5 ᠰᠠᠷ᠎ᠠ ᠶᠢᠨ 10 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ | ᠳᠠᠷᠤᠭ᠎ᠠ ᠬᠠᠳᠠ᠂ ᠳᠡᠳ᠋ ᠬᠤᠰᠢᠭᠤᠨ ᠳᠠᠷᠤᠭ᠎ᠠ ᠸᠠᠩ ᠰᠢᠩ ᠭᠦᠸᠧ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠳᠠᠭᠠᠭᠤᠯᠤᠨ ᠬᠥᠯᠥᠨ | ᠪᠤᠶᠢᠷ ᠤᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠳᠤ ᠬᠦᠷᠴᠦ᠂ ᠬᠥᠯᠥᠨ ᠪᠤᠶᠢᠷ ᠤᠨ ᠮᠢᠬᠠᠨ ᠤ ᠬᠤᠨᠢᠨ ᠤ ᠠᠵᠤ ᠦᠢᠯᠡᠰ ᠤᠨ | ᠬᠥᠭᠵᠢᠯᠲᠡ ᠶᠢᠨ ᠪᠠᠷᠢᠮᠵᠢᠶᠠᠵᠢᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠤᠨ ᠲᠣᠭᠤᠷᠢᠨ ᠳᠤ ᠲᠤᠬᠠᠶᠢᠯᠠᠭᠰᠠᠨ ᠠᠵᠢᠯ ᠢᠶᠠᠨ ᠵᠣᠯᠭᠠᠭᠤᠯᠪᠠ᠃ | ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠠᠵᠢᠯ ᠤᠨ | ᠲᠣᠭᠤᠷᠢᠨ ᠳᠤ ᠭᠦᠨᠵᠡᠭᠡᠢ ᠰᠤᠳᠤᠯᠤᠨ ᠶᠠᠷᠢᠯᠴᠠᠵᠤ ᠰᠣᠯᠢᠯᠴᠠᠭ᠎ᠠ ᠥᠷᠨᠢᠭᠦᠯᠵᠦ᠂ ᠬᠥᠯᠥᠨ ᠪᠤᠶᠢᠷ ᠤᠨ ᠮᠢᠬᠠᠨ ᠤ ᠬᠤᠨᠢᠨ ᠤ ᠠᠵᠤ ᠦᠢᠯᠡᠰ ᠤᠨ | ᠬᠥᠭᠵᠢᠯᠲᠡ ᠶᠢᠨ ᠪᠠᠷᠢᠮᠵᠢᠶᠠᠵᠢᠭᠰᠠᠨ ᠰᠢᠰᠲ᠋ᠧᠮ ᠤᠨ ᠪᠠᠶᠢᠭᠤᠯᠤᠯᠲᠠ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠬᠤᠣᠷ ᠦᠭᠡᠶᠢᠵᠢᠬᠦᠯᠦᠨ ᠰᠢᠢᠳᠪᠦᠷᠢᠯᠡᠬᠦ᠂ | ᠮᠢᠬᠠᠨ ᠤ ᠦᠬᠡᠷ ᠢ︽ᠪᠠᠷᠠᠭᠤᠨ ᠣᠷᠣᠨ ᠳᠤ ᠦᠷᠡᠵᠢᠭᠦᠯᠵᠦ ᠵᠡᠭᠦᠨ ᠣᠷᠣᠨ ᠳᠤ ᠥᠰᠬᠡᠬᠦ︾ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭᠠᠨ ᠤ ᠰᠠᠨᠠᠮᠵᠢ ᠶᠢ ᠲᠣᠬᠢᠷᠠᠯᠴᠠᠵᠠᠢ᠃ | ᠬᠤᠶᠠᠷ ᠲᠠᠯ᠎ᠠ ᠪᠠᠷ ᠢᠶᠠᠨ ᠰᠠᠨᠠᠯ ᠨᠢᠭᠡᠳᠦᠭᠰᠡᠨ ᠨᠢ᠂ ᠬᠥᠯᠥᠨ ᠪᠤᠶᠢᠷ ᠤᠨ ᠮᠢᠬᠠᠨ ᠤ ᠬᠤᠨᠢᠨ ᠤ ᠠᠵᠤ ᠦᠢᠯᠡᠰ ᠤᠨ ᠬᠥᠭᠵᠢᠯᠲᠡ ᠶᠢᠨ | ᠪᠠᠷᠢᠮᠵᠢᠶᠠᠵᠢᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠪᠣᠯ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ | ᠠᠵᠢᠯ ᠤᠨ ᠴᠢᠬᠤᠯᠠ ᠠᠭᠤᠯᠭ᠎ᠠ ᠪᠣᠯᠣᠨ᠎ᠠ᠂ ᠪᠦᠬᠦ ᠬᠤᠳᠠ ᠶᠢᠨ ᠮᠢᠬᠠᠨ ᠤ ᠬᠤᠨᠢᠨ ᠤ ᠠᠵᠤ ᠦᠢᠯᠡᠰ ᠢ ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ᠂ ᠲᠦᠷᠦᠯ | ᠲᠡᠮᠳᠡᠭᠵᠢᠭᠦᠯᠬᠦ ᠲᠡᠰᠢ ᠬᠥᠭᠵᠢᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ ᠭᠡᠵᠡᠢ᠃ ᠲᠣᠰ ᠤᠳᠠᠭᠠᠨ ᠤ ᠵᠣᠯᠭᠠᠯᠴᠠᠭ᠎ᠠ ᠨᠢ ᠬᠤᠶᠠᠷ ᠲᠠᠯ᠎ᠠ ᠶᠢᠨ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠳᠤ ᠰᠠᠭᠤᠷᠢ ᠲᠠᠯᠪᠢᠵᠤ᠂ ᠮᠢᠬᠠᠨ ᠤ ᠬᠤᠨᠢᠨ ᠤ ᠪᠠᠷᠢᠮᠵᠢᠶᠠᠵᠢᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢᠨ | ᠠᠬᠢᠴᠠ ᠶᠢ ᠲᠦᠷᠭᠡᠳᠬᠡᠨ ᠠᠬᠢᠭᠤᠯᠬᠤ ᠪᠠᠷ ᠪᠠᠷᠠᠬᠤ ᠦᠭᠡᠢ᠂ ᠨᠠᠩ ᠴᠤ ᠭᠠᠳᠠᠭᠠᠳᠤ ᠨᠡᠭᠡᠭᠡᠯᠲᠡ ᠵᠡᠷᠭᠡ ᠬᠦᠷᠢᠶᠡᠨ ᠳᠤ ᠨᠠᠩ ᠥᠷᠭᠡᠨ ᠠᠭᠤᠳᠠᠮ | ᠬᠠᠮᠲᠤᠷᠠᠯᠴᠠᠭᠠᠨ ᠤ ᠣᠷᠣᠨ ᠵᠠᠢ ᠶᠢ ᠨᠡᠭᠡᠭᠡᠬᠦ ᠪᠣᠯᠣᠮᠵᠢ ᠲᠠᠢ ᠶᠤᠮ᠃ |