5 ᠰᠠᠷ᠎ᠠ ᠶᠢᠨ 14 ᠤ ᠡᠳᠦᠷ᠂ ᠳᠤᠮᠳᠠᠳᠤ ᠮᠣᠩᠭᠤᠯ ᠬᠤᠶᠠᠷ ᠤᠯᠤᠰ ᠤᠨ ᠡᠨᠧᠷᠭᠢ ᠶᠢᠨ ᠬᠠᠮᠲᠤᠷᠠᠯᠴᠠᠭᠠᠨ ᠤ ᠴᠢᠬᠤᠯᠠ ᠨᠡᠪᠲᠡᠷᠡᠬᠦ ᠵᠠᠮ - ᠳᠤᠮᠳᠠᠳᠤ | ᠮᠣᠩᠭᠤᠯ ᠤᠨ ᠭᠠᠭᠴᠠᠮᠣᠳᠤ - ᠭᠠᠰᠢᠭᠤᠨ ᠰᠤᠬᠠᠶᠢᠲᠤ ᠬᠦᠷᠬᠦ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠡᠬᠢᠯᠡᠬᠦ ᠶᠣᠰᠣᠯᠠᠯ ᠳᠤᠮᠳᠠᠳᠤ | ᠮᠣᠩᠭᠤᠯ ᠤᠨ ᠬᠢᠯᠢ ᠶᠢᠨ ᠣᠷᠣᠨ ᠳᠤ ᠶᠠᠪᠤᠭᠳᠠᠪᠠ᠃ ᠮᠣᠩᠭᠤᠯ ᠤᠯᠤᠰ ᠤᠨ ᠶᠡᠷᠦᠩᠬᠡᠢ ᠰᠠᠶᠢᠳ ᠣᠶᠤᠨ᠋ᠡᠷᠳᠡᠨᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠷᠢᠳ ᠬᠤᠵᠢᠳ ᠪᠠᠶᠠᠷ ᠤᠨ ᠦᠭᠡ ᠬᠡᠯᠡᠵᠦ᠂ ᠬᠠᠮᠲᠤ ᠪᠠᠷ ᠲᠥᠷᠥᠯ ᠵᠦᠢᠯ ᠤᠨ ᠬᠥᠰᠢᠭᠡ ᠶᠢ | ᠰᠡᠬᠦᠪᠡ᠃ | | | | | | 5 ᠰᠠᠷ᠎ᠠ ᠶᠢᠨ 14 ᠤ ᠡᠳᠦᠷ᠂ ᠳᠤᠮᠳᠠᠳᠤ ᠮᠣᠩᠭᠤᠯ ᠬᠤᠶᠠᠷ ᠤᠯᠤᠰ ᠤᠨ ᠡᠨᠧᠷᠭᠢ ᠶᠢᠨ ᠬᠠᠮᠲᠤᠷᠠᠯᠴᠠᠭᠠᠨ ᠤ ᠴᠢᠬᠤᠯᠠ ᠨᠡᠪᠲᠡᠷᠡᠬᠦ ᠵᠠᠮ - ᠳᠤᠮᠳᠠᠳᠤ | ᠮᠣᠩᠭᠤᠯ ᠤᠨ ᠭᠠᠭᠴᠠᠮᠣᠳᠤ - ᠭᠠᠰᠢᠭᠤᠨ ᠰᠤᠬᠠᠶᠢᠲᠤ ᠬᠦᠷᠬᠦ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠡᠬᠢᠯᠡᠬᠦ ᠶᠣᠰᠣᠯᠠᠯ ᠳᠤᠮᠳᠠᠳᠤ | ᠮᠣᠩᠭᠤᠯ ᠤᠨ ᠬᠢᠯᠢ ᠶᠢᠨ ᠣᠷᠣᠨ ᠳᠤ ᠶᠠᠪᠤᠭᠳᠠᠪᠠ᠃ ᠮᠣᠩᠭᠤᠯ ᠤᠯᠤᠰ ᠤᠨ ᠶᠡᠷᠦᠩᠬᠡᠢ ᠰᠠᠶᠢᠳ ᠣᠶᠤᠨ᠋ᠡᠷᠳᠡᠨᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠠᠮᠲᠤ ᠪᠠᠷ ᠲᠥᠷᠥᠯ ᠵᠦᠢᠯ ᠤᠨ ᠬᠥᠰᠢᠭᠡ ᠶᠢ ᠰᠡᠬᠦᠪᠡ᠃ ︵ᠲᠤᠰ ᠰᠣᠨᠢᠨ ᠤ ᠰᠤᠷᠪᠤᠯᠵᠢᠯᠠᠬᠴᠢ | ᠮᠠ ᠵᠢᠶᠠᠨ ᠪᠢᠩ ᠰᠡᠭᠦᠳᠡᠷᠯᠡᠪᠡ︶ | | | | | | ᠶᠡᠷᠦᠩᠬᠡᠢ ᠰᠠᠶᠢᠳ ᠣᠶᠤᠨ᠋ᠡᠷᠳᠡᠨᠢ ᠬᠢᠯᠢ ᠠᠯᠤᠰᠯᠠᠭᠰᠠᠨ ᠲᠡᠮᠦᠷ ᠵᠠᠮ ᠤᠨ ᠪᠠᠷᠢᠯᠭ᠎ᠠ ᠡᠬᠢᠯᠡᠭᠰᠡᠨ ᠡᠨᠡ ᠬᠦ ᠲᠡᠦᠬᠡᠲᠦ ᠴᠠᠭ ᠮᠥᠴᠡ ᠳᠤ ᠬᠤᠶᠠᠷ ᠤᠯᠤᠰ ᠤᠨ | ᠬᠢᠯᠢ ᠳᠤ ᠲᠤᠰᠬᠠᠶᠢᠯᠠᠨ ᠢᠷᠡᠭᠰᠡᠨ ᠵᠣᠴᠢᠳ᠂ ᠪᠡᠯᠡ ᠣᠷᠣᠭᠤᠯᠤᠭᠴᠢᠳ᠂ ᠢᠨᠵᠧᠨᠧᠷᠢᠩ ᠤᠨ ᠮᠡᠷᠭᠡᠵᠢᠯᠲᠡᠳ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ | ᠲᠥᠷᠥᠯ ᠵᠦᠢᠯ ᠢ ᠲᠦᠷᠭᠡᠨ ᠠᠬᠢᠭᠤᠯᠬᠤ ᠶᠢᠨ ᠲᠥᠯᠥᠭᠡ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠲᠤᠰᠬᠠᠢ ᠮᠡᠷᠭᠡᠵᠢᠯ ᠤᠨ ᠥᠨᠳᠥᠷ ᠪᠦᠲᠦᠮᠵᠢᠲᠡᠶ | ᠲᠦᠪᠰᠢᠨ ᠢᠶᠠᠷ ᠠᠵᠢᠯ ᠢᠶᠠᠨ ᠥᠷᠨᠢᠭᠦᠯᠵᠦ ᠪᠠᠶᠢᠭ᠎ᠠ ᠬᠤᠶᠠᠷ ᠤᠯᠤᠰ ᠤᠨ ᠵᠠᠰᠠᠭ ᠤᠨ ᠣᠷᠳᠣᠨ ᠤ ᠪᠠᠶᠢᠭᠤᠯᠤᠮᠵᠢ᠂ ᠠᠵᠤ ᠠᠬᠤᠶᠢᠯᠠᠯ ᠵᠢᠴᠢ ᠬᠤᠯᠪᠣᠭᠳᠠᠯ ᠪᠦᠬᠦᠢ | ᠬᠥᠮᠥᠰ ᠲᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠮᠣᠩᠭᠤᠯ ᠳᠤᠮᠳᠠᠳᠤ ᠬᠤᠶᠠᠷ ᠤᠯᠤᠰ ᠪᠣᠯ ᠠᠭᠤᠯᠠ ᠤᠰᠤ ᠪᠠᠷ ᠢᠶᠠᠨ | ᠵᠠᠯᠭᠠᠯᠳᠤᠭᠰᠠᠨ ᠥᠨᠢᠳᠡ ᠶᠢᠨ ᠬᠥᠷᠰᠢ ᠤᠯᠤᠰ ᠮᠥᠨ᠃ ᠥᠨᠥᠳᠥᠷ ᠤᠨ ᠡᠬᠢᠯᠡᠭᠦᠯᠦᠭᠰᠡᠨ ᠭᠠᠰᠢᠭᠤᠨ ᠰᠤᠬᠠᠶᠢᠲᠤ - ᠭᠠᠭᠴᠠᠮᠣᠳᠤ ᠬᠦᠷᠬᠦ ᠬᠢᠯᠢ ᠠᠯᠤᠰᠯᠠᠭᠰᠠᠨ | ᠲᠡᠮᠦᠷ ᠵᠠᠮ ᠤᠨ ᠪᠠᠷᠢᠯᠭ᠎ᠠ ᠨᠢ ᠵᠠᠮ ᠤᠨ ᠡᠭᠦᠳᠡ ᠪᠣᠭᠤᠮᠲᠠ᠂ ᠡᠩᠬᠡ ᠲᠠᠶᠢᠪᠤᠩ ᠤᠨ ᠬᠥᠭᠦᠷᠭᠡ᠂ ᠤᠯᠤᠰ ᠤᠨ ᠶᠡᠭᠡ ᠳᠡᠯᠭᠡᠭᠦᠷ ᠵᠡᠷᠭᠡ ᠪᠡᠯᠭᠡ ᠲᠡᠮᠳᠡᠭ ᠤᠨ ᠴᠢᠨᠠᠷᠲᠠᠢ | ᠲᠥᠷᠥᠯ ᠵᠦᠢᠯ ᠲᠠᠢ ᠠᠳᠠᠯᠢ ᠪᠠᠷ ᠬᠤᠶᠠᠷ ᠤᠯᠤᠰ ᠤᠨ ᠨᠥᠭᠦᠷᠰᠡᠭ ᠬᠠᠷᠢᠯᠴᠠᠭᠠᠨ ᠤ ᠰᠢᠨ᠎ᠡ ᠬᠥᠰᠢᠶ᠎ᠡ ᠲᠡᠮᠳᠡᠭ ᠪᠤᠯᠬᠤ ᠨᠢ ᠯᠠᠪᠲᠠᠢ᠃ ᠲᠥᠷᠥᠯ ᠵᠦᠢᠯ | ᠳᠠᠭᠤᠰᠤᠭᠰᠠᠨ ᠤ ᠳᠠᠷᠠᠭ᠎ᠠ ᠪᠣᠭᠤᠮᠲᠠ ᠪᠠᠷ ᠥᠩᠭᠡᠷᠡᠬᠦ ᠴᠢᠳᠠᠪᠤᠷᠢ ᠨᠢᠭᠡ ᠳᠠᠭᠢᠨ ᠳᠡᠭᠡᠭᠰᠢᠯᠡᠬᠦ ᠪᠣᠯᠣᠨ᠎ᠠ᠂ ᠡᠨᠡ ᠨᠢ ᠮᠣᠩᠭᠤᠯ ᠤᠯᠤᠰ ᠤᠨ ᠤᠯᠤᠰ ᠠᠷᠠᠳ ᠤᠨ ᠠᠵᠤ | ᠠᠬᠤᠢ ᠪᠣᠯᠣᠨ ᠭᠠᠳᠠᠭᠠᠳᠤ ᠠᠷᠠᠯᠵᠢᠶ᠎ᠠ ᠳᠤ ᠬᠦᠴᠦᠲᠡᠢ ᠬᠥᠳᠡᠯᠭᠡᠬᠦ ᠬᠦᠴᠦᠨ ᠨᠡᠮᠡᠷᠢᠯᠡᠬᠦ ᠪᠠᠷ ᠪᠠᠷᠠᠬᠤ ᠦᠭᠡᠢ ᠨᠠᠩ ᠴᠤ ᠠᠵᠢᠯ ᠣᠯᠭᠤᠬᠤ ᠠᠵᠢᠯ ᠤᠨ ᠪᠠᠶᠢᠷᠢ | ᠡᠭᠦᠳᠬᠦ᠂ ᠰᠠᠭᠤᠭᠠᠯᠢ ᠠᠷᠠᠳ ᠤᠨ ᠣᠷᠣᠯᠭ᠎ᠠ ᠶᠢ ᠳᠡᠭᠡᠭᠰᠢᠯᠡᠭᠦᠯᠭᠦ ᠪᠠᠷ ᠲᠠᠮᠵᠢᠨ ᠬᠢᠯᠢ ᠬᠢᠵᠠᠭᠠᠷ ᠣᠷᠣᠨ ᠤ ᠠᠷᠠᠳ ᠤᠨ ᠠᠮᠢᠳᠤᠷᠠᠯ ᠢ ᠢᠯᠡᠳᠲᠡ ᠰᠠᠶᠢᠵᠢᠷᠠᠭᠤᠯᠵᠤ᠂ | ᠦᠨᠡᠨ ᠬᠦ ᠣᠷᠣᠨ ᠨᠤᠲᠤᠭ ᠲᠤ ᠪᠤᠶᠠᠨ ᠦᠢᠯᠡᠳᠬᠦ ︽ᠰᠢᠵᠢᠷ ᠠᠯᠲᠠᠨ ᠬᠢᠯᠢ ᠶᠢᠨ ᠪᠣᠭᠤᠮᠲᠠ︾ ᠪᠤᠯᠬᠤ ᠪᠣᠯᠣᠨ᠎ᠠ᠃ ᠥᠨᠥᠳᠥᠷ ᠮᠣᠩᠭᠤᠯ ᠳᠤᠮᠳᠠᠳᠤ ᠶᠢᠨ ᠠᠵᠤ | ᠠᠬᠤᠢ ᠶᠢᠨ ᠬᠠᠨᠢᠲᠠᠨ ᠤ ᠬᠠᠷᠢᠯᠴᠠᠭ᠎ᠠ ᠶᠠᠭ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠨᠢᠭᠡᠨ ᠰᠢᠨ᠎ᠡ ᠴᠠᠭ ᠦᠶ᠎ᠡ ᠳᠤ ᠣᠷᠣᠵᠤ ᠪᠠᠶᠢᠨ᠎ᠠ᠃ ᠮᠣᠩᠭᠤᠯ ᠤᠯᠤᠰ | ︽ᠠᠯᠤᠰ ᠤᠨ ᠬᠠᠷᠠᠭ᠎ᠠ 2050︾ ᠣᠷᠳᠣ ᠬᠤᠭᠤᠴᠠᠭᠠᠨ ᠤ ᠬᠥᠭᠵᠢᠯ ᠤᠨ ᠪᠣᠳᠣᠯᠭ᠎ᠠ ᠶᠢ ᠡᠷᠡᠰ ᠭᠤᠶᠢᠪᠢᠰᠢ ᠦᠭᠡᠢ ᠬᠡᠷᠡᠭᠵᠢᠭᠦᠯᠵᠦ ︽ᠮᠣᠩᠭᠤᠯ ᠤᠨ ᠶᠣᠰᠣ ᠠᠨᠤ | ᠦᠨᠡᠨᠴᠢ ᠰᠢᠳᠤᠷᠭᠤ ᠳᠤᠷ ᠪᠠᠶᠢᠮᠤᠢ︾ ᠭᠡᠬᠦ ᠡᠨᠡ ᠬᠦ ᠦᠨᠳᠦᠰᠦᠨ ᠵᠠᠷᠴᠢᠮ ᠢ ᠬᠢᠴᠢᠶᠡᠩᠭᠦᠶᠢᠯᠡᠨ ᠵᠢᠷᠤᠮᠯᠠᠵᠤ ᠬᠠᠮᠲᠤᠷᠠᠯᠴᠠᠭ᠎ᠠ ᠪᠠᠨ ᠠᠬᠢᠭᠤᠯᠤᠨ᠎ᠠ᠃ ᠬᠤᠶᠠᠷ | ᠲᠠᠯ᠎ᠠ ᠪᠠᠷ ᠢᠶᠠᠨ ᠳᠠᠬᠢᠯᠲᠠ ᠡᠨᠧᠷᠭᠢ ᠶᠢᠨ ᠦᠢᠯᠡᠳᠪᠦᠷᠢᠯᠡᠯ᠂ ᠨᠡᠭᠦᠷᠡᠰᠦ ᠶᠢ ᠨᠠᠷᠢᠯᠢᠭ ᠭᠦᠨᠵᠡᠭᠡᠢ ᠡᠳ᠋ᠰᠢᠭᠦᠯᠬᠦ ᠵᠢᠴᠢ ᠮᠡᠷᠭᠡᠵᠢᠯ ᠤᠨ ᠠᠵᠤ ᠦᠢᠯᠡᠰ ᠤᠨ ᠬᠦᠷᠢᠶᠡᠨ ᠳᠤ | ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠮᠲᠤ ᠪᠠᠷ ᠴᠢᠷᠮᠠᠶᠢᠵᠤ ᠪᠠᠶᠢᠭᠠᠳ ᠬᠤᠶᠠᠷ ᠤᠯᠤᠰ ᠤᠨ ᠲᠡᠷᠢᠭᠦᠨ ᠤ | ᠲᠣᠬᠢᠷᠠᠯᠴᠠᠭᠰᠠᠨ ᠬᠠᠮᠲᠤ ᠶᠢᠨ ᠲᠠᠨᠢᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ ᠭᠡᠵᠡᠢ᠃ | ᠰᠦᠨ ᠱᠤᠤ ᠴᠧᠩ ᠪᠠᠶᠠᠷ ᠤᠨ ᠦᠭᠡ ᠳᠡᠭᠡᠨ ᠶᠡᠷᠦᠩᠬᠡᠢ ᠰᠠᠶᠢᠳ ᠣᠶᠤᠨ᠋ᠡᠷᠳᠡᠨᠢ ᠨᠠᠷ ᠪᠣᠯᠣᠨ ᠲᠤᠬᠠᠢ ᠶᠢᠨ ᠲᠠᠯᠠᠪᠠᠢ ᠳᠤ ᠬᠦᠷᠦᠯᠴᠡᠨ ᠢᠷᠡᠭᠰᠡᠨ ᠬᠦᠨᠳᠦᠲᠦ | ᠵᠣᠴᠢᠳ ᠢ ᠴᠢᠩ ᠰᠡᠳᠬᠢᠯ ᠠᠴᠠ ᠪᠠᠨ ᠤᠭᠲᠤᠵᠤ ᠪᠠᠶᠢᠬᠤ ᠪᠠᠨ ᠢᠯᠡᠳᠬᠡᠵᠦ᠂ ᠭᠠᠭᠴᠠᠮᠣᠳᠤ - ᠭᠠᠰᠢᠭᠤᠨ ᠰᠤᠬᠠᠶᠢᠲᠤ ᠬᠦᠷᠬᠦ ᠬᠢᠯᠢ ᠠᠯᠤᠰᠯᠠᠭᠰᠠᠨ ᠲᠡᠮᠦᠷ | ᠵᠠᠮ ᠤᠨ ᠲᠦᠷᠦᠯ ᠵᠦᠢᠯ ᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃ ᠲᠡᠷᠡ᠂ ᠣᠶᠢᠷ᠎ᠠ ᠶᠢᠨ | ᠵᠢᠯ ᠠᠴᠠ ᠲᠡᠷᠢᠭᠦᠯᠡᠭᠴᠢ ᠰᠢ ᠶᠢᠨ ᠫᠢᠩ ᠪᠣᠯᠣᠨ ᠶᠡᠷᠦᠩᠬᠡᠶᠢᠯᠡᠭᠴᠢ ᠬᠦᠷᠡᠯᠰᠦ᠋ᠬᠡ ᠶᠢᠨ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠯᠭ᠎ᠠ ᠳᠣᠣᠷ᠎ᠠ ᠳᠤᠮᠳᠠᠳᠤ | ᠮᠣᠩᠭᠤᠯ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠴᠠᠭ᠎ᠠ ᠲᠣᠭᠲᠠᠭᠤᠨ ᠡᠷᠡᠭᠦᠯ ᠬᠥᠭᠵᠢᠵᠦ᠂ ᠬᠤᠶᠠᠷ ᠤᠯᠤᠰ ᠤᠨ ᠳᠡᠭᠡᠳᠦ | ᠳᠠᠪᠬᠤᠷᠭ᠎ᠠ ᠶᠢᠨ ᠶᠠᠪᠤᠯᠴᠠᠭ᠎ᠠ ᠨᠢᠭᠲᠠᠷᠠᠵᠤ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠪᠡ᠃ ᠭᠠᠭᠴᠠᠮᠣᠳᠤ - ᠭᠠᠰᠢᠭᠤᠨ ᠰᠤᠬᠠᠶᠢᠲᠤ | ᠬᠦᠷᠬᠦ ᠬᠢᠯᠢ ᠠᠯᠤᠰᠯᠠᠭᠰᠠᠨ ᠲᠡᠮᠦᠷ ᠵᠠᠮ ᠪᠠᠶᠢᠭᠤᠯᠤᠭᠳᠠᠭᠰᠠᠨ ᠤ ᠳᠠᠷᠠᠭ᠎ᠠ ᠳᠤᠮᠳᠠᠳᠤ ᠮᠣᠩᠭᠤᠯ ᠤᠨ ᠬᠤᠯᠪᠣᠯᠳᠤᠨ ᠨᠡᠪᠲᠡᠷᠡᠯᠴᠡᠬᠦ ᠰᠢᠨ᠎ᠡ ᠬᠥᠭᠦᠷᠭᠡ ᠪᠣᠯᠵᠤ᠂ | ᠬᠤᠶᠠᠷ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠ ᠠᠵᠤ ᠦᠢᠯᠡᠰ ᠤᠨ ᠬᠤᠯᠪᠤᠭᠠᠯᠠᠨ ᠬᠥᠳᠡᠯᠦᠯᠴᠡᠬᠦ ᠶᠢ ᠤᠯᠠᠮ ᠨᠢᠭᠡ ᠠᠯᠬᠤᠮ ᠠᠬᠢᠭᠤᠯᠬᠤ ᠶᠢᠨ | ᠬᠠᠮᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠ ᠮᠣᠩᠭᠤᠯ ᠤᠯᠤᠰ ᠤᠨ ᠬᠠᠮᠢᠶ᠎ᠠ ᠪᠦᠬᠦᠢ ᠭᠠᠵᠠᠷ ᠣᠷᠣᠨ ᠤ ᠬᠠᠮᠵᠢᠯᠴᠠᠨ ᠬᠥᠭᠵᠢᠬᠦ ᠳᠤ | ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠣᠯᠣᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤᠷᠠᠲᠠᠶ᠎ᠠ ᠮᠣᠩᠭᠤᠯ ᠤᠯᠤᠰ ᠤᠨ | ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠬᠠᠮᠲᠤ ᠪᠠᠷ ᠲᠥᠷᠥᠯ ᠵᠦᠢᠯ ᠢ ᠬᠡᠷᠡᠭᠵᠢᠭᠦᠯᠬᠦ ᠳᠤ ᠬᠦᠴᠦᠲᠡᠢ ᠳᠡᠮᠵᠢᠯᠭᠡ ᠪᠠ ᠲᠥᠭᠦᠮ ᠦᠵᠡᠭᠦᠯᠦᠨ᠎ᠡ᠃ ᠡᠨᠡ ᠬᠦ ᠬᠢᠯᠢ | ᠠᠯᠤᠰᠯᠠᠭᠰᠠᠨ ᠲᠡᠮᠦᠷ ᠵᠠᠮ ᠨᠢ ᠨᠥᠬᠦᠷᠯᠡᠯ ᠤᠨ ᠵᠠᠮ᠂ ᠬᠥᠭᠵᠢᠯ ᠴᠡᠴᠡᠭᠯᠡᠯ ᠤᠨ ᠵᠠᠮ᠂ ᠬᠦᠰᠡᠯ ᠡᠷᠡᠮᠡᠯᠵᠡᠯ ᠤᠨ ᠵᠠᠮ ᠪᠤᠯᠬᠤ ᠶᠢ ᠪᠢᠳᠡ ᠪᠠᠲᠤ ᠢᠲᠡᠭᠡᠵᠦ ᠪᠠᠶᠢᠨ᠎ᠠ᠃ | ᠢᠷᠡᠭᠡᠳᠦᠢ ᠳᠤ ᠬᠠᠨᠳᠤᠭᠤᠯᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ︽ᠡᠶᠡᠯᠳᠡᠭ ᠬᠥᠷᠰᠢ᠂ | ᠠᠮᠤᠷ ᠲᠦᠪᠰᠢᠨ ᠬᠥᠷᠰᠢ᠂ ᠪᠠᠶᠠᠨ ᠬᠥᠷᠰᠢ᠂ ᠳᠣᠲᠣᠨᠣ ᠦᠨᠡᠨᠴᠢ ᠪᠠᠷ ᠠᠰᠢᠭ ᠬᠦᠷᠲᠡᠭᠡᠬᠦ᠂ ᠬᠤᠪᠢ ᠵᠠᠶᠠᠭ᠎ᠠ ᠪᠠᠨ ᠬᠠᠮᠲᠤᠳᠬᠠᠬᠤ︾ ᠣᠶᠢᠯᠠᠭᠠᠭᠳᠠᠬᠤᠨ ᠴᠢᠭᠯᠡᠯᠲᠡ ᠶᠢ | ᠭᠦᠨᠵᠡᠭᠡᠢ ᠦᠢᠯᠡᠳᠦᠯᠭᠡᠵᠢᠭᠦᠯᠵᠦ᠂ ᠳᠤᠮᠳᠠᠳᠤ ᠮᠣᠩᠭᠤᠯ ᠬᠤᠶᠠᠷ ᠤᠯᠤᠰ ᠤᠨ ᠲᠡᠷᠢᠭᠦᠨ ᠤ ᠲᠣᠭᠲᠠᠭᠰᠠᠨ ᠡᠯ᠎ᠡ ᠵᠦᠢᠯ ᠤᠨ ᠪᠠᠶᠢᠯᠳᠤᠬᠤ ᠪᠣᠳᠣᠯᠭ᠎ᠠ ᠶᠢᠨ ᠬᠠᠮᠲᠤ ᠶᠢᠨ | ᠲᠠᠨᠢᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠮᠣᠩᠭᠤᠯ ᠤᠯᠤᠰ ᠤᠨ ᠬᠤᠯᠪᠣᠭᠳᠠᠯ ᠪᠦᠬᠦᠢ ᠲᠠᠯ᠎ᠠ ᠪᠠ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ | ᠶᠠᠪᠤᠯᠴᠠᠭ᠎ᠠ ᠪᠠᠨ ᠪᠦᠭᠦ ᠲᠠᠯ᠎ᠠ ᠪᠠᠷ ᠴᠢᠩᠭᠠᠳᠬᠠᠵᠤ᠂ ᠳᠤᠮᠳᠠᠳᠤ ᠮᠣᠩᠭᠤᠯ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ | ᠬᠥᠭᠵᠢᠭᠦᠯᠬᠦ ᠳᠤ ᠨᠠᠩ ᠶᠡᠭᠡ ᠬᠦᠴᠦᠨ ᠴᠢᠳᠠᠯ ᠢᠶᠠᠨ ᠡᠷᠭᠦᠨ᠎ᠡ ᠭᠡᠪᠡ᠃ | ᠮᠣᠩᠭᠤᠯ ᠤᠯᠤᠰ ᠤᠨ ᠨᠢᠭᠡᠳᠦᠭᠡᠷ ᠳᠡᠳ᠋ ᠶᠡᠷᠦᠩᠬᠡᠢ ᠰᠠᠶᠢᠳ ᠪᠥᠭᠡᠳ ᠠᠵᠤ ᠠᠬᠤᠢ ᠶᠢᠨ ᠬᠥᠭᠵᠢᠯᠲᠡ ᠶᠢᠨ ᠶᠠᠮᠤᠨ ᠤ ᠰᠠᠶᠢᠳ ᠭᠠᠩᠲᠡᠮᠦᠷ᠂ ᠳᠡᠳ᠋ | ᠶᠡᠷᠦᠩᠬᠡᠢ ᠰᠠᠶᠢᠳ ᠲᠤᠷᠵᠢᠬᠠᠨᠳᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠰᠠᠶᠢᠳ ᠳᠡᠯᠭᠡᠷᠰᠠᠶᠢᠬᠠᠨ ᠪᠣᠯᠣᠨ ᠪᠦᠭᠦᠳᠠ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠭᠢᠯᠡᠭᠴᠢ ᠯᠢ ᠴᠦᠨ ᠯᠢᠨ᠂ ᠤᠯᠤᠰ ᠤᠨ ᠡᠨᠧᠷᠭᠢ ᠶᠢᠨ ᠪᠡᠯᠡ | ᠣᠷᠣᠭᠤᠯᠤᠯᠲᠠ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠽᠧᠦ ᠯᠧᠢ᠂ ᠳᠤᠮᠳᠠᠳᠤ ᠤᠯᠤᠰ ᠤᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ | ᠬᠤᠪᠢᠴᠠᠭᠠᠳᠤ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠳ᠋ᠠᠢ ᠾᠧ ᠭᠧᠨ ᠲᠤᠰ ᠲᠤᠰ ᠪᠠᠶᠠᠷ ᠤᠨ ᠦᠭᠡ ᠬᠡᠯᠡᠪᠡ᠃ | | | | | | ᠪᠠᠷᠢᠯᠭ᠎ᠠ ᠡᠬᠢᠯᠡᠬᠦ ᠶᠣᠰᠣᠯᠠᠯ ᠳᠠᠭᠤᠰᠤᠭᠰᠠᠨ ᠤ ᠲᠠᠷᠠᠭ᠎ᠠ ᠰᠦᠨ ᠱᠤᠤ ᠴᠧᠩ ᠪᠠᠰᠠ ᠶᠡᠷᠦᠩᠬᠡᠢ ᠰᠠᠶᠢᠳ ᠣᠶᠤᠨ᠋ᠡᠷᠳᠡᠨᠢ ᠲᠠᠢ ᠠᠭᠤᠯᠵᠠᠵᠤ᠂ ᠬᠤᠶᠠᠷ | ᠲᠠᠯ᠎ᠠ ᠪᠠᠷ ᠢᠶᠠᠨ ᠠᠭᠤᠷᠬᠠᠢ ᠶᠢᠨ ᠡᠬᠢ ᠪᠠᠶᠠᠯᠢᠭ᠂ ᠰᠢᠨ᠎ᠡ ᠡᠨᠧᠷᠭᠢ᠂ ᠠᠮᠢ ᠠᠬᠤᠢ ᠶᠢᠨ ᠬᠠᠮᠠᠭᠠᠯᠠᠯᠲᠠ᠂ ᠬᠢᠯᠢ ᠠᠯᠤᠰᠯᠠᠭᠰᠠᠨ ᠵᠢᠭᠤᠯᠴᠢᠯᠠᠯ ᠵᠡᠷᠭᠡ ᠬᠦᠷᠢᠶᠡᠨ ᠤ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠰᠠᠨᠠᠯ ᠢᠶᠠᠨ ᠰᠣᠯᠢᠯᠴᠠᠵᠠᠢ᠃ | ᠮᠣᠩᠭᠤᠯ ᠤᠯᠤᠰ ᠤᠨ ᠠᠵᠤ ᠦᠢᠯᠡᠳᠪᠦᠷᠢ ᠬᠢᠭᠡᠳ ᠠᠭᠤᠷᠬᠠᠢ ᠶᠢᠨ ᠦᠢᠯᠡᠰ ᠤᠨ ᠶᠠᠮᠤᠨ ᠤ ᠰᠠᠶᠢᠳ ᠳᠤᠸᠠᠩ᠂ ᠮᠣᠩᠭᠤᠯ ᠤᠯᠤᠰ ᠤᠨ ᠰᠠᠶᠢᠳ᠂ | ᠤᠯᠤᠰ ᠤᠨ ᠪᠣᠭᠤᠮᠲᠠ ᠶᠢᠨ ᠰᠡᠷᠭᠦᠨ ᠮᠠᠨᠳᠤᠯᠲᠠ ᠶᠢᠨ ᠵᠥᠪᠯᠡᠯ ᠤᠨ ᠡᠷᠭᠢᠯᠡᠭᠴᠢ ᠲᠤᠯᠭ᠎ᠠ᠂ ᠮᠣᠩᠭᠤᠯ ᠤᠯᠤᠰ ᠤᠨ ᠡᠳ᠋ ᠤᠨ ᠵᠠᠰᠠᠭ ᠤᠨ ᠶᠠᠮᠤᠨ ᠤ ᠰᠠᠶᠢᠳ | ᠵᠢᠪᠬᠤᠯᠠᠩ᠂ ᠳᠤᠮᠳᠠᠳᠤ ᠤᠯᠤᠰ ᠲᠤ ᠰᠠᠭᠤᠭ᠎ᠠ ᠮᠣᠩᠭᠤᠯ ᠤᠯᠤᠰ ᠤᠨ ᠣᠨᠴᠠ ᠲᠣᠮᠢᠯᠠᠭᠰᠠᠨ ᠪᠦᠷᠢᠨ ᠡᠷᠬᠡᠲᠦ ᠡᠯᠴᠢᠨ ᠰᠠᠶᠢᠳ ᠡᠩᠬᠡᠪᠣᠯᠣᠳ᠂ ᠮᠣᠩᠭᠤᠯ | ᠤᠯᠤᠰ ᠲᠤ ᠰᠠᠭᠤᠭ᠎ᠠ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠨᠴᠠ ᠲᠣᠮᠢᠯᠠᠭᠰᠠᠨ ᠪᠦᠷᠢᠨ ᠡᠷᠬᠡᠲᠦ ᠡᠯᠴᠢᠨ ᠰᠠᠶᠢᠳ ᠱᠧᠨ ᠮᠢᠨ ᠵᠢᠤᠸᠠᠨ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠦᠢ ᠯᠢ ᠰᠢᠨ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠶᠠᠩ ᠶᠢᠨ᠂ ᠭᠠᠳᠠᠭᠠᠳᠤ ᠶᠠᠪᠤᠳᠠᠯ ᠤᠨ ᠶᠠᠮᠤᠨ ᠤ ᠠᠽᠢᠶ᠎ᠠ | ᠲᠢᠪ ᠤᠨ ᠵᠤᠷᠭᠠᠨ ᠤ ᠳᠡᠳ᠋ ᠳᠠᠷᠤᠭ᠎ᠠ ᠴᠧᠨ ᠱᠤᠤ ᠴᠦᠨ ᠨᠠᠷ ᠠᠵᠢᠯᠯᠠᠭ᠎ᠠ ᠳᠤ ᠣᠷᠣᠯᠴᠠᠪᠠ᠃ | |