ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠤᠯᠢᠵᠢᠯ ᠤᠨ ᠤᠬᠠᠭᠤᠯᠭ᠎ᠠ ᠬᠥᠮᠦᠵᠢᠯ ᠤᠨ | ᠬᠠᠮᠤᠷᠬᠤ ᠬᠡᠪᠴᠢᠶ᠎ᠡ ᠪᠣᠯᠣᠨ ᠨᠥᠯᠥᠭᠡᠯᠡᠬᠦ ᠬᠦᠴᠦᠨ ᠢ ᠲᠠᠰᠤᠷᠠᠯᠳᠡ ᠦᠭᠡᠢ ᠥᠷᠭᠡᠳᠬᠡᠵᠦ᠂ ᠪᠦᠬᠦ ᠠᠷᠠᠳ ᠢᠶᠠᠷ ᠢᠶᠠᠨ ᠬᠠᠤᠯᠢ ᠶᠢ ᠬᠦᠨᠳᠦᠳᠬᠡᠬᠦ᠂ ᠬᠠᠤᠯᠢ ᠶᠢ | ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ ︽ᠢᠷᠭᠡᠨ ᠤ ᠬᠠᠤᠯᠢ ᠶᠢᠨ ᠪᠢᠴᠢᠭ | ᠵᠢᠴᠢ ᠦᠨᠳᠦᠰᠦᠲᠡᠨ ᠤ ᠬᠠᠤᠯᠢᠵᠢᠯ︾ ᠤᠨ ᠭᠤᠣᠯ ᠰᠡᠳᠦᠪᠲᠦ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠭᠠᠨᠵᠤᠤᠷ ᠰᠤᠮᠤ ᠠᠯᠢ ᠤᠯᠠᠨ ᠢᠷᠭᠡᠨ ᠤ ᠬᠠᠤᠯᠢ ᠶᠢᠨ | ᠪᠢᠴᠢᠭ ᠤᠨ ᠤᠬᠠᠭᠤᠯᠭ᠎ᠠ ᠶᠢᠨ ᠠᠵᠢᠯᠯᠠᠭ᠎ᠠ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ ᠥᠷᠨᠢᠭᠦᠯᠪᠡ᠃ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠳᠤ ︽ᠬᠠᠤᠯᠢ︾ ᠪᠠᠷᠠᠭ᠎ᠠ ᠲᠠᠢ᠃ ᠪᠠᠶᠠᠨᠭᠤᠣᠯ ᠭᠠᠴᠠᠭ᠎ᠠ ᠶᠢᠨ ᠥᠷᠨᠢᠭᠦᠯᠦᠭᠰᠡᠨ ︽ᠲᠠᠪᠤᠨ | ᠰᠠᠷ᠎ᠠ ᠳᠤ ᠡᠬᠡ ᠳᠡᠭᠡᠨ ᠲᠠᠯᠠᠷᠬᠠᠬᠤ︾ ᠭᠤᠣᠯ ᠰᠡᠳᠦᠪᠲᠦ ᠠᠵᠢᠯᠯᠠᠭ᠎ᠠ ᠲᠠᠢ ᠤᠶᠠᠯᠳᠤᠭᠤᠯᠤᠨ᠂ ᠰᠤᠮᠤ ᠶᠢᠨ ᠨᠡᠷ᠎ᠡ ᠲᠥᠷᠥ ᠲᠠᠢ ᠬᠠᠤᠯᠢ ᠴᠠᠭᠠᠵᠠ ᠶᠢᠨ ᠵᠥᠪᠯᠡᠭᠴᠢ ᠶᠢ | ᠵᠣᠬᠢᠶᠠᠨ ᠪᠠᠶᠢᠭᠤᠯᠵᠤ ᠭᠠᠴᠠᠭ᠎ᠠ ᠳᠤ ᠭᠦᠨᠵᠡᠭᠡᠶᠢᠷᠡᠭᠦᠯᠦᠨ ᠢᠷᠭᠡᠨ ᠤ ᠬᠠᠤᠯᠢ ᠶᠢᠨ ᠪᠢᠴᠢᠭ ᠤᠨ ᠬᠠᠮᠢᠶ᠎ᠠ ᠪᠦᠬᠦᠢ ᠲᠠᠶᠢᠯᠤᠮᠵᠢ ᠶᠢ ᠥᠷᠨᠢᠭᠦᠯᠪᠡ᠃ ᠤᠯᠠᠨ ᠲᠦᠮᠡᠨ ᠤ | ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠥᠷᠨᠢᠭᠦᠯᠵᠦ᠂ ᠡᠮᠡᠭᠲᠡᠢ ᠤᠯᠠᠨ ᠲᠦᠮᠡᠨ ᠤ | ᠳᠤᠷᠠᠳᠤᠭᠰᠠᠨ ᠭᠡᠷ᠎ᠡ᠂ ᠤᠷᠤᠭ ᠭᠡᠷ ᠪᠦᠯᠢ᠂ ᠥᠪ ᠵᠠᠯᠭᠠᠮᠵᠢᠯᠠᠬᠤ ᠲᠠᠯ᠎ᠠ ᠶᠢᠨ ᠬᠠᠤᠯᠢ ᠴᠠᠭᠠᠵᠠ ᠶᠢᠨ ᠰᠡᠵᠢᠭᠯᠡᠯ ᠢ ᠬᠦᠯᠢᠴᠡᠩᠭᠦᠢ ᠪᠥᠭᠡᠳ ᠨᠠᠷᠢᠨ ᠨᠢᠮᠪᠠᠢ | ᠲᠠᠶᠢᠯᠪᠤᠷᠢᠯᠠᠵᠤ᠂ ︽ᠰᠣᠨᠣᠰᠴᠤ ᠣᠶᠢᠯᠠᠭᠠᠬᠤ᠂ ᠴᠡᠭᠡᠵᠢᠯᠡᠵᠦ ᠠᠪᠬᠤ᠂ ᠬᠡᠷᠡᠭᠯᠡᠵᠦ ᠳᠡᠶᠢᠯᠬᠦ︾ ᠳᠣᠲᠣᠨᠣ ᠦᠭᠡ ᠬᠡᠯᠡ ᠪᠠᠷ ᠬᠤᠯᠪᠣᠭᠳᠠᠯ ᠪᠦᠬᠦᠢ ᠬᠠᠤᠯᠢ ᠴᠠᠭᠠᠵᠠ ᠶᠢᠨ | ᠠᠰᠠᠭᠤᠳᠠᠯ ᠢ ᠤᠯᠠᠨ ᠲᠦᠮᠡᠨ ᠳᠤ ᠲᠠᠶᠢᠯᠪᠤᠷᠢᠯᠠᠨ ᠥᠭᠴᠦ᠂ ᠡᠮᠡᠭᠲᠡᠢ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠ ᠬᠠᠤᠯᠢ ᠴᠠᠭᠠᠵᠠ ᠶᠢᠨ ᠵᠡᠪᠰᠡᠭ ᠢ | ᠠᠰᠢᠭᠯᠠᠨ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠨ᠎ᠠ᠃ | | | | | | | | ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠳᠤ ︽ᠬᠠᠤᠯᠢ︾ ᠶᠢᠨ ᠬᠠᠯᠠᠭᠤᠷᠠᠯ ᠢ ᠪᠤᠶ ᠪᠣᠯᠭᠠᠪᠠ᠃ ᠰᠤᠮᠤ ᠶᠢᠨ ᠨᠡᠶᠢᠭᠡᠮ ᠤᠨ ᠠᠮᠤᠷ | ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠤᠨ ᠰᠡᠳᠬᠢᠴᠡ ᠶᠢᠨ ᠵᠥᠪᠯᠡᠯᠭᠡ ᠥᠭᠭᠦᠭᠴᠢ ᠶᠢ ᠵᠣᠬᠢᠶᠠᠨ ᠪᠠᠶᠢᠭᠤᠯᠵᠤ᠂ ᠠᠮᠣᠭᠤᠯᠠᠩᠪᠣᠯᠠᠭ ᠭᠠᠴᠠᠭ᠎ᠠ ᠳᠤ | ᠭᠦᠨᠵᠡᠭᠡᠶᠢᠷᠡᠭᠦᠯᠦᠨ᠂ ᠡᠬᠡᠴᠦᠦᠯ ᠤᠨ ᠪᠠᠶᠠᠷ ᠤᠨ ᠡᠳᠦᠷ ᠤᠨ ᠠᠵᠢᠯᠯᠠᠭ᠎ᠠ ᠳᠡᠭᠡᠷ᠎ᠡ᠂ ᠡᠮᠡᠭᠲᠡᠶᠢᠴᠦᠳ᠂ ᠵᠠᠯᠠᠭᠤᠴᠤᠳ ᠪᠠᠭᠠᠴᠤᠳ ᠤᠨ ᠨᠡᠷ᠎ᠡ ᠬᠦᠨᠳᠦ ᠶᠢᠨ ᠡᠷᠬᠡ ᠶᠢᠨ | ᠠᠰᠠᠭᠤᠳᠠᠯ ᠤᠨ ᠲᠣᠭᠤᠷᠢᠨ ᠳᠤ᠂ ᠰᠡᠳᠬᠢᠴᠡ ᠵᠦᠢ ᠶᠢᠨ ᠲᠠᠯ᠎ᠠ ᠠᠴᠠ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠢᠷᠭᠡᠨ ᠤ ᠬᠠᠤᠯᠢ ᠶᠢᠨ ᠪᠢᠴᠢᠭ ᠤᠨ | ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ︽ᠬᠡᠷᠡᠭ ᠢᠶᠠᠷ ᠬᠠᠤᠯᠢ ᠶᠢ ᠲᠠᠶᠢᠯᠪᠤᠷᠢᠯᠠᠵᠤ︾᠂ ᠰᠠᠨᠠᠭᠠᠴᠢᠯᠠᠭ᠎ᠠ ᠠᠴᠠ ᠪᠠᠨ ᠤᠯᠠᠨ ᠲᠦᠮᠡᠨ ᠤ ᠮᠠᠳᠠᠭ ᠲᠠᠢ | ᠠᠰᠠᠭᠤᠳᠠᠯ ᠢ ᠲᠠᠶᠢᠯᠪᠤᠷᠢᠯᠠᠵᠤ᠂ ᠲᠤᠬᠠᠢ ᠶᠢᠨ ᠲᠠᠯᠠᠪᠤᠷ ᠲᠤ ᠪᠠᠶᠢᠭᠰᠠᠨ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ︽ᠬᠠᠤᠯᠢ ᠶᠣᠰᠣᠭᠠᠷ ᠠᠵᠢᠯᠯᠠᠬᠤ᠂ | ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠥᠷᠢᠴᠡᠯ ᠢ ᠰᠢᠢᠳᠪᠦᠷᠢᠯᠡᠬᠦ ᠳᠤ ᠬᠠᠤᠯᠢ ᠳᠤ | ᠲᠦᠰᠢᠭᠯᠡᠬᠦ︾ ᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠤᠬᠠᠮᠰᠠᠷ ᠢ ᠪᠦᠷᠢᠯᠳᠦᠭᠦᠯᠵᠦ᠂ ᠬᠠᠤᠯᠢᠵᠢᠯ ᠤᠨ ᠬᠦᠴᠦᠨ ᠢᠶᠠᠷ ᠠᠷᠠᠳ ᠤᠯᠠᠨ ᠤ ᠰᠠᠶᠢᠨ ᠰᠠᠶᠢᠬᠠᠨ | ᠵᠣᠯ ᠵᠢᠷᠭᠠᠯᠲᠤ ᠠᠮᠢᠳᠤᠷᠠᠯ ᠢ ᠬᠠᠮᠠᠭᠠᠯᠠᠪᠠ᠃ | | | | | | | | ︽ᠬᠤᠯᠪᠤᠭᠠᠯᠠᠨ ᠬᠥᠳᠡᠯᠦᠯᠴᠡᠬᠦ ᠬᠡᠯᠪᠡᠷᠢ︾ ᠪᠠᠷ ᠬᠠᠤᠯᠢ ᠲᠦᠭᠡᠮᠡᠯᠵᠢᠭᠦᠯᠬᠦ ᠨᠢ ︽ᠬᠠᠤᠯᠢ︾ ᠶᠢᠨ ᠲᠠᠯ᠎ᠠ ᠪᠠᠷ ᠴᠢᠩᠭ᠎ᠠ ᠪᠠᠶᠢᠳᠠᠭ᠃ ᠮᠠᠯᠴᠢᠨ ᠲᠦᠮᠡᠨ ᠤ | ᠬᠠᠤᠯᠢ ᠴᠠᠭᠠᠵᠠ ᠶᠢᠨ ᠤᠬᠠᠮᠰᠠᠷ ᠢ ᠴᠢᠩᠭᠠᠳᠬᠠᠵᠤ᠂ ᠦᠨᠳᠦᠰᠦᠨ ᠱᠠᠲᠤᠨ ᠤ ᠬᠠᠤᠯᠢᠵᠢᠯ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ ᠲᠥᠯᠥᠭᠡ᠂ | ᠭᠠᠨᠵᠤᠤᠷ ᠤᠨ ᠬᠠᠤᠯᠢ ᠴᠠᠭᠠᠵᠠ ᠶᠢᠨ ᠭᠠᠵᠠᠷ ᠤᠨ ᠬᠢᠨ ᠰᠤᠮᠤ ᠶᠢᠨ ᠨᠡᠶᠢᠭᠡᠮ ᠤᠨ ᠵᠠᠰᠠᠯᠲᠠ ᠶᠢᠨ ᠠᠯᠪᠠᠨ ᠭᠡᠷ ᠪᠣᠯᠣᠨ ᠬᠡᠰᠡᠭ ᠭᠠᠴᠠᠭᠠᠨ ᠤ ᠬᠠᠤᠯᠢ ᠴᠠᠭᠠᠵᠠ ᠶᠢᠨ | ᠮᠡᠷᠭᠡᠳ ᠲᠠᠢ ᠬᠠᠮᠲᠤᠷᠠᠨ᠂ ᠭᠠᠨᠵᠤᠤᠷ ᠤᠨ ᠠᠩᠬᠠᠳᠤᠭᠠᠷ ᠬᠤᠭᠤᠴᠠᠭᠠᠨ ᠤ ︽ᠪᠠᠷᠠᠭᠠᠢ︾ ᠲᠣᠭᠯᠠᠭᠠᠮ ᠤᠨ ᠬᠠᠮᠲᠤ ᠶᠢᠨ ᠤᠷᠤᠯᠳᠤᠭᠠᠨ ᠳᠤ ᠬᠠᠤᠯᠢ ᠴᠠᠭᠠᠵᠠ ᠶᠢᠨ | ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠬᠠᠤᠯᠢ ᠴᠠᠭᠠᠵᠠ ᠶᠢᠨ ᠮᠡᠷᠭᠡᠳ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠤᠬᠠᠭᠤᠯᠤᠭᠴᠢ᠂ ᠬᠠᠤᠯᠢ ᠴᠠᠭᠠᠵᠠ ᠶᠢᠨ ᠭᠠᠵᠠᠷ ᠤᠨ ᠬᠠᠷᠢᠭᠤᠴᠠᠯᠭᠠᠲᠠᠨ ᠠᠴᠠ ᠤᠯᠠᠨ ᠲᠦᠮᠡᠨ ᠳᠤ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠢᠷᠭᠡᠨ ᠤ ᠬᠠᠤᠯᠢ ᠶᠢᠨ ᠪᠢᠴᠢᠭ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ | ᠠᠬᠢᠭᠤᠯᠬᠤ ᠳᠦᠷᠢᠮ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠲᠦᠭᠦᠮ ᠣᠶᠢᠯᠠᠭᠠᠮᠵᠢᠲᠠᠢ ᠦᠭᠡ ᠬᠡᠯᠡ ᠪᠠᠷ ᠪᠦᠳᠡᠭᠢ ᠪᠠᠯᠠᠷᠬᠠᠢ ᠬᠠᠤᠯᠢ | ᠴᠠᠭᠠᠵᠠ ᠶᠢᠨ ᠵᠦᠢᠯ ᠵᠤᠷᠪᠤᠰ ᠢ ᠮᠠᠯᠴᠢᠳ ᠤᠨ ᠰᠣᠨᠣᠰᠴᠤ ᠣᠶᠢᠯᠠᠭᠠᠬᠤ᠂ ᠬᠡᠷᠡᠭᠯᠡᠵᠦ ᠳᠡᠶᠢᠯᠬᠦ ᠠᠮᠢᠳᠤᠷᠠᠯ ᠤᠨ ᠵᠢᠯᠣᠭᠤᠳᠤᠮᠵᠢ ᠪᠣᠯᠭᠠᠨ ᠬᠤᠪᠢᠷᠠᠭᠤᠯᠪᠠ᠃ | | | | | | | | | ᠢᠷᠭᠡᠨ ᠤ ᠬᠠᠤᠯᠢ ᠶᠢᠨ ᠪᠢᠴᠢᠭ ᠪᠣᠯ ︽ᠨᠡᠶᠢᠭᠡᠮ ᠤᠨ ᠠᠮᠢᠳᠤᠷᠠᠯ ᠤᠨ ᠨᠡᠪᠲᠡᠷᠬᠡᠢ ᠲᠣᠯᠢ︾ ᠮᠥᠨ᠂ ᠨᠡᠩ ᠴᠤ ᠤᠯᠠᠨ ᠲᠦᠮᠡᠨ ᠤ ᠡᠷᠬᠡ ᠠᠰᠢᠭ ᠢ | ᠪᠠᠲᠤᠯᠠᠬᠤ ᠲᠤᠩᠬᠠᠭ ᠪᠢᠴᠢᠭ ᠮᠥᠨ᠃ ᠢᠷᠭᠡᠨ ᠤ ᠬᠠᠤᠯᠢ ᠶᠢᠨ ᠪᠢᠴᠢᠭ ᠤᠨ ᠤᠬᠠᠭᠤᠯᠭ᠎ᠠ ᠶᠢ ᠰᠠᠶᠢᠲᠤᠷ ᠬᠢᠬᠦ ᠪᠣᠯ ᠦᠨᠳᠦᠰᠦᠨ ᠱᠠᠲᠤᠨ ᠤ ᠵᠠᠰᠠᠯᠲᠠ ᠶᠢ | ᠴᠢᠩᠭᠠᠳᠬᠠᠬᠤ ᠶᠢᠨ ᠴᠢᠬᠤᠯᠠ ᠪᠦᠬᠦᠢ ᠠᠷᠭ᠎ᠠ ᠬᠡᠮᠵᠢᠶ᠎ᠡ ᠪᠣᠯᠬᠤ ᠪᠥᠭᠡᠳ ᠪᠠᠰᠠ ᠴᠤ ᠬᠥᠮᠥᠨ ᠢᠶᠠᠷ ᠦᠨᠳᠦᠰᠦ ᠪᠣᠯᠭᠠᠬᠤ ᠣᠶᠢᠯᠠᠭᠠᠭᠳᠠᠬᠤᠨ ᠢ | ᠭᠦᠨᠵᠡᠭᠡᠶᠢᠷᠡᠭᠦᠯᠬᠦ ᠶᠢᠨ ᠠᠮᠢᠳᠤᠯᠢᠭ ᠦᠢᠯᠡᠳᠦᠯᠭᠡ ᠪᠣᠯᠣᠨ᠎ᠠ᠃ ᠵᠠᠯᠭᠠᠭᠠᠳ ᠭᠠᠨᠵᠤᠤᠷ ᠰᠤᠮᠤ ︽ᠢᠷᠭᠡᠨ ᠤ ᠬᠠᠤᠯᠢ ᠶᠢᠨ ᠪᠢᠴᠢᠭ ᠤᠨ ᠤᠬᠠᠭᠤᠯᠭ᠎ᠠ ᠶᠢᠨ ᠰᠠᠷ᠎ᠠ︾ ᠲᠠᠢ | ᠤᠶᠠᠯᠳᠤᠭᠤᠯᠤᠨ ᠣᠯᠠᠨ ᠶᠠᠩᠵᠤ ᠶᠢᠨ ᠬᠡᠯᠪᠡᠷᠢ ᠶᠢᠨ ᠢᠷᠭᠡᠨ ᠤ ᠬᠠᠤᠯᠢ ᠶᠢᠨ ᠪᠢᠴᠢᠭ ᠤᠨ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ | ᠢᠷᠭᠡᠨ ᠤ ᠬᠠᠤᠯᠢ ᠶᠢᠨ ᠪᠢᠴᠢᠭ ᠤᠨ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠨ᠂ ᠪᠥᠬᠦ ᠠᠷᠠᠳ ᠢᠶᠠᠷ ᠢᠶᠠᠨ ᠬᠠᠤᠯᠢ ᠶᠢ | ᠬᠦᠨᠳᠦᠳᠬᠡᠬᠦ᠂ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠬᠡᠪ ᠵᠠᠩᠰᠢᠯ ᠪᠣᠯᠭᠠᠬᠤ ᠪᠠᠷ ᠲᠦᠯᠬᠢᠨ ᠠᠬᠢᠭᠤᠯᠤᠨ᠎ᠠ᠃ | | |