ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠪᠦᠯᠬᠦᠮᠳᠡᠨ ᠲᠡᠮᠡᠴᠡᠰᠦᠭᠡᠢ ︱ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠢ ᠪᠠᠲᠤ ᠴᠣᠭᠴᠠᠯᠠᠨ᠎ᠠ
ᠨᠡᠶᠢᠲᠡᠯᠡᠭᠰᠡᠨ ᠴᠠᠭ᠄
2025/5/16
          ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠬᠢᠵᠢᠭᠦᠯᠬᠦ ᠤᠬᠠᠮᠰᠠᠷ ᠤᠨ ᠬᠥᠮᠦᠵᠢᠯ ᠢ ᠲᠠᠰᠤᠷᠠᠯᠳᠡ ᠦᠭᠡᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 15  ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠪᠠᠶᠢᠭᠤᠯᠤᠯᠭ᠎ᠠ ᠶᠢᠨ ᠨᠠᠮ ᠤᠨ ᠡᠭᠦᠷ ︽ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠲᠤᠰᠬᠠᠢ ᠰᠡᠳᠦᠪᠲᠦ ᠨᠠᠮ ᠤᠨ ᠬᠢᠴᠢᠶᠡᠯ ᠤᠨ ᠠᠵᠢᠯᠯᠠᠭ᠎ᠠ ᠥᠷᠨᠢᠭᠦᠯᠵᠡᠢ᠃ ᠨᠠᠮ ᠤᠨ ᠡᠭᠦᠷ ᠤᠨ ᠱᠦᠵᠢ ᠬᠢᠴᠢᠶᠡᠯ ᠣᠷᠣᠵᠤ᠂ ᠪᠦᠬᠦ ᠨᠠᠮ ᠤᠨ ᠭᠡᠰᠢᠭᠦᠨ᠂ ᠵᠠᠯᠠᠭᠤ ᠺᠠᠳ᠋ᠷᠴᠤᠳ ᠬᠤᠷᠠᠯ ᠳᠤ ᠣᠷᠣᠯᠴᠠᠨ᠎ᠠ᠃          ᠨᠠᠮ ᠤᠨ ᠬᠢᠴᠢᠶᠡᠯ ᠨᠢ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠲᠡᠮᠡᠴᠡᠬᠦ᠂ ᠳᠤᠮᠳᠠᠳᠤ  ᠶᠢᠨ ᠦᠨᠳᠦᠰᠦᠲᠡᠨ ᠤ ᠬᠠᠮᠲᠤ  ᠶᠢᠨ ᠴᠣᠭᠴᠠ  ᠶᠢᠨ ᠪᠠᠶᠢᠭᠤᠯᠤᠯᠲᠠ  ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ︾ ᠭᠤᠣᠯ ᠰᠡᠳᠦᠪ  ᠢ ᠬᠦᠷᠢᠶᠡᠯᠡᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠲᠡᠦᠬᠡᠨ ᠦᠯᠢᠭᠡᠷ ᠲᠠᠢ ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢᠨ ᠴᠢᠬᠤᠯᠠ ᠠᠴᠢ ᠬᠤᠯᠪᠣᠭᠳᠠᠯ ᠢ ᠠᠮᠢᠳᠤᠯᠢᠭ ᠢᠶᠠᠷ ᠲᠠᠶᠢᠯᠪᠤᠷᠢᠯᠠᠵᠤ᠂ ᠪᠦᠬᠦ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠦᠵᠡᠯ ᠰᠠᠨᠠᠭᠠᠨ ᠤ ᠰᠤᠳᠠᠰᠤ ᠶᠢ ᠤᠯᠠᠮ ᠨᠢᠭᠡ ᠠᠯᠬᠤᠮ ᠲᠣᠳᠣᠷᠬᠠᠢ ᠪᠣᠯᠭᠠᠨ ᠪᠠᠲᠤ ᠪᠠᠬᠢ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠠᠵᠢᠯ ᠤᠨ ᠭᠤᠣᠯ ᠱᠤᠭᠤᠮ ᠪᠣᠯᠭᠠᠭᠰᠠᠨ ᠭᠦᠨ ᠭᠦᠨᠵᠡᠭᠡᠢ ᠠᠭᠤᠯᠤᠭᠳᠠᠬᠤᠨ ᠪᠠ ᠲᠠᠨᠢᠯᠲᠠ ᠶᠢ ᠨᠢ ᠦᠷᠭᠦᠯᠵᠢᠯᠡᠨ ᠭᠦᠨᠵᠡᠭᠡᠶᠢᠷᠡᠭᠦᠯᠪᠡ᠃
3.jpg
          ᠨᠠᠮ ᠤᠨ ᠡᠭᠦᠷ ᠤᠨ ᠱᠦᠵᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠮᠥᠨ᠂ ᠪᠠᠰᠠ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠮᠥᠨ᠂ ᠨᠠᠮ ᠤᠨ ᠭᠡᠰᠢᠭᠦᠨ ᠺᠠᠳ᠋ᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠢ ᠪᠦᠬᠦ ᠲᠠᠯ᠎ᠠ ᠪᠠᠷ ᠲᠤᠭᠤᠰᠢᠯᠠᠭᠤᠯᠵᠤ ᠪᠠᠲᠤ ᠪᠠᠬᠢ ᠪᠤᠢ ᠪᠣᠯᠭᠠᠬᠤ ᠠᠵᠢᠯ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠶᠠᠷᠢᠪᠠ᠃ ᠨᠢᠭᠡ ᠳᠤ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠵᠥᠪ ᠲᠡᠦᠬᠡ ᠶᠢᠨ ᠦᠵᠡᠯᠲᠡ ᠶᠢ ᠪᠠᠷᠢᠮᠲᠠᠯᠠᠵᠤ᠂ ᠦᠨᠳᠦᠰᠦᠲᠡᠨ ᠤ ᠨᠡᠶᠢᠲᠡᠯᠢᠭ ᠴᠢᠨᠠᠷ ᠤᠨ ᠲᠤᠬᠠᠢ ᠲᠠᠨᠢᠯᠲᠠ ᠪᠠᠨ ᠴᠢᠩᠭᠠᠳᠬᠠᠨ᠂ ᠡᠷᠡᠰ ᠭᠤᠶᠢᠪᠢᠰᠢ ᠦᠭᠡᠢ ᠪᠠᠷ ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠬᠡᠷᠡᠭᠲᠡᠢ᠃ ᠬᠤᠶᠠᠷ ᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠪᠠᠬᠢ ᠪᠤᠢ ᠪᠣᠯᠭᠠᠬᠤ ᠤᠬᠠᠮᠰᠠᠷ ᠢ ᠡᠳᠦᠷ ᠳᠤᠳᠤᠮ ᠤᠨ ᠠᠵᠢᠯ ᠳᠤᠮᠳᠠ ᠲᠤᠭᠤᠰᠢᠯᠠᠭᠤᠯᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠬᠢᠴᠢᠶᠡᠯ ᠳᠤ ᠰᠣᠷᠣᠭᠰᠠᠨ ᠵᠦᠢᠯ ᠢ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠵᠤ᠂ ᠡᠳᠦᠷ ᠳᠤᠳᠤᠮ ᠤᠨ ᠠᠵᠢᠯ ᠢ ᠥᠷᠨᠢᠭᠦᠯᠬᠦ ᠶᠠᠪᠤᠴᠠ ᠳᠤ ᠠᠵᠢᠯ ᠤᠨ ᠪᠠᠶᠢᠷᠢ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠦᠨᠳᠦᠰᠦᠲᠡᠨ ᠤ ᠪᠦᠯᠬᠦᠮᠳᠡᠯ ᠤᠨ ᠣᠶᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠭᠦᠯᠵᠦ᠂ ᠨᠠᠮ ᠤᠨ ᠪᠠᠶᠢᠭᠤᠯᠤᠯᠲᠠ ᠪᠠᠷ ᠲᠤᠬᠠᠶᠢᠯᠠᠭᠰᠠᠨ ᠠᠵᠢᠯ ᠤᠨ ᠬᠥᠭᠵᠢᠯᠲᠡ ᠶᠢ ᠬᠥᠲᠥᠯᠥᠨ ᠳᠠᠭᠠᠭᠤᠯᠵᠤ᠂ ᠡᠯ᠎ᠡ ᠵᠦᠢᠯ ᠤᠨ ᠠᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃
4.jpg
          ᠲᠣᠰ ᠤᠳᠠᠭᠠᠨ ᠤ ᠲᠤᠰᠬᠠᠢ ᠰᠡᠳᠦᠪᠲᠦ ᠨᠠᠮ ᠤᠨ ᠬᠢᠴᠢᠶᠡᠯ ᠢᠶᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠶᠢᠨ ᠴᠢᠬᠤᠯᠠ ᠶᠡᠭᠡ ᠠᠴᠢ ᠬᠤᠯᠪᠣᠭᠳᠠᠯ᠂ ᠪᠠᠶᠠᠯᠢᠭ ᠠᠭᠤᠯᠤᠭᠳᠠᠬᠤᠨ ᠪᠠ ᠭᠤᠣᠯᠳᠠᠯᠭ᠎ᠠ ᠲᠠᠢ ᠡᠭᠦᠷᠭᠡ ᠶᠢᠨ ᠲᠤᠬᠠᠢ ᠨᠠᠩ ᠪᠥᠬᠦ ᠲᠠᠯ᠎ᠠ ᠪᠠᠷ ᠭᠦᠨᠵᠡᠭᠡᠢ ᠲᠠᠨᠢᠯᠲᠠ ᠲᠠᠢ ᠪᠣᠯᠤᠭᠰᠠᠨ ᠪᠠᠶᠢᠨ᠎ᠠ᠃ ᠤᠯᠠᠨ ᠢᠶᠠᠷ ᠢᠶᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯᠯᠠᠭᠠᠨ ᠤ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠵᠤ᠂ ᠪᠣᠳᠠᠲᠠᠢ ᠳᠤ ᠰᠠᠭᠤᠷᠢᠯᠠᠵᠤ᠂ ᠨᠡᠩ ᠬᠦᠴᠦᠲᠡᠢ ᠠᠷᠭ᠎ᠠ ᠬᠡᠮᠵᠢᠶ᠎ᠡ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠤ ᠡᠯ᠎ᠡ ᠵᠦᠢᠯ ᠤᠨ ᠠᠵᠢᠯ ᠳᠤ ᠠᠭᠤᠰᠤᠯᠴᠠᠭᠤᠯᠵᠤ᠂ ᠤᠬᠠᠮᠰᠠᠷ ᠠᠴᠠ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠬᠢᠭᠤᠯᠤᠭᠴᠢ ᠪᠠ ᠦᠢᠯᠡᠳᠦᠯᠭᠡᠵᠢᠭᠦᠯᠦᠭᠴᠢ ᠪᠣᠯᠣᠨ᠎ᠠ ᠭᠡᠵᠦ ᠰᠠᠨᠠᠯ ᠨᠢᠭᠡᠲᠡᠢ ᠢᠯᠡᠳᠬᠡᠪᠡ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ