5 ᠰᠠᠷ᠎ᠠ ᠶᠢᠨ 15 ᠤ ᠡᠳᠦᠷ᠂ ᠴᠠᠭᠠᠨ ᠪᠠᠯᠭᠠᠰᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ | ᠪᠡᠯᠴᠢᠭᠡᠷᠯᠡᠭᠦᠯᠬᠦ ᠶᠢ ᠵᠣᠭᠰᠤᠭᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠠᠮᠢᠶ᠎ᠠ ᠪᠦᠬᠦᠢ ᠠᠵᠢᠯ ᠢ ᠪᠥᠬᠦ ᠲᠠᠯ᠎ᠠ ᠪᠠᠷ ᠪᠠᠶᠢᠷᠢᠯᠠᠭᠤᠯᠵᠤ᠂ | ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠬᠤ ᠶᠢᠨ ᠬᠠᠮᠲᠤ ᠣᠯᠠᠨ ᠠᠷᠭ᠎ᠠ ᠵᠠᠮ ᠢᠶᠠᠷ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ | ᠥᠷᠨᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠂ ᠠᠮᠢ ᠠᠬᠤᠢ ᠶᠢᠨ ᠬᠠᠯᠬᠠᠪᠴᠢ ᠶᠢ ᠪᠠᠬᠢᠵᠢᠭᠦᠯᠬᠦ ᠳᠤ ᠬᠦᠴᠦᠲᠡᠢ | ᠬᠥᠳᠡᠯᠭᠡᠬᠦ ᠬᠦᠴᠦᠨ ᠨᠡᠮᠡᠷᠢᠯᠡᠪᠡ᠃ | ᠥᠨᠳᠥᠷ ᠪᠠᠶᠢᠷᠢᠨ ᠳᠤ ᠪᠠᠶᠢᠷᠢᠯᠠᠭᠤᠯᠤᠨ ᠴᠢᠩᠭ᠎ᠠ ᠱᠠᠭᠠᠷᠳᠠᠵᠤ᠂ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠵᠦ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠪᠠ᠃ ᠲᠣᠬᠢᠷᠠᠭᠤᠯᠬᠤ ᠬᠤᠷᠠᠯ ᠳᠡᠭᠡᠷ᠎ᠡ᠂ ᠪᠠᠯᠭᠠᠰᠤᠨ ᠤ ᠤᠳᠤᠷᠢᠳᠬᠤ ᠪᠠᠭ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ᠂ | ᠲᠣᠮᠢᠯᠠᠭᠰᠠᠨ ᠰᠠᠯᠪᠤᠷᠢ᠂ ᠨᠤᠲᠤᠭ ᠪᠡᠯᠴᠢᠭᠡᠷ ᠤᠨ ᠰᠦᠯᠵᠢᠶᠡᠨ ᠤ ᠠᠵᠢᠯᠲᠠᠨ ᠬᠤᠷᠠᠯ ᠳᠤ ᠣᠷᠣᠯᠴᠠᠵᠤ᠂ ︽ᠡᠪᠡᠰᠦ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ | ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠬᠢᠨᠠᠨ ᠬᠠᠮᠢᠶᠠᠷᠴᠤ ᠬᠠᠷᠢᠭᠤᠴᠠᠯᠭ᠎ᠠ | ᠨᠡᠬᠡᠮᠵᠢᠯᠡᠬᠦ ᠠᠵᠢᠯ ᠤᠨ ᠲᠣᠭᠲᠠᠴᠠ︾ ᠵᠡᠷᠭᠡ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠤᠯᠠᠮᠵᠢᠯᠠᠬᠤ ᠶᠢᠨ ᠬᠠᠮᠲᠤ ᠴᠠᠭᠠᠨ | ᠪᠠᠯᠭᠠᠰᠤᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠬᠤᠭᠤᠴᠠᠭᠠᠨ ᠳᠠᠬᠢ | ᠲᠣᠭᠤᠷᠢᠨ ᠪᠠᠶᠢᠴᠠᠭᠠᠭᠰᠠᠨ ᠪᠠᠶᠢᠳᠠᠯ ᠢ ᠮᠡᠳᠡᠭᠡᠯᠡᠪᠡ᠃ ᠬᠤᠷᠠᠯ ᠠᠴᠠ ᠴᠢᠬᠤᠯᠠᠴᠢᠯᠠᠭᠰᠠᠨ ᠨᠢ᠂ ᠮᠠᠯᠵᠢᠬᠤ ᠶᠢ ᠵᠣᠭᠰᠤᠭᠠᠬᠤ ᠬᠤᠭᠤᠴᠠᠭ᠎ᠠ ᠨᠢ ᠬᠡᠳᠦᠶᠢᠪᠡᠷ | ᠠᠷᠪᠠᠭ᠋ᠠᠨ ᠡᠳᠦᠷ ᠦᠯᠡᠳᠡᠵᠦ ᠪᠠᠶᠢᠭ᠎ᠠ ᠪᠣᠯᠪᠠᠴᠤ ᠡᠯ᠎ᠡ ᠰᠠᠯᠠᠭ᠎ᠠ ᠮᠥᠴᠢᠷ ᠤᠨ ᠬᠢᠨ ᠮᠥᠨ ᠬᠦ ᠴᠢᠩᠭ᠎ᠠ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ ᠲᠣᠭᠲᠠᠭᠠᠯ | ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠠᠮᠢ ᠠᠬᠤᠢ ᠶᠢ ᠡᠪᠳᠡᠬᠦ ᠶᠠᠮᠠᠷᠪᠠ ᠠᠵᠢᠯᠯᠠᠭ᠎ᠠ ᠶᠢ | ᠣᠭᠲᠣ ᠵᠥᠪᠰᠢᠶᠡᠷᠡᠬᠦ ᠦᠭᠡᠢ᠃ ᠬᠠᠷᠢᠶᠠᠲᠤ ᠣᠷᠣᠨ ᠤ ᠳᠣᠲᠣᠭᠠᠳᠤ ᠳᠠᠬᠢ ᠲᠣᠮᠢᠯᠠᠭᠰᠠᠨ ᠰᠠᠯᠪᠤᠷᠢ ᠬᠢᠭᠡᠳ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠩᠭᠢ ᠬᠠᠮᠲᠤᠷᠠᠨ ᠬᠥᠳᠡᠯᠦᠯᠴᠡᠵᠦ᠂ ᠴᠣᠬᠢᠯᠲᠠ ᠥᠭᠬᠦ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠬᠠᠲᠠᠭᠤ ᠴᠢᠩᠭ᠎ᠠ ᠠᠷᠭ᠎ᠠ ᠪᠠᠷᠢᠯ ᠢᠶᠠᠷ ᠨᠤᠲᠤᠭ | ᠪᠡᠯᠴᠢᠭᠡᠷ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠵᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ | ᠪᠡᠯᠴᠢᠭᠡᠷᠯᠡᠭᠦᠯᠬᠦ ᠶᠢ ᠵᠣᠭᠰᠤᠭᠠᠬᠤ ᠲᠥᠷᠥ ᠶᠢᠨ ᠪᠣᠳᠣᠯᠭ᠎ᠠ ᠶᠢ ᠪᠣᠳᠠᠲᠠᠢ ᠪᠠᠷ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠨ᠎ᠠ᠃ | | | | | | ᠡᠭᠦᠯᠡᠨ ᠦᠵᠦᠭᠦᠷ ᠲᠤ ᠠᠷᠭ᠎ᠠ ᠪᠣᠳᠣᠯᠭ᠎ᠠ ᠶᠢ ᠤᠯᠠᠮᠵᠢᠯᠠᠬᠤ ᠳᠤ ᠥᠨᠴᠥᠭ ᠪᠤᠯᠤᠩ ᠦᠭᠡᠢ ᠤᠯᠠᠨ ᠪᠤᠢ᠂ ᠣᠶᠢᠯᠠᠭᠠᠮᠵᠢᠲᠠᠢ ᠲᠠᠶᠢᠯᠤᠮᠵᠢ ᠨᠢ | ᠠᠷᠠᠳ ᠤᠨ ᠰᠡᠳᠬᠢᠯ ᠢ ᠨᠢᠭᠲᠠᠷᠠᠭᠤᠯᠤᠨ᠎ᠠ᠃ ᠣᠯᠠᠨ ᠲᠦᠮᠡᠨ ᠤ ᠠᠮᠢ ᠠᠬᠤᠢ ᠶᠢᠨ ᠬᠠᠮᠠᠭᠠᠯᠠᠯᠲᠠ ᠶᠢᠨ ᠤᠬᠠᠮᠰᠠᠷ ᠢ ᠦᠨᠡᠨᠬᠦ ᠴᠢᠩᠭᠠᠳᠬᠠᠬᠤ ᠶᠢᠨ ᠲᠤᠰᠠᠳᠠ᠂ | ᠴᠠᠭᠠᠨ ᠪᠠᠯᠭᠠᠰᠤᠨ ᠤ ᠬᠢᠨ ᠤᠬᠠᠭᠤᠯᠭ᠎ᠠ ᠶᠢᠨ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ︽ᠴᠠᠭᠠᠨ ᠪᠠᠯᠭᠠᠰᠤᠨ ᠤ ᠵᠠᠰᠠᠭ ᠤᠨ ᠶᠠᠪᠤᠳᠠᠯ ᠤᠨ | ᠰᠦᠯᠵᠢᠶ᠎ᠡ︾ ᠶᠢᠨ ᠨᠡᠶᠢᠲᠡ ᠶᠢᠨ ᠳ᠋ᠤᠭᠠᠷ᠂ ᠸᠢᠴᠠᠲ ᠤᠨ ᠪᠦᠯᠦᠭᠯᠡᠯ ᠵᠡᠷᠭᠡ ᠰᠦᠯᠵᠢᠶᠡᠨ ᠳᠡᠭᠡᠷᠡᠬᠢ ᠲᠠᠪᠴᠠᠩ ᠳᠤ ᠲᠦᠰᠢᠭᠯᠡᠨ᠂ ᠮᠠᠯ ᠪᠡᠯᠴᠢᠭᠡᠷ ᠢ | ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ | ᠥᠷᠭᠡᠨ ᠢᠶᠠᠷ ᠳᠠᠮᠵᠢᠭᠤᠯᠤᠨ ᠲᠠᠷᠬᠠᠭᠠᠵᠤ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ︽ᠠᠭᠠᠷ ᠤᠨ ᠳᠠᠭᠤ ᠳᠠᠮᠵᠢᠭᠤᠯᠬᠤ︾ ᠮᠡᠲᠦ ᠪᠠᠷ ᠪᠦᠬᠦ | ᠪᠠᠯᠭᠠᠰᠤᠨ ᠳᠤ ᠨᠡᠶᠢᠳᠡᠮ ᠬᠡᠷᠡᠭᠵᠢᠭᠦᠯᠦᠨ᠎ᠡ᠃ ᠤᠬᠠᠭᠤᠯᠬᠤ ᠶᠠᠪᠤᠴᠠ ᠳᠤ᠂ ᠣᠶᠢᠯᠠᠭᠠᠬᠤ ᠳᠤ ᠪᠡᠷᠬᠡ ᠪᠠᠯᠠᠷᠬᠠᠢ ᠲᠤᠰᠬᠠᠢ ᠮᠡᠷᠭᠡᠵᠢᠯ ᠤᠨ ᠨᠡᠷ᠎ᠡ ᠲᠣᠮᠢᠶ᠎ᠠ ᠶᠢ | ᠲᠠᠶᠠᠭᠳᠠᠵᠤ᠂ ᠬᠢᠯᠪᠠᠷ ᠣᠶᠢᠯᠠᠭᠠᠮᠵᠢᠲᠠᠢ ︽ᠭᠡᠷ ᠤᠨ ᠵᠣᠭᠤᠭ︾ ᠢᠶᠠᠷ ᠲᠥᠷᠥ ᠶᠢᠨ ᠪᠣᠳᠣᠯᠭ᠎ᠠ ᠶᠢᠨ ᠭᠤᠣᠯᠳᠠᠯᠭ᠎ᠠ ᠶᠢ ᠲᠠᠶᠢᠯᠪᠤᠷᠢᠯᠠᠵᠤ᠂ ︽ᠳᠡᠷᠭᠡᠳᠡᠬᠢ ᠶᠠᠪᠤᠳᠠᠯ︾ | ᠲᠠᠢ ᠪᠠᠨ ᠤᠶᠠᠯᠳᠤᠭᠤᠯᠤᠨ ᠮᠠᠯᠴᠢᠳ ᠲᠤ ︽ᠠᠮᠢ ᠠᠬᠤᠢ ᠶᠢᠨ ᠲᠠᠩᠰᠠ︾ ᠶᠢ ᠪᠤᠳᠤᠵᠤ ᠥᠭᠴᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ | ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷᠯᠡᠭᠦᠯᠬᠦ ᠶᠢ ᠵᠣᠭᠰᠤᠭᠠᠬᠤ ᠠᠵᠢᠯ ᠤᠨ ᠴᠢᠬᠤᠯᠠ ᠴᠢᠨᠠᠷ ᠬᠢᠭᠡᠳ ᠴᠢᠬᠤᠯᠠ ᠴᠢᠨᠠᠷ ᠢ ᠭᠦᠨᠵᠡᠭᠡᠢ ᠪᠥᠭᠡᠳ | ᠣᠶᠢᠯᠠᠭᠠᠮᠵᠢᠲᠠᠢ ᠲᠣᠳᠣᠷᠬᠠᠶᠢᠯᠠᠨ ᠥᠭᠦᠯᠡᠵᠦ᠂ ᠮᠠᠯᠴᠢᠳ ᠢ ᠬᠥᠲᠥᠯᠥᠨ ᠵᠢᠯᠤᠭᠤᠳᠴᠤ ᠪᠠᠶᠢᠭᠠᠳ ᠰᠠᠨᠠᠭᠠᠴᠢᠯᠠᠭ᠎ᠠ ᠠᠴᠠ ᠪᠠᠨ ᠣᠶᠢᠯᠠᠭᠠᠭᠤᠯᠵᠤ᠂ ᠬᠠᠮᠢᠶ᠎ᠠ ᠪᠦᠬᠦᠢ | ᠠᠵᠢᠯ ᠳᠤ ᠢᠳᠡᠪᠬᠢᠲᠡᠢ ᠬᠠᠮᠵᠢᠯᠴᠠᠭᠤᠯᠤᠨ᠂ ᠲᠥᠷᠥ ᠶᠢᠨ ᠪᠣᠳᠣᠯᠭ᠎ᠠ ᠶᠢ ᠡᠷᠦᠬᠡ ᠪᠣᠯᠭᠠᠨ ᠳᠤ ᠮᠡᠳᠡᠭᠦᠯᠬᠦ ᠶᠢ ᠠᠬᠢᠭᠤᠯᠵᠤ᠂ ᠪᠥᠬᠦ ᠠᠷᠠᠳ ᠢᠶᠠᠷ ᠢᠶᠠᠨ ᠠᠮᠢ | ᠠᠬᠤᠢ ᠶᠢᠨ ᠬᠠᠮᠠᠭᠠᠯᠠᠯᠲᠠ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ | | | | | | ᠡᠷᠦᠬᠡ ᠳᠤ ᠬᠦᠷᠴᠦ ᠤᠬᠠᠭᠤᠯᠤᠨ ᠲᠠᠶᠢᠯᠪᠤᠷᠢᠯᠠᠬᠤ ᠳᠤ ᠥᠴᠥᠬᠡᠨ ᠴᠦ ᠵᠠᠢ ᠵᠠᠪᠰᠠᠷ ᠦᠭᠡᠢ ᠪᠠᠶᠢᠵᠤ᠂ ᠰᠦᠯᠵᠢᠶᠡᠨ ᠠᠴᠠ ᠭᠠᠳᠠᠭᠤᠷᠬᠢ | ᠦᠢᠯᠡᠴᠢᠯᠡᠭᠡ ᠨᠢ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ᠃ ᠳᠠᠭᠠᠭᠠᠴᠢᠯᠠᠨ ᠬᠤᠯᠪᠣᠭᠠᠯᠠᠭᠰᠠᠨ ᠤᠳᠤᠷᠢᠳᠤᠯᠭ᠎ᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠩᠭᠢ᠂ ᠲᠣᠮᠢᠯᠠᠭᠰᠠᠨ ᠰᠠᠯᠪᠤᠷᠢ᠂ ᠨᠤᠲᠤᠭ ᠪᠡᠯᠴᠢᠭᠡᠷ ᠤᠨ ᠰᠦᠯᠵᠢᠶᠡᠨ ᠤ ᠠᠵᠢᠯᠲᠠᠨ ᠤ ᠬᠦᠴᠦᠨ ᠢ ᠶᠡᠷᠦᠩᠬᠡᠶᠢᠯᠡᠨ᠂ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠶᠢ ᠡᠳᠦᠷ ᠲᠤᠲᠤᠮ ᠤᠨ ᠲᠣᠭᠤᠷᠢᠨ ᠪᠠᠶᠢᠴᠠᠭᠠᠬᠤ᠂ ᠬᠠᠤᠯᠢ ᠬᠡᠷᠡᠭᠵᠢᠭᠦᠯᠬᠦ᠂ ᠰᠤᠷᠪᠤᠯᠵᠢᠯᠠᠬᠤ ᠠᠵᠢᠯ ᠳᠤ ᠠᠭᠤᠰᠬᠠᠨ ᠣᠷᠣᠭᠤᠯᠤᠨ᠎ᠠ᠃ ᠬᠠᠤᠯᠢ | ᠬᠡᠷᠡᠭᠵᠢᠭᠦᠯᠬᠦ ᠠᠩᠭᠢ ᠶᠢᠨ ᠭᠡᠰᠢᠭᠦᠳ ᠡᠳᠦᠷ ᠲᠤᠲᠤᠮ ᠤᠨ ᠮᠠᠯᠵᠢᠯ ᠤᠨ ᠲᠠᠯᠠᠪᠠᠶ ᠳᠤ ᠲᠣᠭᠤᠷᠢᠨ ᠪᠠᠶᠢᠴᠠᠭᠠᠬᠤ ᠳᠠᠭᠠᠨ᠂ ᠲᠣᠭᠲᠠᠭᠠᠯ ᠠᠴᠠ ᠵᠥᠷᠢᠴᠡᠨ ᠮᠠᠯ | ᠮᠠᠯᠵᠢᠭᠰᠠᠨ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠠᠤᠯᠢ ᠴᠠᠭᠠᠵᠠ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠮᠠᠯᠵᠢᠬᠤ ᠣᠷᠣᠨ ᠤ ᠬᠡᠷᠡᠭ | ᠶᠠᠪᠤᠳᠠᠯ ᠢ ᠰᠢᠢᠳᠪᠦᠷᠢᠯᠡᠬᠦ ᠶᠠᠪᠤᠴᠠ ᠳᠤ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠱᠠᠭᠠᠷᠳᠠᠯᠭ᠎ᠠ ᠶᠢ ᠲᠣᠳᠣᠷᠬᠠᠶᠢᠯᠠᠨ᠎ᠠ︔ ᠨᠤᠲᠤᠭ ᠪᠡᠯᠴᠢᠭᠡᠷ ᠤᠨ | ᠰᠦᠯᠵᠢᠶᠡᠨ ᠤ ᠠᠵᠢᠯᠲᠠᠨ ᠡᠷᠦᠬᠡ ᠳᠤ ᠬᠦᠷᠴᠦ ᠰᠤᠷᠪᠤᠯᠵᠢᠯᠠᠬᠤ᠂ ᠮᠡᠳᠡᠭᠡ ᠵᠠᠩᠭᠢ ᠪᠠᠨ ᠲᠡᠮᠳᠡᠭᠯᠡᠬᠦ ᠳᠡᠭᠡᠨ ᠨᠤᠲᠤᠭ ᠤᠨ ᠠᠶᠠᠯᠭᠤ ᠪᠠᠷ ᠮᠠᠯᠴᠢᠳ ᠲᠤ ︽ᠠᠵᠤ | ᠠᠬᠤᠢ ᠶᠢᠨ ᠲᠠᠩᠰᠠ︾ ᠪᠠ ︽ᠠᠮᠢ ᠠᠬᠤᠢ ᠶᠢᠨ ᠲᠠᠩᠰᠠ︾ ᠶᠢ ᠪᠤᠳᠤᠵᠤ ᠥᠭᠬᠦ ᠬᠡᠷᠡᠭᠲᠡᠢ᠃ ᠣᠯᠠᠨ ᠲᠠᠯ᠎ᠠ ᠶᠢᠨ ᠬᠢᠨ ᠡᠳᠦᠷ ᠲᠤᠲᠤᠮ ᠤᠨ ᠠᠵᠢᠯ | ᠳᠤᠮᠳᠠ ᠪᠠᠨ ᠮᠠᠯᠴᠢᠨ ᠠᠶᠢᠯ ᠳᠤ ᠵᠣᠭᠤᠭ ᠳᠡᠯᠭᠡᠵᠦ᠂ ᠮᠠᠯᠵᠢᠯ ᠤᠨ ᠲᠠᠯᠠᠪᠠᠶ ᠶᠢᠨ ᠲᠣᠭᠤᠷᠢᠨ ᠪᠠᠶᠢᠴᠠᠭᠠᠬᠤ ᠵᠠᠮ ᠳᠤ ᠬᠦᠯᠢᠴᠡᠩᠭᠦᠢ ᠪᠠᠷ ᠨᠡᠪᠲᠡᠷᠡᠯᠴᠡᠵᠦ᠂ ᠲᠥᠷᠥ | ᠶᠢᠨ ᠪᠣᠳᠣᠯᠭ᠎ᠠ ᠶᠢᠨ ᠲᠠᠶᠢᠯᠤᠮᠵᠢ ᠶᠢ ᠠᠵᠢᠯ ᠤᠨ ᠨᠠᠷᠢᠨ ᠵᠦᠢᠯᠡᠰ ᠲᠤ ᠨᠡᠪᠴᠢᠭᠦᠯᠦᠨ᠂ ᠮᠠᠯᠴᠢᠳ ᠢ ᠬᠥᠲᠥᠯᠥᠨ ᠵᠢᠯᠤᠭᠤᠳᠴᠤ ᠪᠠᠶᠢᠭᠠᠳ ᠰᠠᠨᠠᠭᠠᠴᠢᠯᠠᠭ᠎ᠠ | ᠠᠴᠠ ᠪᠠᠨ ᠣᠶᠢᠯᠠᠭᠠᠨ ᠬᠠᠮᠵᠢᠯᠴᠠᠭᠤᠯᠵᠤ᠂ ᠪᠥᠬᠦ ᠠᠷᠠᠳ ᠢᠶᠠᠷ ᠢᠶᠠᠨ ᠠᠮᠢ ᠠᠬᠤᠢ ᠶᠢᠨ ᠬᠠᠮᠠᠭᠠᠯᠠᠯᠲᠠ ᠳᠤ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ | ᠪᠣᠶ ᠪᠣᠯᠭᠠᠵᠠᠢ᠃ | ᠲᠣᠰ ᠤᠳᠠᠭᠠᠨ ᠤ ᠠᠵᠢᠯ ᠤᠨ ᠲᠣᠬᠢᠷᠠᠭᠤᠯᠤᠯᠲᠠ ᠪᠠ ᠤᠬᠠᠭᠤᠯᠭ᠎ᠠ ᠶᠢᠨ ᠠᠵᠢᠯᠯᠠᠭ᠎ᠠ ᠨᠢ ᠴᠠᠭᠠᠨ ᠪᠠᠯᠭᠠᠰᠤᠨ ᠤ ᠠᠮᠢ ᠠᠬᠤᠢ ᠶᠢᠨ ᠣᠷᠴᠢᠨ | ᠨᠥᠬᠦᠴᠡᠯ ᠢ ᠰᠠᠬᠢᠨ ᠬᠠᠮᠠᠭᠠᠯᠠᠬᠤ ᠡᠷᠡᠰ ᠵᠣᠷᠢᠭ ᠢ ᠬᠠᠷᠠᠭᠤᠯᠵᠠᠢ᠃ ᠳᠠᠷᠠᠭᠠᠪᠠᠷ ᠴᠠᠭᠠᠨ ᠪᠠᠯᠭᠠᠰᠤ ᠪᠠᠰᠠ ᠦᠷᠭᠦᠯᠵᠢᠯᠡᠨ ᠬᠦᠴᠦᠯᠡᠵᠦ᠂ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷᠯᠡᠭᠦᠯᠬᠦ ᠶᠢ ᠵᠣᠭᠰᠤᠭᠠᠬᠤ ᠠᠵᠢᠯ ᠢ ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠠᠷ | ᠪᠦᠲᠦᠮᠵᠢᠲᠡᠢ ᠪᠠᠶᠢᠯᠭᠠᠬᠤ ᠶᠢ ᠠᠬᠢᠭᠤᠯᠬᠤ ᠪᠣᠯᠣᠨ᠎ᠠ᠃ | |