ᠬᠠᠷᠢᠶᠠᠲᠤ ᠣᠷᠣᠨ ᠤ ᠤᠯᠠᠨ ᠲᠦᠮᠡᠨ ᠤ ᠪᠠᠴᠢᠮ ᠲᠤᠯᠭᠠᠮ᠎ᠠ ᠵᠣᠪᠠᠵᠤ ᠪᠠᠶᠢᠭ᠎ᠠ ᠠᠰᠠᠭᠤᠳᠠᠯ ᠢ ᠦᠨᠡᠨᠬᠦ ᠣᠶᠢᠯᠠᠭᠠᠬᠤ ᠶᠢᠨ ᠲᠥᠯᠥᠭᠡ᠂ ᠮᠠᠯᠴᠢᠳ ᠤᠨ | ᠡᠷᠡᠭᠦᠯ ᠮᠡᠨᠳᠤ ᠶᠢ ᠦᠷᠭᠦᠯᠵᠢᠯᠡᠨ ᠠᠩᠬᠠᠷᠴᠤ᠂ ᠭᠠᠨᠵᠤᠤᠷ ᠰᠤᠮᠤᠨ ᠤ ᠪᠠᠶᠠᠨᠪᠦᠷᠢᠳᠦ ᠭᠠᠴᠠᠭ᠎ᠠ ᠶᠢᠨ ︽ᠬᠤᠶᠠᠷ ᠵᠥᠪᠯᠡᠯ︾ 2025 ᠣᠨ ᠤ 5 ᠰᠠᠷ᠎ᠠ ᠶᠢᠨ 14 ᠤ | ᠡᠳᠦᠷ ᠬᠥᠯᠥᠨ ᠪᠤᠶᠢᠷ ᠬᠤᠳᠠ ᠶᠢᠨ ᠡᠮᠨᠡᠯᠭᠡ ᠶᠢᠨ ᠬᠤᠷᠢᠶ᠎ᠠ ᠳᠤ ᠬᠦᠷᠴᠦ᠂ ᠬᠥᠮᠥᠰ ᠤᠨ ᠰᠡᠳᠬᠢᠯ ᠢ ᠳᠤᠯᠠᠭᠠᠴᠠᠭᠤᠯᠤᠭᠰᠠᠨ ᠲᠣᠬᠤᠨᠢᠭᠤᠯᠬᠤ ᠠᠵᠢᠯᠯᠠᠭ᠎ᠠ | ᠥᠷᠨᠢᠭᠦᠯᠵᠦ᠂ ᠬᠠᠶᠢᠷ᠎ᠠ ᠬᠠᠯᠠᠮᠵᠢᠯᠠᠯ ᠢ ᠡᠪᠡᠳᠴᠢᠯᠡᠭᠰᠡᠨ ᠮᠠᠯᠴᠢᠳ ᠤᠨ ᠳᠡᠷᠭᠡᠳᠡ ᠬᠦᠷᠭᠡᠪᠡ᠃ | | | | | | | | ᠲᠣᠬᠤᠨᠢᠭᠤᠯᠬᠤ ᠶᠠᠪᠤᠴᠠ ᠳᠤ᠂ ︽ᠬᠤᠶᠠᠷ ᠵᠥᠪᠯᠡᠯ︾ ᠤᠨ ᠭᠡᠰᠢᠭᠦᠳ ᠡᠪᠡᠳᠴᠢᠯᠡᠭᠰᠡᠨ ᠮᠠᠯᠴᠢᠳ ᠤᠨ ᠡᠪᠡᠳᠴᠢᠨ ᠤ ᠪᠠᠶᠢᠳᠠᠯ ᠪᠣᠯᠣᠨ ᠡᠮᠨᠡᠨ ᠵᠠᠰᠠᠭᠰᠠᠨ | ᠪᠠᠶᠢᠳᠠᠯ ᠢ ᠳᠣᠲᠣᠨᠣᠰᠤᠭ ᠢᠶᠠᠷ ᠠᠰᠠᠭᠤᠵᠤ᠂ ᠬᠦᠰᠡᠯ ᠱᠠᠭᠠᠷᠳᠠᠯᠭ᠎ᠠ ᠶᠢ ᠬᠦᠯᠢᠴᠡᠩᠭᠦᠢ ᠪᠠᠷ ᠰᠣᠨᠣᠰᠬᠤ ᠶᠢᠨ ᠬᠠᠮᠲᠤ ᠲᠣᠬᠤᠨᠢᠭᠤᠯᠬᠤ ᠪᠣᠳᠠᠰ ᠪᠣᠯᠣᠨ | ᠲᠣᠬᠤᠨᠢᠭᠤᠯᠬᠤ ᠮᠥᠩᠭᠦ ᠬᠦᠷᠭᠡᠵᠦ᠂ ᠡᠪᠡᠳᠴᠢᠯᠡᠭᠰᠡᠨ ᠤᠯᠠᠨ ᠲᠦᠮᠡᠨ ᠳᠤ ᠡᠳ᠋ ᠪᠣᠳᠠᠰ ᠤᠨ ᠲᠠᠯ᠎ᠠ ᠪᠠᠷ ᠬᠠᠪᠰᠤᠷᠤᠯᠭ᠎ᠠ ᠦᠵᠡᠭᠦᠯᠦᠭᠰᠡᠨ ᠢᠶᠠᠷ ᠪᠠᠷᠠᠬᠤ ᠦᠭᠡᠢ ᠨᠡᠩ | ᠴᠤ ᠲᠡᠳᠡᠨ ᠳᠤ ᠤᠶᠤᠨ ᠰᠠᠨᠠᠭᠠᠨ ᠤ ᠲᠠᠯ᠎ᠠ ᠪᠠᠷ ᠲᠠᠶᠢᠳᠬᠤᠷᠠᠭᠤᠯᠤᠯ ᠪᠣᠯᠤᠭᠰᠠᠨ ᠪᠠᠶᠢᠨ᠎ᠠ᠃ ᠡᠭᠦᠨ ᠤ ᠬᠠᠮᠲᠤ᠂ ᠲᠡᠳᠡᠨ ᠳᠤ ᠪᠠᠶᠠᠰᠤᠩᠭᠤᠢ ᠰᠡᠳᠬᠢᠯᠭᠡ ᠲᠠᠢ ᠪᠠᠶᠢᠵᠤ᠂ | ᠨᠢᠳᠦᠨ ᠡᠮᠦᠨᠡᠬᠢ ᠬᠦᠴᠢᠷ ᠪᠡᠷᠬᠡᠰᠢᠶᠡᠯ ᠳᠤ ᠵᠣᠷᠢᠭᠲᠠᠢ ᠪᠠᠷ ᠬᠠᠨᠳᠤᠵᠤ᠂ ᠰᠡᠳᠬᠢᠯ ᠠᠮᠤᠷ ᠡᠪᠡᠳᠴᠢᠨ ᠢᠶᠠᠨ ᠰᠤᠪᠢᠯᠠᠵᠤ᠂ ᠡᠮᠴᠢ ᠶᠢᠨ ᠡᠮᠴᠢᠯᠡᠭᠡ ᠳᠤ ᠢᠳᠡᠪᠬᠢᠲᠡᠢ | ᠬᠠᠮᠵᠢᠯᠴᠠᠨ᠂ ᠡᠪᠡᠳᠴᠢᠨ ᠡᠮᠭᠡᠭ ᠢ ᠡᠷᠲᠡᠬᠡᠨ ᠢᠯᠠᠨ ᠳᠠᠪᠠᠵᠤ ᠡᠷᠡᠭᠦᠯᠵᠢᠬᠦ ᠶᠢ ᠰᠠᠨᠠᠭᠤᠯᠪᠠ᠃ | | | | | | | | ᠪᠠᠶᠠᠨᠪᠦᠷᠢᠳᠦ ᠭᠠᠴᠠᠭ᠎ᠠ ᠶᠢᠨ ︽ᠬᠤᠶᠠᠷ ᠵᠥᠪᠯᠡᠯ︾ ᠶᠡᠷᠦ ᠠᠴᠠ ᠬᠠᠷᠢᠶᠠᠲᠤ ᠣᠷᠣᠨ ᠤ ᠪᠠᠨ ᠮᠠᠯᠴᠢᠨ ᠲᠦᠮᠡᠨ ᠢ ᠬᠠᠯᠠᠮᠵᠢᠯᠠᠵᠤ᠂ ᠢᠯᠠᠩᠭᠤᠶ᠎ᠠ | ᠡᠪᠡᠳᠴᠢᠨ ᠲᠠᠢ ᠣᠯᠠᠨ ᠲᠦᠮᠡᠨ᠂ ᠬᠦᠴᠢᠷᠳᠡᠯᠲᠡᠢ ᠤᠯᠠᠨ ᠲᠦᠮᠡᠨ ᠢ ᠬᠠᠯᠠᠮᠵᠢᠯᠠᠬᠤ ᠶᠢ ᠮᠠᠰᠢ ᠴᠢᠬᠤᠯᠠᠴᠢᠯᠠᠭᠰᠠᠭᠠᠷ ᠢᠷᠡᠭᠰᠡᠨ ᠶᠤᠮ᠃ ᠲᠤᠰ ᠤᠳᠠᠭᠠᠨ ᠤ | ᠲᠣᠬᠤᠨᠢᠭᠤᠯᠤᠯ ᠨᠢ ᠭᠠᠴᠠᠭᠠᠨ ᠤ ︽ᠬᠤᠶᠠᠷ ᠵᠥᠪᠯᠡᠯ︾ ᠪᠣᠯᠣᠨ ᠮᠠᠯᠴᠢᠨ ᠲᠦᠮᠡᠨ ᠤ ᠬᠤᠭᠤᠷᠣᠨᠳᠣᠬᠢ ᠵᠠᠢ ᠶᠢ ᠦᠨᠡᠨ ᠬᠦ ᠣᠶᠢᠷᠠᠲᠤᠭᠤᠯᠵᠤ᠂ ᠨᠠᠮ ᠪᠠ ᠣᠯᠠᠨ | ᠲᠦᠮᠡᠨ᠂ ᠺᠠᠳ᠋ᠷ ᠪᠠ ᠣᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠵᠤ᠂ ᠣᠯᠠᠨ ᠲᠦᠮᠡᠨ ᠤ ᠳᠡᠭᠡᠳᠦ ᠬᠡᠮᠵᠢᠶᠡᠨ ᠤ ᠮᠠᠭᠲᠠᠭᠠᠯ ᠰᠠᠶᠢᠰᠢᠶᠠᠯ ᠢ ᠣᠯᠣᠭᠰᠠᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠪᠠᠶᠠᠨᠪᠦᠷᠢᠳᠦ ᠭᠠᠴᠠᠭ᠎ᠠ ᠨᠢ ᠮᠠᠯᠴᠢᠨ ᠲᠦᠮᠡᠨ ᠢ ᠬᠠᠯᠠᠮᠵᠢᠯᠠᠨ ᠬᠠᠶᠢᠷᠠᠯᠠᠬᠤ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠡᠯ᠎ᠡ | ᠲᠥᠷᠥᠯ ᠤᠨ ᠬᠠᠪᠰᠤᠷᠤᠨ ᠲᠡᠳᠬᠦᠬᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠲᠡᠳᠡᠨ ᠳᠤ ᠨᠠᠩ ᠣᠯᠠᠨ ᠬᠠᠪᠰᠤᠷᠤᠯᠭ᠎ᠠ ᠦᠵᠡᠭᠦᠯᠵᠦ᠂ ᠬᠠᠷᠢᠶᠠᠲᠤ ᠣᠷᠣᠨ ᠤ | ᠮᠠᠯᠴᠢᠨ ᠨᠢᠭᠡᠪᠦᠷᠢ ᠳᠤ ᠭᠠᠴᠠᠭᠠᠨ ᠤ ᠶᠡᠭᠡ ᠭᠡᠷ ᠪᠦᠯᠢ ᠶᠢᠨ ᠬᠠᠯᠠᠭᠤᠨ ᠳᠤᠯᠠᠭᠠᠨ ᠢ ᠬᠦᠷᠲᠡᠭᠡᠵᠦ᠂ ᠭᠠᠴᠠᠭᠠᠨ ᠤ ︽ᠬᠤᠶᠠᠷ ᠵᠥᠪᠯᠡᠯ︾ ᠤᠨ ᠬᠠᠷᠢᠭᠤᠴᠠᠯᠭ᠎ᠠ ᠪᠠ | ᠡᠭᠦᠷᠭᠡᠯᠡᠯ ᠢ ᠦᠨᠡᠨ ᠬᠦ ᠬᠠᠷᠠᠭᠤᠯᠤᠨ᠎ᠠ᠃ | | |