ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ | ᠪᠠᠲᠤᠲᠠᠢ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠴᠢᠬᠡᠴᠢ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ | 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠬᠠᠳᠠ ᠠᠴᠠ ᠬᠤᠪᠢᠳᠠᠨ ᠬᠠᠮᠢᠶᠠᠷᠴᠤ ᠪᠠᠶᠢᠭ᠎ᠠ | ᠬᠦᠷᠢᠶ᠎ᠡ ᠴᠠᠷᠠᠭ᠎ᠠ ᠳᠠᠭᠠᠨ︽ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ︾ ᠰᠤᠷᠤᠯᠴᠠᠯᠭ᠎ᠠ ᠬᠥᠮᠦᠵᠢᠯ ᠤᠨ | ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠪᠠ᠃ | ᠨᠠᠮ ᠤᠨ ᠬᠢᠴᠢᠶᠡᠯ ᠳᠡᠭᠡᠷ᠎ᠡ ᠬᠠᠳᠠ ᠲᠥᠪ ᠤᠨ ᠨᠠᠢᠮᠠᠨ ᠵᠤᠷᠪᠤᠰ ᠲᠣᠭᠲᠠᠭᠠᠯ ᠢ ᠨᠡᠶᠢᠲᠡᠯᠡᠭᠰᠡᠨ ᠠᠬᠤᠢ ᠪᠠᠶᠢᠳᠠᠯ᠂ ᠴᠢᠬᠤᠯᠠ ᠶᠡᠭᠡ ᠠᠴᠢ | ᠬᠤᠯᠪᠣᠭᠳᠠᠯ ᠠᠴᠠ ᠭᠠᠷᠳᠠᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭᠠᠨ ᠤ | ᠠᠭᠤᠯᠭ᠎ᠠ ᠳᠤ ᠭᠦᠨᠵᠡᠭᠡᠢ ᠲᠠᠶᠢᠯᠤᠮᠵᠢ ᠬᠢᠵᠡᠢ᠃ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠤᠨ ᠰᠢᠨᠵᠢᠯᠡᠬᠦ ᠪᠠᠷ ᠳᠠᠮᠵᠢᠭᠤᠯᠤᠨ᠂ ᠲᠥᠪ ᠤᠨ ᠨᠠᠢᠮᠠᠨ ᠵᠤᠷᠪᠤᠰ | ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠪᠣᠳᠠᠲᠠᠢ ᠢᠯᠡᠷᠡᠯ ᠵᠢᠴᠢ ᠬᠦᠨᠳᠦ ᠨᠣᠴᠢᠲᠠᠢ ᠬᠤᠣᠷ ᠬᠥᠨᠥᠭᠡᠯ ᠢ ᠠᠮᠢᠳᠤᠯᠢᠭ ᠢᠶᠠᠷ ᠲᠣᠳᠣᠷᠬᠠᠶᠢᠯᠠᠨ | ᠥᠭᠦᠯᠡᠵᠦ᠂ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠪᠣᠯ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ᠂ ᠤᠯᠠᠨ ᠲᠦᠮᠡᠨ ᠲᠠᠢ ᠨᠢᠭᠲᠠ | ᠬᠠᠷᠢᠯᠴᠠᠬᠤ ᠶᠢᠨ ᠴᠢᠬᠤᠯᠠ ᠭᠠᠷᠳᠠᠴᠠ ᠮᠥᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠴᠢᠬᠤᠯᠠ ᠳᠦᠷᠢᠮ ᠤᠨ ᠪᠠᠲᠤᠯᠠᠭ᠎ᠠ ᠮᠥᠨ ᠭᠡᠵᠦ | ᠴᠢᠬᠤᠯᠠᠴᠢᠯᠠᠪᠠ᠃ | ᠬᠠᠳᠠ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠲᠤᠰ ᠤᠳᠠᠭᠠᠨ ᠤ ᠨᠠᠮ ᠤᠨ ᠬᠢᠴᠢᠶᠡᠯ ᠤᠨ ᠰᠤᠷᠤᠯᠴᠠᠯᠭ᠎ᠠ ᠪᠠᠷ ᠠᠵᠠ ᠲᠣᠬᠢᠶᠠᠯ | ᠪᠣᠯᠭᠠᠵᠤ᠂ ᠤᠯᠤᠰ ᠲᠦᠷᠦ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠬᠢᠯᠭ᠎ᠠ ᠪᠠᠲᠤ ᠶᠢᠨ ᠤᠬᠠᠮᠰᠠᠷ ᠪᠣᠯᠣᠨ ᠶᠣᠰᠣ ᠳᠦᠷᠢᠮ ᠤᠨ | ᠤᠬᠠᠮᠰᠠᠷ ᠢᠶᠠᠨ ᠴᠢᠩᠭᠠᠳᠬᠠᠵᠤ᠂︽ᠲᠦᠷᠪᠡᠨ ᠰᠤᠷᠲᠠᠯ︾ ᠤᠨ ᠠᠰᠠᠭᠤᠳᠠᠯ ᠢ ᠡᠷᠡᠰ ᠬᠤᠷᠢᠭᠯᠠᠵᠤ᠂ ᠨᠡᠩ ᠨᠠᠷᠢᠨ ᠬᠢᠨᠠᠮᠠᠭᠠᠢ ᠠᠵᠢᠯ ᠤᠨ ᠣᠪᠣᠷ᠂ ᠨᠡᠩ ᠪᠣᠳᠠᠲᠠᠢ ᠶᠢ | ᠡᠷᠬᠢᠮᠯᠡᠭᠰᠡᠨ ᠠᠵᠢᠯ ᠤᠨ ᠰᠤᠷᠲᠠᠯ ᠢᠶᠠᠷ ᠡᠯ᠎ᠡ ᠲᠦᠷᠦᠯ ᠤᠨ ᠠᠵᠢᠯ ᠳᠤ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠡᠢ᠃ |