ᠣᠶᠢᠷ᠎ᠠ ᠶᠢᠨ ᠬᠤᠭᠤᠴᠠᠭᠠᠨ ᠳᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠠᠪᠤᠨ | ᠪᠠᠶᠢᠴᠠᠭᠠᠨ ᠰᠤᠳᠤᠯᠬᠤ ᠳᠤᠭᠤᠶᠢᠯᠠᠩ ᠵᠣᠬᠢᠶᠠᠨ ᠪᠠᠶᠢᠭᠤᠯᠵᠤ᠂ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠭᠦᠨ ᠪᠦᠯᠬᠦᠮ ᠳᠠᠭᠠᠭᠤᠯᠤᠨ | ᠬᠤᠰᠢᠭᠤ᠂ ᠰᠤᠮᠤ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠳᠤ | ᠪᠠᠶᠢᠴᠠᠭᠠᠨ ᠰᠤᠳᠤᠯᠤᠯᠲᠠ ᠬᠢᠪᠡ᠃ | ᠪᠠᠶᠢᠴᠠᠭᠠᠨ ᠰᠤᠳᠤᠯᠬᠤ ᠳᠤᠭᠤᠶᠢᠯᠠᠩ ᠡᠯ᠎ᠡ ᠰᠤᠮᠤ ᠪᠠᠯᠭᠠᠰᠤᠨ ᠳᠤ ᠲᠣᠰ ᠲᠣᠰ ᠭᠦᠨᠵᠡᠭᠡᠶᠢᠷᠡᠵᠦ᠂ ᠬᠠᠷᠢᠭᠤ ᠮᠡᠳᠡᠭᠦᠯᠦᠯᠲᠡ ᠰᠣᠨᠣᠰᠬᠤ᠂ | ᠰᠠᠭᠤᠳᠠᠯ ᠤᠨ ᠬᠤᠷᠠᠯ ᠬᠢᠬᠦ᠂ ᠲᠤᠬᠠᠢ ᠶᠢᠨ ᠲᠠᠯᠠᠪᠤᠷ ᠲᠤ ᠬᠦᠷᠴᠦ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠳᠡᠭᠡᠷ᠎ᠡ ᠨᠢᠭᠡ ᠡᠭᠡᠯᠵᠢ ᠶᠢᠨ | ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠲᠤᠷᠰᠢᠯᠭ᠎ᠠ ᠦᠷ᠎ᠡ | ᠪᠦᠲᠦᠮᠵᠢ ᠵᠢᠴᠢ ᠰᠢᠨ᠎ᠡ ᠨᠢᠭᠡ ᠡᠭᠡᠯᠵᠢ ᠶᠢᠨ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ | ᠰᠣᠩᠭᠤᠭᠤᠯᠢ ᠶᠢᠨ ᠠᠵᠢᠯ ᠤᠨ ᠰᠠᠨᠠᠯ ᠰᠠᠨᠠᠭᠤᠯᠭ᠎ᠠ ᠶᠢ ᠪᠥᠬᠦ ᠲᠠᠯ᠎ᠠ ᠪᠠᠷ ᠣᠶᠢᠯᠠᠭᠠᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠠᠴᠠ ᠱᠠᠭᠠᠷᠳᠠᠭᠰᠠᠨ ᠨᠢ᠂ ᠰᠢᠨ᠎ᠡ ᠨᠢᠭᠡ ᠡᠭᠡᠯᠵᠢ ᠶᠢᠨ ᠬᠤᠶᠠᠷ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠶᠢᠳᠠᠯ ᠢ | ᠪᠠᠶᠢᠴᠠᠭᠠᠨ ᠣᠶᠢᠯᠠᠭᠠᠬᠤ ᠪᠠ ᠰᠤᠳᠤᠯᠤᠨ ᠮᠠᠭᠠᠳᠯᠠᠵᠤ ᠵᠠᠳᠠᠯᠬᠤ ᠠᠵᠢᠯ ᠢ ᠰᠠᠶᠢᠲᠤᠷ ᠬᠢᠵᠦ᠂ ᠥᠩᠭᠡᠷᠡᠭᠰᠡᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ | ᠠᠵᠢᠯ ᠤᠨ ᠳᠤᠮᠳᠠᠬᠢ ᠰᠠᠶᠢᠨ ᠲᠤᠷᠰᠢᠯᠭ᠎ᠠ ᠪᠠ ᠠᠷᠭ᠎ᠠ ᠬᠢᠳᠡᠯ ᠢ ᠨᠠᠷᠢᠨ ᠬᠢᠨᠠᠮᠠᠭᠠᠢ ᠳ᠋ᠦᠩᠨᠡᠬᠦ ᠬᠡᠷᠡᠭᠲᠡᠢ᠃ ᠤᠷᠢᠳᠴᠢᠯᠠᠨ ᠠᠷᠭ᠎ᠠ ᠰᠦᠪᠡᠭᠴᠢᠯᠡᠨ ᠰᠡᠳᠬᠢᠵᠦ᠂ | ᠲᠥᠰᠥᠯ ᠢ ᠰᠤᠳᠤᠯᠤᠨ ᠲᠣᠭᠲᠠᠭᠠᠵᠤ᠂ ᠰᠣᠩᠭᠤᠭᠤᠯᠢ ᠶᠢᠨ ᠲᠣᠭᠤᠷᠢᠭ ᠢ ᠬᠤᠪᠢᠶᠠᠷᠢᠯᠠᠬᠤ᠂ ᠰᠣᠩᠭᠤᠭᠤᠯᠢ ᠶᠢᠨ ᠠᠷᠠᠳ ᠢ ᠪᠦᠷᠢᠳᠬᠡᠬᠦ᠂ ᠤᠬᠠᠭᠤᠯᠤᠨ | ᠪᠣᠯᠪᠠᠰᠤᠷᠠᠭᠤᠯᠬᠤ ᠵᠡᠷᠭᠡ ᠠᠵᠢᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠷᠠᠳ ᠤᠨ ᠠᠷᠠᠳᠴᠢᠯᠠᠯ ᠤᠨ ᠡᠷᠬᠡ ᠶᠢᠨ ᠬᠠᠤᠯᠢ ᠶᠣᠰᠣᠭᠠᠷ ᠪᠡᠶᠡᠯᠡᠭᠳᠡᠬᠦ ᠶᠢ | ᠦᠨᠡᠨ ᠬᠦ ᠪᠠᠲᠤᠯᠠᠬᠤ ᠬᠡᠷᠡᠭᠲᠡᠢ᠃ | ᠪᠠᠶᠢᠴᠠᠭᠠᠨ ᠰᠤᠳᠤᠯᠬᠤ ᠳᠤᠭᠤᠶᠢᠯᠠᠩ ᠪᠠᠰᠠ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠭᠡᠷ ᠤᠨ ᠪᠦᠲᠦᠭᠡᠨ ᠪᠠᠶᠢᠭᠤᠯᠤᠯᠲᠠ ᠪᠠ ᠬᠡᠷᠡᠭᠯᠡᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠪᠤᠰᠤᠳ ᠠᠵᠢᠯ ᠢ ᠬᠢᠨᠠᠨ | ᠵᠢᠯᠣᠭᠤᠳᠪᠠ᠃ |