᠪᠤᠯᠬᠤ ᠦᠭᠡᠢ᠃          ᠠᠷᠢᠬᠢ ᠶᠢ ᠢᠳᠡᠭᠡᠨ ᠤ ᠳᠡᠭᠡᠵᠢ ᠭᠡᠵᠦ ᠬᠦᠨᠳᠦᠳᠬᠡᠨ ᠪᠠᠶᠠᠷ᠂ ᠶᠣᠰᠣᠯᠠᠯ᠂ ᠨᠠᠶᠢᠷ ᠨᠠᠭᠠᠳᠤᠮ᠂ ᠨᠠᠶᠢᠵᠠ ᠨᠥᠬᠦᠳ ᠤᠨ ᠠᠭᠤᠯᠵᠠᠯᠲᠠ ᠳᠤ ᠬᠡᠷᠡᠭᠯᠡᠳᠡᠭ ᠵᠠᠩᠰᠢᠯ ᠲᠠᠢ᠃ ᠮᠥᠨ ᠠᠷᠢᠬᠢ ᠶᠢ ᠨᠠᠰᠤ ᠬᠦᠢᠰᠦ ᠶᠢ ᠬᠠᠷᠠᠭᠠᠯᠵᠠᠨ ᠬᠡᠮᠵᠢᠶ᠎ᠡ ᠬᠢᠵᠠᠭᠠᠷ ᠲᠠᠢ ᠬᠡᠷᠡᠭᠯᠡᠬᠦ ᠶᠣᠰᠣ ᠲᠠᠢ᠃ ᠮᠣᠩᠭᠤᠯ ᠶᠣᠰᠣᠨ ᠳᠤ ᠲᠠᠪᠢᠨ ᠨᠠᠰᠤ ᠬᠦᠷᠴᠦ ᠲᠠᠯᠪᠢᠵᠤ ᠤᠤᠭᠤ᠂ ᠵᠢᠷᠠᠨ ᠨᠠᠰᠤ ᠬᠦᠷᠴᠦ ᠵᠢᠷᠭᠠᠵᠤ ᠤᠤᠭᠤ ᠭᠡᠰᠡᠨ ᠦᠭᠡ ᠪᠠᠶᠢᠳᠠᠭ᠃          ᠲᠠᠮᠠᠬᠢ ᠪᠣᠯ ᠨᠥᠯᠥᠭᠡ ᠪᠠᠷ ᠢᠶᠠᠨ ᠠᠷᠢᠬᠢᠨ ᠠᠴᠠ ᠴᠤ ᠢᠯᠡᠭᠦᠦ ᠮᠠᠭᠤ ᠵᠦᠢᠯ᠂ ᠢᠯᠠᠩᠭᠤᠶ᠎ᠠ ᠬᠤᠭᠤᠯᠠᠨ ᠤ ᠲᠡᠷᠠᠭ᠎ᠠ ᠲᠠᠮᠠᠬᠢ ᠲᠠᠲᠠᠬᠤ ᠨᠢ ᠶᠡᠷᠦ ᠶᠢᠨ ᠦᠶ᠎ᠡ ᠶᠢᠨ ᠲᠠᠮᠠᠬᠢ ᠲᠠᠲᠠᠬᠤ ᠠᠴᠠ ᠤᠯᠠᠮ ᠬᠤᠣᠷ ᠲᠠᠢ ᠪᠠᠶᠢᠵᠤ᠂ ᠬᠤᠳᠣᠭᠤᠳᠤᠨ ᠳᠤ ᠮᠠᠰᠢ ᠶᠡᠭᠡ ᠨᠥᠯᠥᠭᠡ ᠦᠵᠡᠭᠦᠯᠳᠡᠭ᠃ ᠲᠠᠮᠠᠬᠢ ᠲᠠᠲᠠᠳᠠᠭ ᠬᠥᠮᠥᠰ ᠬᠡᠦᠬᠡᠳ ᠡᠮᠡᠭᠲᠡᠶᠢᠴᠦᠳ ᠢ ᠬᠠᠮᠤᠷᠤᠭᠰᠠᠨ ᠪᠠᠶᠢᠭ᠎ᠠ ᠨᠢ ᠠᠶᠤᠮᠰᠢᠭᠲᠠᠢ ᠪᠠᠶᠢᠳᠠᠭ᠃ ᠲᠠᠮᠠᠬᠢ ᠶᠢ ᠠᠯᠢ ᠪᠤᠯᠬᠤ ᠪᠠᠷ ᠲᠠᠲᠠᠬᠤ ᠦᠭᠡᠢ ᠪᠠᠶᠢᠬᠤ ᠶᠢ ᠬᠢᠴᠢᠶᠡᠬᠦ ᠬᠡᠷᠡᠭᠲᠡᠢ᠃ ᠨᠠᠰᠤ  ᠪᠠᠷ ᠢᠶᠠᠨ ᠠᠷᠢᠬᠢ ᠲᠠᠮᠠᠬᠢ ᠤᠤᠭᠤᠳᠠᠭ ᠦᠭᠡᠢ ᠬᠥᠮᠥᠨ ᠳᠤ ᠲᠤᠲᠠᠭᠳᠠᠵᠤ ᠭᠠᠴᠢᠭᠳᠠᠭᠰᠠᠨ᠂ ᠵᠣᠪᠠᠵᠤ ᠰᠢᠨᠠᠯᠤᠭᠰᠠᠨ ᠶᠠᠭᠤᠮ᠎ᠠ ᠪᠠᠶᠢᠬᠤ ᠦᠭᠡᠢ ᠴᠤ ᠡᠷᠡᠭᠦᠯ ᠡᠩᠬᠡ᠂ ᠤᠷᠳᠤ ᠤᠳᠠᠭᠠᠨ ᠨᠠᠰᠤᠯᠠᠬᠤ ᠳᠤᠨᠢ ᠠᠶᠤᠯ ᠤᠴᠠᠷᠠᠭᠤᠯᠳᠠᠭ᠃          ᠠᠷᠢᠬᠢ ᠲᠠᠮᠠᠬᠢᠨ ᠤ ᠲᠠᠯ᠎ᠠ ᠪᠠᠷ ᠡᠷᠳᠡᠮᠲᠡᠨ ᠮᠡᠷᠭᠡᠳ᠂ ᠡᠮᠴᠢ ᠳᠣᠮᠴᠢ ᠤᠯᠠᠨ ᠬᠥᠮᠥᠨ ᠪᠢᠴᠢᠵᠦ ᠪᠠᠶᠢᠭ᠎ᠠ ᠲᠤᠯᠠ ᠠᠳᠡ ᠲᠠᠭᠢᠨ ᠳᠠᠪᠲᠠᠨ ᠨᠤᠷᠰᠢᠬᠤ ᠦᠭᠡᠢ᠃          ︵︽ᠰᠠᠶᠢᠬᠠᠨ ᠠᠪᠴᠤ ᠶᠠᠪᠤᠭᠰᠠᠨ ᠡᠭᠡᠯ ᠪᠡᠶ᠎ᠡ ᠰᠠᠷᠠᠭᠤᠯ ᠣᠷᠴᠢᠯᠠᠩ ᠳᠤ ᠵᠢᠷᠭᠠᠯ ᠲᠠᠢ︾ ᠨᠣᠮ ᠠᠴᠠ ᠨᠠᠶᠢᠷᠠᠭᠤᠯᠤᠨ ᠠᠪᠤᠪᠠ︶
ᠢᠷᠡᠯᠲᠡ᠄ ᠳᠤᠮᠳᠠᠳᠤ ᠤᠯᠤᠰ ᠤᠨ ᠮᠣᠩᠭᠣᠯ ᠬᠡᠯᠡᠨ ᠦ ᠰᠣᠨᠢᠨ ᠮᠡᠳᠡᠭᠡ ᠶᠢᠨ ᠰᠦᠯᠵᠢᠶ᠎ᠡ