ᠦᠨᠳᠦᠰᠦᠨ ᠱᠠᠲᠤᠨ ᠤ ᠦᠢᠯᠡᠴᠢᠯᠡᠭᠡ ︽ᠬᠠᠤᠯᠢ︾ ᠶᠢ ᠭᠡᠷ ᠲᠤᠨᠢ ᠬᠦᠷᠭᠡᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2025/5/16
          ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠲᠥᠪ ᠭᠤᠥᠯᠴᠢ ᠥᠨᠳᠥᠷ ᠪᠦᠲᠦᠮᠵᠢᠲᠡᠶ᠂ ᠠᠷᠠᠳ ᠲᠤ ᠲᠥᠬᠦᠮ ᠦᠵᠡᠭᠦᠯᠬᠦ ᠳᠦᠷᠢᠮ ᠤᠨ ᠳᠠᠪᠠᠭᠤᠯᠢᠭ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠣᠶᠢᠷ᠎ᠠ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ︽ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠦᠢᠯᠡᠴᠢᠯᠡᠭᠡ ᠶᠢ ᠠᠵᠤ ᠠᠬᠤᠶᠢᠯᠠᠯ ᠳᠤ ᠣᠷᠣᠭᠤᠯᠬᠤ︾ ᠲᠤᠰᠬᠠᠢ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠰᠠᠨᠠᠭᠠᠴᠢᠯᠠᠭ᠎ᠠ ᠠᠴᠠ ᠪᠠᠨ ᠬᠠᠤᠯᠢ ᠴᠠᠭᠠᠵᠠ ᠶᠢ ᠠᠵᠤ ᠠᠬᠤᠶᠢᠯᠠᠯ ᠳᠤ ᠣᠷᠣᠭᠤᠯᠬᠤ ᠪᠠᠷ ᠳᠠᠮᠵᠢᠭᠤᠯᠤᠨ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠬᠠᠤᠯᠢ ᠪᠠᠷ ᠵᠠᠰᠠᠬᠤ ᠬᠥᠳᠡᠯᠭᠡᠬᠦ ᠬᠦᠴᠦᠨ ᠨᠡᠮᠡᠷᠢᠯᠡᠪᠡ᠃
1.jpg
          ᠠᠵᠢᠯᠯᠠᠭ᠎ᠠ ᠶᠢᠨ ᠳᠤᠮᠳᠠ᠂ ᠰᠢᠨ᠎ᠡ ᠪᠠᠷᠭᠤ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠠᠵᠢᠯᠲᠠᠳ ᠲᠦᠩ ᠯᠧ ᠹᠦ᠋ ᠢᠳᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠭᠦᠨᠵᠡᠭᠡᠶᠢᠷᠡᠨ᠂ ᠲᠤᠰᠬᠠᠢ ᠰᠡᠳᠦᠪᠲᠦ ᠲᠠᠶᠢᠯᠤᠮᠵᠢ ᠡᠷᠭᠢᠯᠡᠬᠦ᠂ ᠬᠠᠤᠯᠢ ᠴᠠᠭᠠᠵᠠ ᠶᠢᠨ ᠵᠥᠪᠯᠡᠯᠭᠡ ᠬᠠᠩᠭᠠᠬᠤ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠳᠤ ︽ᠨᠢᠭᠡ ᠳᠤ ᠨᠢᠭᠡ ᠲᠠᠢ ᠬᠠᠷᠢᠴᠠᠬᠤ︾ ︽ᠨᠢᠭᠤᠷᠳᠠᠬᠤ︾ ᠨᠠᠷᠢᠯᠢᠭ ᠣᠨᠣᠴᠠᠲᠠᠢ ᠦᠢᠯᠡᠴᠢᠯᠡᠭᠡ ᠬᠠᠩᠭᠠᠪᠠ᠃ ᠲᠤᠰᠬᠠᠢ ᠰᠡᠳᠦᠪᠲᠦ ᠲᠠᠶᠢᠯᠤᠮᠵᠢ ᠨᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠪᠠᠶᠢᠩᠭᠤ ᠲᠣᠬᠢᠶᠠᠯᠳᠤᠳᠠᠭ ᠵᠠᠰᠠᠭ ᠵᠠᠬᠢᠷᠭᠠᠨ ᠤ ᠰᠢᠢᠳᠬᠡᠯ᠂ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠠᠯᠪᠠᠳᠠᠯᠭ᠎ᠠ ᠵᠡᠷᠭᠡ ᠵᠠᠰᠠᠭ ᠵᠠᠬᠢᠷᠭᠠᠨ ᠤ ᠮᠠᠷᠭᠤᠯᠳᠤᠭᠠᠨ ᠤ ᠲᠣᠭᠤᠷᠢᠨ ᠳᠤ᠂ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠨᠥᠬᠦᠴᠡᠯ᠂ ᠭᠥᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ᠂ ᠰᠢᠭᠦᠬᠦ ᠵᠢᠷᠤᠮ ᠵᠡᠷᠭᠡ ᠠᠭᠤᠯᠭ᠎ᠠ ᠶᠢ ᠨᠠᠷᠢᠨ ᠲᠠᠶᠢᠯᠪᠤᠷᠢᠯᠠᠵᠤ᠂ ᠠᠵᠤ ᠠᠬᠤᠶᠢᠯᠠᠯ ᠢ ᠬᠠᠪᠰᠤᠷᠤᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠡᠨᠡ ᠬᠦ ᠬᠠᠤᠯᠢ ᠴᠠᠭᠠᠵᠠ ᠶᠢᠨ ᠠᠷᠭ᠎ᠠ ᠵᠠᠮ ᠢ ᠬᠡᠷᠬᠢᠨ ᠬᠡᠷᠡᠭᠯᠡᠵᠦ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠣᠶᠢᠯᠠᠭᠠᠭᠤᠯᠤᠨ᠎ᠠ᠃
2.jpg
          ᠲᠣᠰ ᠤᠳᠠᠭᠠᠨ ᠤ ᠲᠤᠰᠬᠠᠢ ᠠᠵᠢᠯᠯᠠᠭ᠎ᠠ ᠨᠢ ᠠᠵᠤ ᠠᠬᠤᠶᠢᠯᠠᠯ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠳᠦᠷᠢᠮ ᠤᠨ ᠲᠤᠬᠠᠢ ᠣᠶᠢᠯᠠᠭᠠᠬᠤ ᠬᠡᠮᠵᠢᠶ᠎ᠡ ᠪᠠ ᠮᠡᠳᠡᠷᠡᠬᠦ ᠰᠡᠳᠬᠢᠯᠭᠡ ᠶᠢ ᠪᠦᠲᠦᠮᠵᠢᠲᠡᠶ ᠳᠡᠭᠡᠭᠰᠢᠯᠡᠭᠦᠯᠵᠦ᠂ ᠠᠵᠤ ᠠᠬᠤᠶᠢᠯᠠᠯ ᠳᠤ ᠨᠠᠩ ᠲᠥᠪ ᠭᠤᠥᠯᠴᠢ᠂ ᠢᠯᠡ ᠲᠣᠳᠣ᠂ ᠵᠢᠱᠢᠵᠦ ᠪᠣᠯᠬᠤᠶᠢᠴᠠ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠪᠣᠶ ᠪᠣᠯᠭᠠᠵᠤ ᠥᠭᠭᠦᠭᠰᠡᠨ ᠪᠠᠶᠢᠨ᠎ᠠ᠃          ᠲᠠᠷᠠᠭᠠᠴᠢ ᠶᠢᠨ ᠠᠯᠬᠤᠮ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ︽ᠵᠠᠰᠠᠭ ᠵᠠᠬᠢᠷᠭᠠᠨ ᠤ ᠳᠠᠬᠢᠨ ᠵᠥᠪᠯᠡᠬᠦ ᠦᠢᠯᠡᠴᠢᠯᠡᠭᠡ ᠶᠢ ᠠᠵᠤ ᠠᠬᠤᠶᠢᠯᠠᠯ ᠳᠤ ᠣᠷᠣᠭᠤᠯᠬᠤ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠡᠪᠰᠢᠭᠰᠡᠨ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ᠂ ᠦᠢᠯᠡᠴᠢᠯᠡᠭᠡᠨ ᠤ ᠠᠷᠭ᠎ᠠ ᠮᠠᠶ᠋ᠢᠭ ᠢᠶᠠᠨ ᠲᠠᠰᠤᠷᠠᠯᠲᠠ ᠦᠭᠡᠢ ᠰᠢᠨ᠎ᠡ ᠪᠠᠷ ᠡᠭᠦᠳᠴᠦ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠪᠠᠨ ᠥᠷᠭᠡᠳᠬᠡᠨ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠬᠥᠭᠵᠢᠯᠲᠡ ᠳᠤ ᠨᠠᠩ ᠪᠠᠲᠤ ᠴᠢᠩᠭ᠎ᠠ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠵᠤ ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠳᠠᠬᠢᠨ ᠰᠢᠨ᠎ᠡ ᠳᠡᠭᠲᠡᠷ ᠲᠤ ᠭᠠᠷᠭᠠᠬᠤ ᠳᠤ ᠬᠦᠴᠦᠨ ᠨᠡᠮᠡᠷᠢᠯᠡᠨ᠎ᠡ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ