ᠦ᠋ ᠰᠢᠤᠸᠠᠢ ᠶᠦᠩ ᠰᠢᠨᠡᠪᠤᠯᠠᠭ ᠰᠤᠮᠤᠨ ᠳᠤ ᠭᠦᠨᠵᠡᠭᠡᠶᠢᠷᠡᠨ ᠣᠳᠣᠬᠠᠨ ᠤ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2025/5/15
          5 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠰᠢᠨᠡᠪᠤᠯᠠᠭ ᠰᠤᠮᠤ ᠳᠤ ᠭᠦᠨᠵᠡᠭᠡᠶᠢᠷᠡᠨ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠂ ᠰᠢᠨᠡᠪᠤᠯᠠᠭ ᠰᠤᠮᠤ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃          ᠥᠯᠵᠡᠶᠢᠲᠦ ᠨᠤᠲᠤᠭ ᠪᠡᠯᠴᠢᠭᠡᠷ ᠤᠨ ᠣᠷᠭᠠᠨᠢᠭ ᠪᠣᠷᠳᠣᠭᠤᠷ ᠤᠨ ᠺᠣᠮᠫᠠᠨᠢ᠂ ᠮᠣᠳᠣᠨᠠᠮᠵᠢ ᠭᠠᠴᠠᠭ᠎ᠠ ᠳᠤ᠂ ᠦ᠋ ᠰᠢᠤᠸᠠᠢ ᠶᠦᠩ ᠣᠷᠭᠠᠨᠢᠭ ᠪᠣᠷᠳᠣᠭᠤᠷ ᠤᠨ ᠺᠣᠮᠫᠠᠨᠢ ᠶᠢᠨ ᠦᠢᠯᠡᠳᠪᠦᠷᠢᠯᠡᠯ ᠠᠵᠢᠯᠯᠠᠭᠠᠨ ᠤ ᠪᠠᠶᠢᠳᠠᠯ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠭᠰᠠᠨ ᠦᠷ᠎ᠡ ᠪᠦᠲᠦᠮᠵᠢ ᠵᠢᠴᠢ ᠮᠣᠳᠣᠨᠠᠮᠵᠢ ᠭᠠᠴᠠᠭ᠎ᠠ ᠶᠢᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠡᠢ᠃ ᠦ᠋ ᠰᠢᠤᠸᠠᠢ ᠶᠦᠩ ᠴᠢᠬᠤᠯᠠᠴᠢᠯᠠᠭᠰᠠᠨ ᠨᠢ᠂ ᠡᠯ᠎ᠡ ᠰᠤᠮᠤ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠠᠯᠤᠰ ᠬᠡᠳᠦ ᠳᠤ ᠰᠠᠭᠤᠷᠢᠯᠠᠵᠤ᠂ ᠰᠢᠰᠲ᠋ᠧᠮᠵᠢ ᠦᠵᠡᠯᠲᠡ ᠪᠠᠷ ᠠᠮᠢ ᠠᠬᠤᠢ ᠣᠷᠴᠢᠨ ᠲᠣᠭᠤᠷᠢᠨ ᠢ ᠵᠠᠰᠠᠵᠤ᠂ ᠤᠬᠠᠭᠤᠯᠵᠤ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠤᠯᠠᠨ ᠲᠦᠮᠡᠨ ᠤ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠴᠢᠩᠭᠠᠳᠬᠠᠬᠤ ᠬᠡᠷᠡᠭᠲᠡᠢ︔ᠡᠭᠦᠨ ᠤ ᠵᠡᠷᠭᠡᠴᠡᠭᠡᠪᠡᠷ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠳᠦᠷᠢᠮ ᠤᠨ ᠪᠠᠲᠤᠯᠠᠭ᠎ᠠ ᠪᠠᠷ ᠳᠠᠮᠵᠢᠭᠤᠯᠤᠨ᠂ ᠮᠠᠯ ᠵᠢᠭᠦᠷᠲᠡᠨ ᠤ ᠬᠠᠶᠠᠭᠳᠠᠮᠠᠯ ᠢ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ ᠵᠡᠷᠭᠡ ᠠᠰᠠᠭᠤᠳᠠᠯ ᠢ ᠰᠢᠢᠳᠪᠦᠷᠢᠯᠡᠵᠦ᠂ ᠠᠮᠢ ᠠᠬᠤᠢ ᠶᠢᠨ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠬᠤ ᠶᠢ ᠲᠦᠯᠬᠢᠨ ᠠᠬᠢᠭᠤᠯᠤᠨ᠎ᠠ᠃          ᠳᠠᠷᠠᠭ᠎ᠠ ᠨᠢ᠂ ᠦ᠋ ᠰᠢᠤᠸᠠᠢ ᠶᠦᠩ ᠮᠣᠳᠣᠨᠠᠮᠵᠢ ᠭᠠᠴᠠᠭᠠᠨ ᠤ ᠠᠷᠠᠳ ᠤᠨ ᠰᠠᠭᠤᠴᠠ ᠶᠢᠨ ᠲᠣᠭᠤᠷᠢᠭ᠂ ᠰᠢᠨᠡᠪᠤᠯᠠᠭ ᠰᠤᠮᠤ ᠶᠢᠨ ᠠᠨᠠᠷ ᠤᠨ ᠦᠷ᠎ᠡ ᠠᠮᠢ ᠠᠬᠤᠢ ᠶᠢᠨ ᠠᠵᠤ ᠦᠢᠯᠡᠰ ᠤᠨ ᠰᠤᠳᠤᠯᠭᠠᠨ ᠤ ᠰᠠᠭᠤᠷᠢᠨ ᠭᠠᠵᠠᠷ ᠲᠤ ᠬᠦᠷᠴᠦ᠂ ᠰᠤᠳᠤᠯᠭᠠᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠵᠠᠭᠪᠤᠷ᠂ ᠬᠦᠢ ᠭᠤᠣᠯ ᠤᠨ ᠦᠵᠡᠮᠵᠢ ᠶᠢᠨ ᠣᠷᠣᠨ ᠤ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠵᠢᠴᠢ ᠮᠠᠯᠵᠢᠬᠤ ᠡᠷᠦᠬᠡ ᠶᠢᠨ ᠵᠢᠭᠤᠯᠴᠢᠯᠠᠯ ᠤᠨ ᠣᠨᠴᠠᠯᠢᠭᠲᠤ ᠲᠦᠷᠦᠯ ᠲᠡᠮᠳᠡᠭ ᠢ ᠡᠭᠦᠳᠬᠦ ᠵᠡᠷᠭᠡ ᠠᠵᠢᠯ ᠤᠨ ᠠᠬᠢᠴᠠ ᠶᠢ ᠨᠠᠷᠢᠨ ᠣᠶᠢᠯᠠᠭᠠᠪᠠ᠃ ᠦ᠋ ᠰᠢᠤᠸᠠᠢ ᠶᠦᠩ ᠴᠢᠬᠤᠯᠠᠴᠢᠯᠠᠭᠰᠠᠨ  ᠨᠢ᠂ ᠵᠢᠭᠤᠯᠴᠢᠯᠠᠯ ᠤᠨ ᠢᠳᠡ ᠤᠯᠠᠷᠢᠯ ᠤᠳᠠᠯ ᠦᠭᠡᠢ ᠬᠦᠷᠴᠦ ᠢᠷᠡᠬᠦ ᠭᠡᠵᠦ ᠪᠠᠶᠢᠨ᠎ᠠ᠂ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠢ᠂ ᠡᠵᠡᠩᠨᠡᠯᠲᠡ ᠶᠢᠨ ᠠᠵᠤ ᠠᠬᠤᠶᠢᠯᠠᠯ ᠰᠣᠶᠣᠯ ᠵᠢᠭᠤᠯᠴᠢᠯᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠣᠷᠣᠨ ᠨᠤᠲᠤᠭ ᠤᠨ ᠣᠨᠴᠠᠯᠢᠭ ᠪᠣᠯᠣᠨ ᠰᠣᠶᠣᠯ ᠤᠨ ᠷᠢᠳᠢ ᠰᠢᠳᠢ ᠳᠤ ᠠᠩᠬᠠᠷᠤᠯ ᠢᠶᠠᠨ ᠲᠥᠪᠯᠡᠷᠡᠭᠦᠯᠵᠦ᠂ ᠤᠬᠠᠭᠤᠯᠭ᠎ᠠ ᠶᠢᠨ ᠬᠦᠴᠦᠨ ᠢ ᠤᠷᠢᠳᠴᠢᠯᠠᠨ ᠰᠠᠶᠢᠲᠤᠷ ᠬᠢᠬᠦ ᠬᠡᠷᠡᠭᠲᠡᠢ᠃ ᠡᠭᠦᠨ ᠤ ᠬᠠᠮᠲᠤ᠂ ︽ᠳᠥᠷᠪᠡᠨ ᠬᠠᠮᠲᠤ ᠪᠠᠷ ᠢᠶᠠᠨ︾ ᠣᠷᠳᠣ ᠬᠤᠩᠭᠢᠯ ᠤᠨ ᠰᠣᠶᠣᠯ ᠤᠨ ᠬᠤᠯᠪᠣᠭᠠᠰᠤ ᠪᠠ ᠰᠤᠷᠭᠠᠨ ᠬᠥᠮᠦᠵᠢᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠳᠤᠯᠤᠨ ᠰᠤᠷᠤᠯᠴᠠᠬᠤ ᠰᠣᠯᠢᠯᠴᠠᠭ᠎ᠠ ᠪᠠ ᠵᠢᠭᠤᠯᠴᠢᠯᠠᠯ ᠤᠨ ᠠᠵᠤ ᠦᠢᠯᠡᠰ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠯ ᠢ ᠠᠬᠢᠭᠤᠯᠬᠤ ᠶᠢ ᠪᠡᠶᠡᠯᠡᠭᠦᠯᠬᠦ ᠬᠡᠷᠡᠭᠲᠡᠢ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ