ᠪᠠᠰᠠ ᠨᠢᠭᠡ ᠵᠢᠯ ᠤᠨ ᠴᠡᠷᠢᠭ ᠲᠤ ᠣᠷᠣᠬᠤ ᠤᠯᠠᠷᠢᠯ ᠪᠣᠯᠬᠤ ᠳᠤ᠂ ᠬᠠᠯᠠᠭᠤᠨ ᠰᠡᠳᠬᠢᠯᠲᠦ ᠵᠠᠯᠠᠭᠤᠴᠤᠳ ᠴᠡᠷᠢᠭ ᠤᠨ ᠬᠦᠷᠢᠶᠡᠨ ᠳᠤ ᠣᠴᠢᠪᠠ᠃ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠪᠣᠯᠣᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠵᠤ᠂ ᠰᠢᠨ᠎ᠡ ᠴᠡᠷᠢᠭ ᠤᠨ ᠠᠯᠪᠠ ᠬᠠᠭᠠᠬᠤ ᠶᠢ ᠨᠡᠩ ᠰᠠᠶᠢᠲᠤᠷ ᠵᠣᠷᠢᠭᠵᠢᠭᠤᠯᠬᠤ ᠶᠢᠨ ᠲᠥᠯᠥᠭᠡ᠂ 5 ᠰᠠᠷ᠎ᠠ ᠶᠢᠨ 15 ᠤ ᠡᠳᠦᠷ᠂ ᠰᠢᠨ᠎ᠡ | ᠪᠠᠷᠭᠤ ᠵᠡᠭᠦᠨ ᠬᠤᠰᠢᠭᠤᠨ ᠤ ᠤᠯᠠᠭᠠᠨᠮᠥ᠋ᠴᠢᠷ ᠤᠨ ᠲᠣᠭᠯᠠᠭᠴᠢᠳ ᠬᠢᠵᠠᠭᠠᠯᠠᠰᠢ ᠦᠭᠡᠢ ᠬᠦᠨᠳᠦᠳᠬᠡᠨ ᠪᠢᠰᠢᠷᠡᠬᠦ ᠰᠡᠳᠬᠢᠯᠭᠡ ᠪᠠᠷ ᠡᠨᠡᠬᠦ ᠬᠠᠯᠠᠭᠤᠨ ᠴᠢᠰᠤ | ᠣᠷᠭᠢᠯᠤᠮ᠎ᠠ ᠬᠠᠯᠠᠭᠤᠨ ᠰᠡᠳᠬᠢᠯᠭᠡ ᠲᠠᠢ ᠡᠳᠦᠷ ᠤᠳ ᠲᠤ ᠰᠢᠨ᠎ᠡ ᠴᠡᠷᠢᠭ ᠤᠨ ᠬᠦᠷᠢᠶᠡᠨ ᠳᠤ ᠬᠦᠷᠴᠦ ᠢᠷᠡᠪᠡ᠃ ᠲᠡᠳᠡ ᠨᠠᠮ ᠪᠣᠯᠣᠨ ᠠᠷᠠᠳ ᠲᠦᠮᠡᠨ ᠤ | ᠨᠠᠶᠢᠳᠠᠯᠭ᠎ᠠ ᠶᠢ ᠡᠪᠦᠷᠯᠡᠵᠦ᠂ ᠲᠠᠯ᠎ᠠ ᠨᠤᠲᠤᠭ ᠤᠨ ᠬᠥᠪᠡᠭᠦᠳ ᠥᠬᠢᠳ ᠤᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠡᠪᠦᠷᠯᠡᠵᠦ᠂ ᠳᠠᠭᠤᠤ ᠪᠥᠵᠢᠭ ᠢᠶᠠᠷ ᠬᠠᠶᠢᠷ᠎ᠠ | ᠬᠠᠯᠠᠮᠵᠢ ᠶᠢ ᠳᠠᠮᠵᠢᠭᠤᠯᠵᠤ᠂ ᠤᠷᠠᠯᠢᠭ ᠢᠶᠠᠷ ᠪᠠᠭᠠᠲᠤᠷᠴᠤᠳ ᠲᠤ ᠬᠦᠨᠳᠦᠳᠬᠡᠯ ᠳᠡᠪᠰᠢᠭᠦᠯᠵᠦ᠂ ᠳᠠᠶᠢᠴᠢᠨ ᠨᠥᠬᠦᠳ ᠲᠡᠭᠡᠨ ᠦᠨᠳᠦᠰᠦᠲᠡᠨ ᠤ ᠵᠠᠩ ᠵᠠᠩᠰᠢᠯ ᠪᠣᠯᠣᠨ | ᠴᠠᠭ ᠦᠶ᠎ᠡ ᠶᠢᠨ ᠬᠦᠴᠦᠨ ᠴᠢᠳᠠᠯ ᠢᠶᠠᠷ ᠪᠢᠯᠬᠠᠮ᠎ᠠ ᠰᠣᠶᠣᠯ ᠤᠨ ᠦᠪᠡᠳᠡᠭᠰᠢ ᠳᠠᠶᠢᠯᠠᠯᠭ᠎ᠠ ᠶᠢ ᠠᠪᠴᠢᠷᠠᠵᠤ ᠥᠭᠬᠦ ᠪᠣᠯᠣᠨ᠎ᠠ︕ | ᠡᠳᠡᠭᠡᠷ ᠲᠣᠬᠤᠨᠢᠭᠤᠯᠬᠤ ᠲᠣᠭᠯᠠᠯᠲᠠ ᠨᠢ ᠴᠠᠭ ᠦᠶ᠎ᠡ ᠶᠢᠨ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠠᠯᠢ ᠤᠯᠠᠨ ᠭᠤᠶᠢᠳᠠ ᠰᠠᠶᠢᠬᠠᠨ ᠲᠣᠭᠯᠠᠯᠲᠠ ᠶᠢ ᠨᠠᠷᠢᠨ ᠨᠢᠮᠪᠠᠢ | ᠨᠠᠶᠢᠷᠠᠭᠤᠯᠵᠤ᠂ ᠳᠠᠭᠤᠤ᠂ ᠪᠥᠵᠢᠭ᠂ ᠬᠥᠭᠵᠢᠮ ᠤᠨ ᠲᠣᠭᠯᠠᠯᠲᠠ ᠵᠡᠷᠭᠡ ᠤᠯᠠᠨ ᠵᠦᠢᠯ ᠤᠨ ᠤᠷᠠᠯᠢᠭ ᠤᠨ ᠬᠡᠯᠪᠡᠷᠢ ᠶᠢ ᠬᠠᠮᠤᠷᠴᠤ᠂ ᠬᠢᠯᠢ ᠶᠢᠨ ᠬᠠᠮᠠᠭᠠᠯᠠᠯᠲᠠ ᠶᠢᠨ | ᠳᠠᠷᠤᠭ᠎ᠠ ᠪᠠᠶᠢᠯᠳᠤᠭᠴᠢᠳ ᠲᠤ ᠭᠦᠨ ᠵᠤᠵᠠᠭᠠᠨ ᠬᠠᠶᠢᠷ᠎ᠠ ᠰᠡᠳᠬᠢᠯᠭᠡ ᠪᠠ ᠡᠷᠬᠢᠮ ᠳᠡᠭᠡᠳᠦ ᠬᠦᠨᠳᠦᠳᠬᠡᠯ ᠢᠶᠠᠷ ᠪᠢᠯᠬᠠᠵᠤ᠂ ᠴᠡᠷᠢᠭ ᠢᠶᠠᠨ ᠬᠦᠷᠢᠶᠡᠯᠡᠨ ᠠᠷᠠᠳ ᠢᠶᠠᠨ | ᠬᠠᠶᠢᠷᠠᠯᠠᠬᠤ᠂ ᠬᠢᠯᠢ ᠬᠢᠵᠠᠭᠠᠷ ᠢᠶᠠᠨ ᠰᠠᠬᠢᠨ ᠬᠠᠮᠠᠭᠠᠯᠠᠯᠲᠠ ᠪᠠᠨ ᠪᠠᠬᠢᠵᠢᠭᠦᠯᠬᠦ ᠪᠠᠲᠤ ᠴᠢᠩᠭ᠎ᠠ ᠢᠲᠡᠭᠡᠯ ᠵᠣᠷᠢᠭ ᠢ ᠳᠠᠮᠵᠢᠭᠤᠯᠤᠭᠰᠠᠨ ᠪᠠᠶᠢᠨ᠎ᠠ᠃ | ᠲᠣᠭᠯᠠᠯᠲᠠ ᠨᠢ ᠣᠷᠭᠢᠯᠤᠮ᠎ᠠ ᠬᠠᠯᠠᠭᠤᠨ ᠬᠦᠭ ᠠᠶᠠᠰ ᠤᠨ ᠳᠤᠮᠳᠠ ᠬᠥᠰᠢᠭᠡ ᠪᠠᠨ ᠰᠡᠬᠦᠵᠦ᠂ ᠢᠷᠠᠭᠤ ᠰᠠᠶᠢᠬᠠᠨ ᠮᠣᠷᠢᠨ ᠬᠤᠭᠤᠷ ᠢ ᠬᠠᠮᠲᠤ ᠪᠠᠷ | ᠬᠥᠭᠵᠢᠮᠳᠡᠵᠦ᠂ ᠶᠠᠭ ᠯᠠ ᠲᠠᠯ᠎ᠠ ᠨᠤᠲᠤᠭ ᠤᠨ ᠦᠯᠢᠬᠡᠷ ᠪᠣᠯᠣᠨ ᠴᠡᠷᠢᠭ ᠠᠷᠠᠳ ᠤᠨ ᠵᠢᠭᠠᠰᠤ ᠤᠰᠤᠨ ᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠲᠣᠭᠠᠴᠢᠨ | ᠶᠠᠷᠢᠵᠤ ᠪᠠᠶᠢᠬᠤ ᠰᠢᠭ᠋︔ ᠣᠮᠤᠭ ᠲᠡᠭᠦᠯᠳᠡᠷ ᠮᠣᠩᠭᠤᠯ ᠦᠨᠳᠦᠰᠦᠲᠡᠨ ᠤ ᠪᠥᠵᠢᠭ ᠨᠢ ᠲᠠᠯ᠎ᠠ ᠨᠤᠲᠤᠭ ᠤᠨ ᠬᠥᠪᠡᠭᠦᠳ ᠥᠬᠢᠳ ᠤᠨ ᠬᠠᠯᠠᠭᠤᠨ ᠰᠡᠳᠬᠢᠯᠭᠡ ᠪᠠ | ᠠᠮᠢᠵᠢᠷᠠᠯ ᠤᠨ ᠬᠦᠴᠦᠨ ᠢ ᠢᠯᠡᠷᠡᠭᠦᠯᠵᠦ᠂ ᠳᠠᠷᠤᠭ᠎ᠠ ᠪᠠᠶᠢᠯᠳᠤᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠪᠠ᠃ ᠡᠨᠡ ᠬᠤᠭᠤᠴᠠᠭᠠᠨ ᠳᠤ᠂ | ᠪᠠᠶᠢᠯᠳᠤᠭᠴᠢᠳ ᠪᠠᠰᠠ ᠲᠣᠭᠯᠠᠯᠲᠠ ᠭᠠᠷᠭᠠᠵᠤ᠂ ᠣᠷᠭᠢᠯᠤᠮ᠎ᠠ ᠬᠠᠯᠠᠭᠤᠨ ᠳᠠᠭᠤᠤ ᠶᠣᠰᠣᠯᠠᠯ ᠤᠨ ᠲᠠᠩᠬᠢᠮ ᠤᠨ ᠣᠭᠲᠠᠷᠭᠤᠢ ᠳᠤ ᠤᠳᠠᠲᠠᠯ᠎ᠠ ᠴᠤᠤᠷᠢᠶᠠᠲᠤᠵᠤ᠂ | ᠪᠠᠶᠢᠯᠳᠤᠭᠴᠢᠳ ᠤᠨ ᠡᠬᠡ ᠤᠯᠤᠰ ᠢᠶᠠᠨ ᠬᠠᠶᠢᠷᠠᠯᠠᠬᠤ ᠪᠠ ᠤᠯᠤᠰ ᠣᠷᠣᠨ ᠢᠶᠠᠨ ᠬᠠᠮᠠᠭᠠᠯᠠᠬᠤ ᠡᠷᠡᠰ ᠵᠣᠷᠢᠭ ᠢ ᠳᠠᠭᠤᠯᠠᠪᠠ᠃ | ᠢᠷᠡᠭᠡᠳᠦᠢ ᠶᠢᠨ ᠡᠳᠦᠷ ᠤᠳ ᠲᠤ᠂ ᠰᠢᠨ᠎ᠡ ᠪᠠᠷᠭᠤ ᠵᠡᠭᠦᠨ ᠬᠤᠰᠢᠭᠤᠨ ᠤ ᠤᠯᠠᠭᠠᠨᠮᠥ᠋ᠴᠢᠷ ᠤᠨ ᠬᠢᠨ ᠦᠷᠭᠦᠯᠵᠢᠯᠡᠨ ᠤᠭ ᠰᠠᠨᠠᠭ᠎ᠠ ᠪᠠᠨ ᠦᠯᠦ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠣᠯᠣᠨ ᠨᠡᠩ ᠨᠠᠷᠢᠯᠢᠭ ᠤᠷ᠎ᠠ ᠮᠡᠷᠭᠡᠵᠢᠯ ᠢᠶᠠᠷ ᠢᠶᠠᠨ ᠬᠢᠯᠢ ᠬᠢᠵᠠᠭᠠᠷ ᠢ | ᠰᠠᠬᠢᠵᠤ ᠬᠠᠮᠠᠭᠠᠯᠠᠯᠲᠠ ᠶᠢ ᠪᠠᠬᠢᠵᠢᠭᠦᠯᠬᠦ ᠦᠢᠯᠡᠰ ᠲᠤ ᠲᠠᠰᠤᠷᠠᠯᠳᠡ ᠦᠭᠡᠢ ᠰᠣᠶᠣᠯ ᠤᠨ ᠬᠥᠳᠡᠯᠭᠡᠬᠦ ᠬᠦᠴᠦᠨ ᠨᠡᠮᠡᠷᠢᠯᠡᠵᠦ᠂ ︽ᠬᠤᠪᠢᠰᠬᠠᠯᠲᠤ ᠤᠳᠬ᠎ᠠ | ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠲᠤᠭ ᠢ ᠡᠬᠡ ᠤᠯᠤᠰ ᠤᠨ ᠤᠮᠠᠷᠠᠲᠤ ᠬᠢᠯᠢ ᠳᠤ ᠥᠨᠳᠥᠷ ᠨᠠᠮᠢᠷᠠᠭᠤᠯᠵᠤ᠂ ᠴᠡᠴᠡᠭᠯᠡᠨ ᠬᠥᠭᠵᠢᠭᠰᠡᠨ ᠲᠣᠭᠲᠠᠭᠤᠨ | ᠬᠢᠯᠢ ᠬᠢᠵᠠᠭᠠᠷ ᠣᠷᠣᠨ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃ | | | | | | | | | | | | | | | | | | | | | |