ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠰᠤᠷᠲᠠᠯ ᠤᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷ ᠤᠨ ᠤᠯᠤᠰ ᠲᠦᠷᠦ ᠶᠢᠨ ᠬᠡᠪ | ᠪᠣᠯᠪᠠᠰᠤᠷᠠᠯ ᠪᠣᠯᠣᠨ ᠬᠠᠷᠢᠭᠤᠴᠠᠯᠭᠠᠲᠤ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 15 ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ | ᠬᠠᠤᠯᠢ ᠴᠠᠭᠠᠵᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠲᠠᠪᠤᠳᠤᠭᠠᠷ ᠤᠳᠠᠭ᠎ᠠ ᠶᠢᠨ | ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠠᠢ᠃ ᠰᠢᠨ᠎ᠡ ᠪᠠᠷᠭᠤ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠬᠤᠷᠠᠯ ᠢ | ᠡᠷᠬᠢᠯᠡᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠡᠩ ᠲᠡᠷᠢᠭᠦᠨ ᠳᠤ ᠰᠢ ᠶᠢᠨ ᠫᠢᠩ ᠤᠨ ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ | 100 ᠵᠢᠯ ᠤᠨ ᠤᠢ ᠶᠢ ᠪᠡᠯᠭᠡᠯᠡᠬᠦ ᠵᠢᠴᠢ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ | ᠬᠤᠷᠠᠯ ᠳᠡᠭᠡᠷᠡᠬᠢ ᠶᠠᠷᠢᠶ᠎ᠠ ᠶᠢ ᠭᠦᠨᠵᠡᠭᠡᠢ ᠰᠤᠷᠤᠯᠴᠠᠪᠠ᠃ ᠶᠡᠷᠦᠩᠬᠡᠢ ᠱᠦᠵᠢ ᠰᠢ ᠶᠢᠨ ᠫᠢᠩ ᠤᠨ ᠶᠠᠷᠢᠶ᠎ᠠ ᠨᠢ ᠤᠯᠤᠰ ᠣᠷᠣᠨ ᠤ ᠬᠥᠭᠵᠢᠯᠲᠡ ᠶᠢᠨ ᠳᠤᠮᠳᠠᠬᠢ | ᠠᠵᠢᠯᠴᠢᠨ ᠠᠩᠭᠢ ᠪᠠ ᠬᠥᠳᠡᠯᠮᠦᠷᠢᠴᠢᠨ ᠲᠦᠮᠡᠨ ᠤ ᠴᠢᠬᠤᠯᠠ ᠪᠠᠶᠢᠷᠢ ᠰᠠᠭᠤᠷᠢ ᠪᠠ ᠦᠢᠯᠡᠳᠦᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠠᠵᠢᠯᠴᠢᠨ ᠠᠩᠭᠢ ᠶᠢᠨ | ᠭᠤᠣᠯ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠥᠷᠭᠡᠨ ᠣᠯᠠᠨ ᠠᠵᠢᠯᠲᠠᠨ ᠠᠵᠢᠯᠴᠢᠨ ᠲᠦᠮᠡᠨ ᠢ ᠵᠣᠷᠢᠭᠵᠢᠭᠤᠯᠤᠨ ᠬᠦᠴᠦᠷᠬᠡᠭ ᠤᠯᠤᠰ ᠤᠨ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃ ᠰᠤᠷᠤᠯᠴᠠᠯᠭ᠎ᠠ ᠪᠠᠷ | ᠲᠠᠮᠵᠢᠨ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠳᠤᠮᠳᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ | ᠤᠷᠠᠨ ᠲᠠᠷᠬᠠᠨ ᠤ ᠵᠣᠷᠢᠭ ᠰᠠᠨᠠᠭ᠎ᠠ ᠶᠢ ᠨᠡᠩ ᠢᠯᠡᠭᠦᠦ ᠪᠠᠳᠠᠷᠠᠭᠤᠯᠵᠤ᠂ ᠪᠦᠬᠦ ᠠᠵᠢᠯᠲᠠᠨ ᠤ ᠢᠳᠡᠪᠬᠢᠵᠢᠯ ᠪᠠ ᠪᠦᠲᠦᠭᠡᠯᠴᠢ ᠴᠢᠨᠠᠷ ᠢ ᠬᠥᠭᠵᠢᠭᠡᠵᠦ᠂ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ | ᠬᠠᠮᠠᠭᠠᠯᠠᠬᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠳᠡᠭ ᠢ ᠬᠤᠷᠠᠯ ᠳᠤ ᠣᠷᠣᠯᠴᠠᠭᠰᠠᠨ | ᠪᠦᠷᠢᠯᠳᠦᠭᠦᠨ ᠨᠠᠷ ᠭᠦᠨᠵᠡᠭᠡᠢ ᠲᠠᠨᠢᠵᠤ ᠣᠯᠪᠠ᠃ | ᠳᠠᠷᠠᠭ᠎ᠠ ᠨᠢ᠂ ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠯᠥᠨ ᠪᠤᠶᠢᠷ ᠬᠤᠲᠠ ᠶᠢᠨ ᠬᠤᠷᠢᠶ᠎ᠠ᠂ ᠬᠥᠯᠥᠨ ᠪᠤᠶᠢᠷ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ᠂ ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠬᠡᠷᠡᠭᠵᠢᠭᠦᠯᠬᠦ ᠨᠠᠷᠢᠨ | ᠳᠦᠷᠢᠮ ᠤᠨ ᠲᠤᠬᠠᠢ ᠮᠡᠳᠡᠭᠳᠡᠯ︾ ᠵᠢᠴᠢ ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠰᠠᠨ ᠦᠷ᠎ᠡ ᠪᠦᠲᠦᠮᠵᠢ ᠪᠠ ᠲᠤᠷᠰᠢᠯᠭ᠎ᠠ︾᠂ ︽ᠨᠠᠢᠮᠠᠨ ᠵᠦᠢᠯ ᠤᠨ ᠲᠣᠭᠲᠠᠭᠠᠯ ᠳᠤ ᠳᠤᠮᠳᠠᠳᠤ ᠤᠯᠤᠰ ᠢ | ᠬᠤᠪᠢᠷᠠᠭᠤᠯᠪᠠ︾ ᠵᠡᠷᠭᠡ ᠠᠭᠤᠯᠭ᠎ᠠ ᠶᠢ ᠪᠠᠭᠲᠠᠭᠠᠵᠠᠢ᠃ ᠪᠢᠴᠢᠭ ᠮᠠᠲ᠋ᠧᠷᠢᠶᠠᠯ ᠢ ᠰᠤᠷᠤᠯᠴᠠᠬᠤ ᠪᠠᠷ ᠳᠠᠮᠵᠢᠭᠤᠯᠤᠨ᠂ ᠣᠯᠠᠨ ᠢᠶᠠᠷ ᠢᠶᠠᠨ ᠲᠥᠪ ᠬᠤᠷᠢᠶᠠᠨ ᠤ ᠨᠠᠢᠮᠠᠨ | ᠵᠦᠢᠯ ᠤᠨ ᠲᠣᠭᠲᠠᠭᠠᠯ ᠤᠨ ᠵᠣᠷᠢᠭ ᠰᠠᠨᠠᠭᠠᠨ ᠤ ᠪᠣᠳᠠᠲᠠᠢ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠶᠢᠨ ᠴᠢᠬᠤᠯᠠ ᠴᠢᠨᠠᠷ ᠪᠣᠯᠣᠨ ᠲᠤᠯᠭᠠᠮ᠎ᠠ ᠴᠢᠨᠠᠷ ᠢ ᠭᠦᠨᠵᠡᠭᠡᠢ ᠲᠠᠨᠢᠭᠰᠠᠨ ᠪᠠᠶᠢᠨ᠎ᠠ᠃ | ᠰᠤᠳᠤᠯᠤᠨ ᠶᠠᠷᠢᠯᠴᠠᠬᠤ ᠭᠤᠭᠴᠤᠭ᠎ᠠ ᠳᠤ᠂ ᠭᠤᠣᠯ ᠳᠤᠭᠤᠶᠢᠯᠠᠩ ᠤᠨ ᠪᠦᠷᠢᠯᠳᠦᠭᠦᠨ ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ | ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠰᠠᠨ ᠦᠷ᠎ᠡ ᠪᠦᠲᠦᠮᠵᠢ ᠪᠠ ᠲᠤᠷᠰᠢᠯᠭ᠎ᠠ︾ ᠵᠢᠴᠢ ︽ᠨᠠᠢᠮᠠᠨ | ᠲᠣᠭᠲᠠᠭᠠᠯ ᠢᠶᠠᠷ ᠳᠤᠮᠳᠠᠳᠤ ᠤᠯᠤᠰ ᠢ ᠬᠤᠪᠢᠷᠠᠭᠤᠯᠬᠤ︾ ᠭᠤᠣᠯ ᠰᠡᠳᠦᠪ ᠢᠶᠠᠷ ᠬᠥᠭᠵᠢᠶᠡᠨᠲᠡᠢ ᠶᠠᠷᠢᠯᠴᠠᠭ᠎ᠠ ᠥᠷᠨᠢᠭᠦᠯᠵᠡᠢ᠃ ᠤᠯᠠᠨ ᠢᠶᠠᠷ ᠢᠶᠠᠨ᠂ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠥᠪ ᠬᠤᠷᠢᠶᠠᠨ ᠤ ᠨᠠᠢᠮᠠᠨ ᠲᠣᠭᠲᠠᠭᠠᠯ ᠢ | ᠲᠣᠭᠲᠠᠭᠠᠨ ᠨᠠᠶᠢᠳᠠᠪᠤᠷᠢᠵᠢᠭᠤᠯᠬᠤ ᠠᠴᠠ ᠡᠬᠢᠯᠡᠵᠦ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠶᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ | ᠨᠠᠮ ᠤᠨ ᠰᠤᠷᠲᠠᠯ ᠵᠠᠰᠠᠭ ᠤᠨ ᠰᠤᠷᠲᠠᠯ ᠰᠢᠨᠡᠳᠴᠦ᠂ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠦᠷᠭᠦᠯᠵᠢᠯᠡᠨ ᠰᠠᠶᠢᠵᠢᠷᠠᠪᠠ ᠭᠡᠵᠦ ᠰᠠᠨᠠᠯ ᠨᠢᠭᠡᠲᠡᠢ ᠦᠵᠡᠪᠡ᠃ | ᠨᠠᠢᠮᠠᠨ ᠵᠦᠢᠯ ᠤᠨ ᠲᠣᠭᠲᠠᠭᠠᠯ ᠨᠢ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠤᠨ ᠰᠤᠷᠲᠠᠯ ᠢ ᠬᠤᠪᠢᠷᠠᠭᠤᠯᠤᠭᠰᠠᠨ ᠢᠶᠠᠷ ᠪᠠᠷᠠᠬᠤ ᠦᠭᠡᠢ ᠨᠡᠩ ᠴᠤ ᠨᠠᠮ ᠤᠨ | ᠠᠷᠠᠳ ᠤᠯᠠᠨ ᠤ ᠰᠡᠳᠬᠢᠯ ᠳᠠᠬᠢ ᠳᠦᠷᠢ ᠲᠥᠷᠬᠦ ᠶᠢ ᠲᠠᠬᠢᠨ ᠱᠤᠭᠤᠵᠤ᠂ ᠠᠷᠠᠳ ᠤᠯᠠᠨ ᠤ ᠴᠢᠩ ᠰᠡᠳᠬᠢᠯ ᠤᠨ ᠬᠦᠷᠢᠶᠡᠯᠡᠯ ᠪᠠ ᠳᠡᠮᠵᠢᠯᠭᠡ ᠶᠢ ᠣᠯᠣᠭᠰᠠᠨ | ᠪᠠᠶᠢᠨ᠎ᠠ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠳᠤᠮᠳᠠ ᠡᠷᠬᠡᠪᠰᠢ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ | ᠡᠷᠡᠰ ᠭᠤᠶᠢᠪᠢᠰᠢ ᠦᠭᠡᠢ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠬᠡᠯᠪᠡᠷᠢ ᠶᠢᠨ | ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠵᠦ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨᠬᠦ ᠬᠥᠩᠭᠡᠷᠡᠭᠦᠯᠬᠦ ᠬᠡᠷᠡᠭᠲᠡᠢ︔ ᠠᠷᠢᠭᠤᠨ ᠴᠢᠬᠡᠴᠢ ᠪᠠᠷ ᠪᠡᠶ᠎ᠡ ᠪᠠᠨ | ᠪᠠᠷᠢᠬᠤ ᠡᠯ᠎ᠡ ᠵᠦᠢᠯ ᠤᠨ ᠲᠣᠭᠲᠠᠭᠠᠯ ᠢ ᠴᠢᠩᠭ᠎ᠠ ᠵᠢᠷᠤᠮᠯᠠᠨ ᠰᠠᠬᠢᠵᠤ᠂ ᠳᠦᠷᠢᠮ ᠲᠣᠭᠲᠠᠭᠠᠯ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ | ᠬᠤᠷᠢᠭᠯᠠᠬᠤ ᠬᠡᠷᠡᠭᠲᠡᠢ︔ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠤᠯᠠᠨ ᠲᠦᠮᠡᠨ ᠳᠤ ᠦᠨᠡᠨ ᠬᠦ | ᠪᠣᠳᠠᠲᠠᠢ ᠠᠵᠢᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠬᠦ ᠬᠡᠷᠡᠭᠲᠡᠢ᠃ | ᠬᠤᠷᠠᠯ ᠤᠨ ᠡᠴᠦᠰ ᠲᠤ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠪᠠ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠤᠷᠤᠯᠴᠠᠯᠭ᠎ᠠ ᠬᠥᠮᠦᠵᠢᠯ | ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠮᠥᠨ᠃ ᠪᠦᠬᠦ ᠪᠦᠷᠢᠯᠳᠦᠭᠦᠨ ᠨᠠᠷ ᠤᠯᠤᠰ | ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠡᠭᠦᠨ ᠤ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠵᠤ᠂ ᠰᠤᠷᠤᠯᠴᠠᠯᠭ᠎ᠠ ᠶᠢᠨ ᠦᠷ᠎ᠡ | ᠪᠦᠲᠦᠭᠡᠯ ᠢᠶᠠᠨ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠠᠵᠢᠯ ᠤᠨ ᠰᠤᠷᠲᠠᠯ ᠢᠶᠠᠨ ᠦᠨᠡᠨᠬᠦ ᠰᠠᠶᠢᠵᠢᠷᠠᠭᠤᠯᠵᠤ᠂ ᠠᠵᠢᠯ ᠤᠨ ᠦᠷ᠎ᠡ ᠪᠦᠲᠦᠮᠵᠢ ᠪᠠᠨ | ᠳᠡᠭᠡᠭᠰᠢᠯᠡᠭᠦᠯᠬᠦ ᠬᠡᠷᠡᠭᠲᠡᠢ᠃ ᠲᠤᠰ ᠤᠳᠠᠭ᠎ᠠ ᠶᠢᠨ ᠰᠤᠷᠤᠯᠴᠠᠯᠭ᠎ᠠ ᠪᠠᠷ ᠠᠵᠠ ᠲᠣᠬᠢᠶᠠᠯ ᠪᠣᠯᠭᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ | ᠪᠠᠷᠢᠬᠤ ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠵᠤ᠂ ᠰᠠᠬᠢᠯᠭ᠎ᠠ ᠪᠠᠲᠤ ᠶᠢᠨ ᠤᠬᠠᠮᠰᠠᠷ ᠪᠠ ᠶᠣᠰᠣ ᠳᠦᠷᠢᠮ ᠤᠨ ᠤᠬᠠᠮᠰᠠᠷ ᠢ ᠴᠢᠩᠭᠠᠳᠬᠠᠵᠤ᠂ ᠦᠨᠡᠨᠴᠢ | ᠰᠢᠳᠤᠷᠭᠤ ᠴᠡᠪᠡᠷ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠩᠨᠡᠭᠡ ᠶᠢ ᠪᠠᠶᠢᠭᠤᠯᠵᠤ᠂ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠲᠣᠰ ᠤᠳᠠᠭᠠᠨ ᠤ ᠰᠤᠷᠤᠯᠴᠠᠯᠭ᠎ᠠ ᠶᠢᠨ ᠬᠤᠷᠠᠯ ᠤᠨ ᠭᠤᠣᠯ ᠰᠡᠳᠦᠪ ᠨᠢ ᠢᠯᠡ ᠲᠣᠳᠣ᠂ ᠠᠭᠤᠯᠭ᠎ᠠ ᠨᠢ ᠪᠠᠶᠠᠯᠢᠭ ᠪᠠᠶᠢᠵᠤ᠂ ᠦᠵᠡᠯ ᠰᠠᠨᠠᠭ᠎ᠠ ᠪᠠᠨ | ᠤᠯᠠᠮ ᠨᠢᠭᠡ ᠠᠯᠬᠤᠮ ᠨᠢᠭᠡᠳᠬᠡᠨ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠰᠢᠨ᠎ᠡ ᠪᠠᠷᠭᠤ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ | ᠡᠯ᠎ᠡ ᠵᠦᠢᠯ ᠤᠨ ᠠᠵᠢᠯ ᠢ ᠤᠷᠤᠭᠰᠢᠲᠠᠢ ᠥᠷᠨᠢᠭᠦᠯᠬᠦ ᠳᠤ ᠪᠠᠲᠤ ᠪᠠᠬᠢ ᠦᠵᠡᠯ ᠰᠠᠨᠠᠭᠠᠨ ᠤ ᠰᠠᠭᠤᠷᠢ ᠶᠢ ᠲᠠᠯᠪᠢᠭᠰᠠᠨ ᠪᠠᠶᠢᠨ᠎ᠠ᠃ | | | | | | | |