ᠣᠶᠢᠷ᠎ᠠ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ | ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ ᠪᠥᠬᠦ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠤ᠂ ᠭᠤᠷᠪᠠᠳᠤᠭᠠᠷ ᠡᠭᠡᠯᠵᠢ ᠶᠢᠨ | ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢ ᠤᠭᠲᠤᠬᠤ ᠠᠵᠢᠯ ᠢ ᠳᠠᠶᠢᠴᠢᠯᠠᠨ ᠪᠠᠶᠢᠷᠢᠯᠠᠭᠤᠯᠪᠠ᠃ | ᠦ᠋ ᠰᠢᠤᠸᠠᠢ ᠶᠦᠩ ᠴᠢᠬᠤᠯᠠᠴᠢᠯᠠᠭᠰᠠᠨ ᠨᠢ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ | ᠠᠵᠢᠯ ᠪᠣᠯ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠴᠢᠬᠤᠯᠠ | ᠶᠡᠭᠡ ᠳᠦᠷᠢᠮ ᠤᠨ ᠲᠣᠬᠢᠷᠠᠭᠤᠯᠤᠯᠲᠠ ᠪᠠᠶᠢᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠪᠥᠬᠦ ᠬᠤᠰᠢᠭᠤ ᠪᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠥᠪ ᠤᠨ ᠠᠮᠢ | ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠢ ᠤᠭᠲᠤᠬᠤ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ | ᠰᠡᠳᠬᠢᠯᠭᠡ ᠪᠠᠨ ᠴᠢᠩᠭᠠᠳᠬᠠᠨ᠂ ᠬᠠᠮᠤᠭ ᠤᠨ ᠡᠷᠡᠰ ᠰᠢᠭᠤᠷᠬᠠᠢ ᠣᠪᠣᠷ᠂ ᠬᠠᠮᠤᠭ ᠤᠨ ᠬᠦᠴᠦᠲᠡᠢ ᠠᠷᠭ᠎ᠠ ᠬᠡᠮᠵᠢᠶ᠎ᠡ᠂ ᠬᠠᠮᠤᠭ ᠤᠨ ᠪᠣᠳᠠᠲᠠᠢ ᠶᠢ ᠡᠷᠬᠢᠮᠯᠡᠬᠦ | ᠰᠤᠷᠲᠠᠯ ᠢᠶᠠᠷ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠡᠯ᠎ᠡ ᠵᠦᠢᠯ ᠤᠨ ᠠᠵᠢᠯ ᠤᠨ ᠡᠭᠦᠷᠭᠡ ᠶᠢ | ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠲᠣᠰ ᠬᠦᠷᠢᠶᠡᠨ ᠳᠠᠬᠢ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠲᠠᠯ᠎ᠠ ᠪᠠᠷ | ᠪᠠᠶᠢᠴᠠᠭᠠᠨ ᠡᠮᠬᠢᠯᠡᠵᠦ᠂ ᠪᠠᠶᠢᠳᠠᠭ ᠬᠦᠴᠦᠨ ᠪᠠ ᠡᠬᠢ ᠪᠠᠶᠠᠯᠢᠭ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠵᠦ᠂ ᠶᠠᠮᠠᠷ ᠴᠤ ᠳᠠᠯᠳᠠ ᠬᠡᠮ | ᠦᠯᠡᠳᠡᠭᠡᠬᠦ ᠦᠭᠡᠢ ᠪᠠᠶᠢᠬᠤ ᠶᠢ ᠪᠠᠲᠤᠯᠠᠵᠤ᠂ ᠪᠥᠬᠦ ᠬᠤᠰᠢᠭᠤᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠠᠵᠢᠯ ᠤᠨ ᠰᠢᠨ᠎ᠡ ᠳᠡᠭᠲᠡᠷ ᠲᠤ ᠭᠠᠷᠴᠤ᠂ ᠳᠠᠬᠢᠨ ᠰᠢᠨ᠎ᠡ ᠬᠢᠷᠢ ᠲᠦᠪᠰᠢᠨ ᠳᠤ ᠬᠦᠷᠬᠦ ᠶᠢ ᠴᠢᠷᠮᠠᠶᠢᠨ ᠠᠬᠢᠭᠤᠯᠬᠤ ᠬᠡᠷᠡᠭᠲᠡᠢ᠃ |