5 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠪᠤᠭᠤᠲᠤ ᠳᠤ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠸᠠᠩ ᠰᠢᠶᠣᠣ | ᠫᠢᠩ ᠲᠠᠢ ᠠᠭᠤᠯᠵᠠᠪᠠ᠃ | | | | | | | | ᠰᠦᠨ ᠱᠤᠤ ᠴᠧᠩ ᠸᠠᠩ ᠰᠢᠶᠣᠣ ᠫᠢᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠤᠷᠳᠤ ᠬᠤᠭᠤᠴᠠᠭᠠᠨ ᠤ ᠲᠤᠷᠰᠢ ᠥᠪᠥᠷ ᠮᠣᠩᠭᠤᠯ ᠳᠤ ᠦᠵᠡᠭᠦᠯᠦᠭᠰᠡᠨ ᠳᠡᠮᠵᠢᠯᠭᠡ ᠬᠠᠪᠰᠤᠷᠤᠯᠭ᠎ᠠ ᠳᠤ ᠲᠠᠯᠠᠷᠬᠠᠵᠤ | ᠪᠠᠶᠢᠬᠤ ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠲᠡᠷᠡ᠂ ᠥᠪᠥᠷ ᠮᠣᠩᠭᠤᠯ ᠤᠨ | ᠠᠵᠢᠯ ᠣᠯᠭᠤᠯᠲᠠ ᠶᠢᠨ ᠪᠠᠶᠢᠳᠠᠯ ᠬᠠᠷᠢᠴᠠᠩᠭᠤᠢ ᠪᠤᠳᠤᠯᠢᠶᠠᠨᠲᠠᠢ ᠪᠠᠶᠢᠨ᠎ᠠ᠂ ᠠᠵᠢᠯ ᠣᠯᠭᠤᠯᠲᠠ ᠶᠢᠨ ᠡᠨᠡ ᠬᠦ ᠶᠡᠭᠡ ᠶᠠᠪᠤᠳᠠᠯ ᠢ ᠰᠠᠶᠢᠲᠤᠷ ᠬᠢᠬᠦ ᠶᠢᠨ ᠲᠥᠯᠥᠭᠡ᠂ ᠡᠨᠡ | ᠵᠢᠯ ᠪᠢᠳᠡ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠵᠦ᠂ ᠠᠷᠭ᠎ᠠ ᠪᠦᠭᠦᠨ ᠢ ᠰᠦᠪᠡᠭᠴᠢᠯᠡᠨ ᠠᠵᠢᠯ ᠣᠯᠭᠤᠯᠲᠠ ᠶᠢᠨ | ᠠᠵᠢᠯ ᠤᠨ ᠪᠠᠶᠢᠷᠢ ᠶᠢ ᠨᠡᠮᠡᠭᠳᠡᠭᠦᠯᠵᠦ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠪᠠ᠃ ᠪᠣᠳᠠᠲᠠᠢ ᠠᠵᠢᠯ ᠤᠨ ᠳᠤᠮᠳᠠ᠂ ᠪᠢᠳᠡ ᠠᠵᠢᠯ ᠣᠯᠭᠤᠬᠤ | ᠤᠳᠤᠷᠢᠳᠤᠮᠵᠢ ᠶᠢ ᠴᠢᠩᠭᠠᠳᠬᠠᠬᠤ ᠪᠠᠷ ᠳᠠᠮᠵᠢᠭᠤᠯᠤᠨ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ | ᠲᠡᠭᠦᠰᠬᠦ ᠰᠤᠷᠤᠬᠴᠢᠳ ᠤᠨ ᠠᠵᠢᠯ ᠣᠯᠬᠤ ᠠᠷᠭ᠎ᠠ ᠵᠠᠮ ᠢ ᠥᠷᠭᠡᠳᠬᠡᠵᠦ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠪᠠᠷ ᠳᠠᠮᠵᠢᠭᠤᠯᠤᠨ ᠮᠠᠯᠴᠢᠨ | ᠲᠠᠷᠢᠶᠠᠴᠢᠳ ᠤᠨ ᠲᠤᠬᠠᠢ ᠶᠢᠨ ᠭᠠᠵᠠᠷ ᠲᠠᠭᠠᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠵᠤ᠂ ᠠᠵᠤ ᠠᠬᠤᠶᠢᠯᠠᠯ ᠤᠨ ᠴᠠᠯᠢᠩ ᠥᠷᠢᠲᠦᠬᠦ | ᠠᠰᠠᠭᠤᠳᠠᠯ ᠢ ᠶᠠᠭ ᠬᠦᠴᠦᠲᠡᠢ ᠠᠷᠭ᠎ᠠ ᠬᠡᠮᠵᠢᠶ᠎ᠡ ᠪᠠᠷ ᠴᠡᠭᠴᠡᠯᠡᠨ ᠵᠠᠰᠠᠵᠤ ᠪᠠᠶᠢᠨ᠎ᠠ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠶᠠᠮᠤᠨ ᠥᠩᠭᠡᠷᠡᠭᠰᠡᠨ ᠲᠠᠢ ᠪᠠᠨ ᠠᠳᠠᠯᠢ ᠪᠠᠷ ᠥᠪᠥᠷ ᠮᠣᠩᠭᠤᠯ ᠳᠤ ᠵᠢᠯᠣᠭᠤᠳᠤᠯᠭ᠎ᠠ ᠪᠠ ᠳᠡᠮᠵᠢᠯᠭᠡ ᠦᠵᠡᠭᠦᠯᠵᠦ᠂ ᠪᠢᠳᠡᠨ ᠢ ᠬᠠᠪᠰᠤᠷᠤᠨ ᠠᠵᠢᠯ ᠣᠯᠭᠤᠯᠲᠠ ᠶᠢᠨ | ᠠᠵᠢᠯ ᠢ ᠰᠠᠶᠢᠲᠤᠷ ᠬᠢᠵᠦ᠂ ᠠᠵᠢᠯ ᠣᠯᠭᠤᠯᠲᠠ ᠶᠢᠨ ᠳᠤᠲᠠᠭᠤᠳᠠᠯ ᠢ ᠨᠥᠬᠦᠪᠦᠷᠢᠯᠡᠬᠦ ᠶᠢ ᠬᠦᠰᠡᠵᠦ ᠪᠠᠶᠢᠨ᠎ᠠ᠃ ᠥᠪᠥᠷ ᠮᠣᠩᠭᠤᠯ ᠳᠤ ᠴᠢᠳᠠᠪᠤᠷᠢᠲᠠᠨ ᠲᠤᠲᠠᠭᠳᠠᠵᠤ | ᠪᠤᠶ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠴᠢᠳᠠᠪᠤᠷᠢᠲᠠᠨ ᠲᠠᠲᠠᠬᠤ᠂ ᠬᠥᠮᠥᠵᠢᠭᠦᠯᠬᠦ᠂ ᠦᠯᠡᠳᠡᠭᠡᠬᠦ᠂ ᠬᠡᠷᠡᠭᠯᠡᠬᠦ ᠲᠠᠯ᠎ᠠ ᠪᠠᠷ | ᠪᠢᠳᠡᠨ ᠳᠤ ᠣᠯᠠᠨ ᠰᠠᠶᠢᠨ ᠠᠷᠭ᠎ᠠ ᠭᠠᠷᠭᠠᠨ ᠥᠭᠴᠦ᠂ ᠪᠢᠳᠡᠨ ᠢ ᠬᠠᠪᠰᠤᠷᠤᠨ ᠴᠢᠳᠠᠪᠤᠷᠢᠲᠠᠨ ᠤ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠶᠢ | ᠬᠦᠰᠡᠵᠦ ᠪᠠᠶᠢᠨ᠎ᠠ ᠭᠡᠪᠡ᠃ | ᠸᠠᠩ ᠰᠢᠶᠣᠣ ᠫᠢᠩ ᠡᠩ ᠲᠡᠷᠢᠭᠦᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ | ᠣᠷᠳᠣ ᠬᠤᠭᠤᠴᠠᠭᠠᠨ ᠤ ᠲᠤᠷᠰᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠵᠢᠯ ᠳᠤ ᠳᠡᠮᠵᠢᠯᠭᠡ ᠦᠵᠡᠭᠦᠯᠦᠭᠰᠡᠨ ᠳᠤ | ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠡᠨᠡ ᠤᠳᠠᠭ᠎ᠠ ᠶᠢᠨ ᠪᠠᠶᠢᠴᠠᠭᠠᠨ ᠰᠤᠳᠤᠯᠤᠯᠲᠠ ᠳᠤᠮᠳᠠ ᠪᠢᠳᠡ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ | ᠡᠯ᠎ᠡ ᠵᠦᠢᠯ ᠤᠨ ᠠᠵᠢᠯ ᠦᠢᠯᠡᠰ ᠤᠷᠲᠤ ᠬᠤᠭᠤᠴᠠᠭ᠎ᠠ ᠪᠠᠷ ᠬᠥᠭᠵᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠠᠵᠢᠯ | ᠣᠯᠭᠤᠯᠲᠠ ᠶᠢ ᠲᠣᠭᠲᠠᠪᠤᠷᠢᠵᠢᠭᠤᠯᠬᠤ ᠵᠡᠷᠭᠡ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠠᠩᠬᠠᠷᠴᠤ᠂ | ᠠᠯᠢ ᠣᠯᠠᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠢᠯᠡᠳᠲᠡ ᠦᠷ᠎ᠡ ᠪᠦᠲᠦᠮᠵᠢ ᠣᠯᠣᠭᠰᠠᠨ ᠢ ᠪᠡᠶᠡᠴᠢᠯᠡᠨ ᠮᠡᠳᠡᠷᠡᠪᠡ᠃ ᠬᠥᠮᠥᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠥᠪᠥᠷ ᠮᠣᠩᠭᠤᠯ ᠤᠨ ᠬᠥᠭᠵᠢᠯᠲᠡ ᠶᠢ ᠦᠷᠭᠦᠯᠵᠢᠯᠡᠨ ᠳᠡᠮᠵᠢᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ | ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠶᠢ ᠠᠬᠢᠭᠤᠯᠬᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠬᠤ᠂ ᠴᠢᠳᠠᠪᠤᠷᠢᠲᠠᠨ ᠤ | ᠲᠤᠯᠭᠠᠭᠤᠷᠢᠯᠠᠯ ᠢ ᠴᠢᠩᠭᠠᠳᠬᠠᠬᠤ᠂ ᠴᠠᠯᠢᠩ ᠥᠷᠢᠲᠦᠬᠦ ᠶᠢ ᠵᠠᠰᠠᠬᠤ ᠵᠡᠷᠭᠡ ᠲᠠᠯ᠎ᠠ ᠪᠠᠷ ᠡᠷᠴᠢᠮ ᠢᠶᠠᠨ ᠴᠢᠩᠭᠠᠷᠠᠭᠤᠯᠵᠤ᠂ ᠥᠪᠥᠷ ᠮᠣᠩᠭᠤᠯ ᠤᠨ ᠴᠢᠨᠠᠷ ᠰᠠᠶᠢᠲᠠᠢ | ᠬᠥᠭᠵᠢᠯᠲᠡ ᠳᠤ ᠬᠤᠪᠢ ᠨᠡᠮᠡᠷᠢ ᠦᠵᠡᠭᠦᠯᠦᠨ᠎ᠡ ᠭᠡᠪᠡ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠳ᠋ᠢᠩ ᠰᠢᠤ ᠹᠧᠩ᠂ ᠢᠦᠢ ᠯᠢ ᠰᠢᠨ᠂ ᠴᠢ᠊ ᠪᠠᠲᠤ ᠠᠭᠤᠯᠵᠠᠯᠲᠠ ᠳᠤ ᠣᠷᠣᠯᠴᠠᠵᠠᠢ᠃ | | |