ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ | ᠦᠢᠯᠡᠳᠦᠯᠭᠡᠵᠢᠭᠦᠯᠬᠦ ᠶᠢᠨ ᠲᠥᠯᠥᠭᠡ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠰᠢᠨ᠎ᠡ | ᠪᠠᠷᠭᠤ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠢᠳᠡᠪᠬᠢᠲᠡᠢ ᠬᠥᠳᠡᠯᠦᠯᠴᠡᠵᠦ᠂ 5 ᠰᠠᠷ᠎ᠠ ᠶᠢᠨ 16 ᠤ ᠡᠳᠦᠷ ︽ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠬᠤ᠂ ᠪᠦᠯᠬᠦᠮᠳᠡᠨ ᠲᠡᠮᠡᠴᠡᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ︾ ᠪᠠᠷ | ᠭᠤᠣᠯ ᠰᠡᠳᠦᠪ ᠪᠣᠯᠭᠠᠭᠰᠠᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ | ᠡᠨᠡᠬᠦ ᠠᠵᠠ ᠲᠣᠬᠢᠶᠠᠯ ᠢ ᠠᠰᠢᠭᠯᠠᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠶᠡᠬᠡᠪᠡᠷ ᠥᠷᠨᠢᠭᠦᠯᠵᠡᠢ᠃ | ᠣᠯᠠᠨ ᠲᠦᠮᠡᠨ ᠤ ᠬᠠᠤᠯᠢ ᠴᠠᠭᠠᠵᠠ ᠶᠢᠨ ᠬᠡᠷᠡᠭᠴᠡᠭᠡ ᠶᠢᠨ ᠣᠯᠠᠨ ᠶᠠᠩᠵᠤᠲᠤ ᠴᠢᠨᠠᠷ ᠢ ᠪᠣᠳᠣᠯᠬᠢᠯᠠᠵᠤ᠂ ᠬᠠᠤᠯᠢ ᠴᠠᠭᠠᠵᠠ ᠶᠢᠨ ᠲᠣᠪᠴᠢᠶ᠎ᠠ ᠠᠴᠠ | ᠠᠮᠤᠭᠤᠯᠠᠩ ᠤᠨ ᠬᠠᠤᠯᠢ ᠴᠠᠭᠠᠵᠠ ᠶᠢᠨ ᠰᠠᠯᠪᠤᠷᠢ ᠵᠢᠴᠢ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠬᠠᠤᠯᠢ ᠶᠣᠰᠣᠭᠠᠷ ᠵᠠᠰᠠᠬᠤ᠂ | ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠬᠠᠤᠯᠢ ᠴᠠᠭᠠᠵᠠ ᠶᠢᠨ ᠲᠤᠰᠠᠯᠠᠮᠵᠢ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠮᠢᠶᠠᠷᠤᠯᠲᠠ | ᠵᠡᠷᠭᠡ ᠬᠠᠮᠢᠶ᠎ᠠ ᠪᠦᠬᠦᠢ ᠰᠲ᠋ᠣᠺ ᠤᠨ ᠲᠠᠰᠤᠭ ᠤᠨ ᠬᠦᠴᠦᠨ ᠢ ᠡᠮᠬᠢᠯᠡᠨ ᠨᠡᠶᠢᠯᠡᠭᠦᠯᠵᠦ᠂ ᠡᠭᠦᠨ ᠤ ᠬᠠᠮᠲᠤ ᠥᠪᠥᠷ ᠮᠣᠩᠭᠤᠯ ᠤᠨ ᠣᠶᠤᠨᠲᠤ ᠬᠠᠤᠯᠢᠴᠢ ᠶᠢᠨ ᠬᠡᠷᠡᠭ | ᠡᠷᠬᠢᠯᠡᠬᠦ ᠭᠠᠵᠠᠷ ᠤᠨ ᠲᠠᠪᠤᠨ ᠲᠤᠰᠬᠠᠢ ᠮᠡᠷᠭᠡᠵᠢᠯ ᠤᠨ ᠬᠠᠤᠯᠢᠴᠢ ᠪᠥᠭᠡᠳ ᠭᠠᠴᠠᠭ᠎ᠠ ︵ᠨᠡᠶᠢᠭᠡᠮ ᠲᠣᠭᠤᠷᠢᠭ︶ ᠶᠢᠨ ᠬᠠᠤᠯᠢ ᠴᠠᠭᠠᠵᠠ ᠶᠢᠨ ᠵᠥᠪᠯᠡᠭᠴᠢ ᠶᠢ ᠤᠷᠢᠨ | ᠣᠷᠣᠯᠴᠠᠭᠤᠯᠵᠤ᠂ ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠤᠷ ᠲᠤ ᠤᠬᠠᠭᠤᠯᠭ᠎ᠠ ᠶᠢᠨ ᠯᠠᠪᠯᠠᠯᠭ᠎ᠠ ᠶᠢᠨ ᠲᠠᠪᠴᠠᠩ ᠢ ᠨᠠᠷᠢᠨ ᠨᠢᠮᠪᠠᠢ ᠪᠠᠶᠢᠷᠢᠯᠠᠭᠤᠯᠵᠤ᠂ | ᠲᠤᠬᠠᠢ ᠶᠢᠨ ᠲᠠᠯᠠᠪᠤᠷ ᠤᠨ ᠣᠯᠠᠨ ᠲᠦᠮᠡᠨ ᠳᠤ ᠲᠤᠰᠬᠠᠢ ᠮᠡᠷᠭᠡᠵᠢᠯ ᠤᠨ᠂ ᠪᠥᠬᠦ ᠲᠠᠯ᠎ᠠ ᠶᠢᠨ ᠬᠠᠤᠯᠢ ᠴᠠᠭᠠᠵᠠ ᠶᠢᠨ ᠯᠠᠪᠯᠠᠯᠭ᠎ᠠ ᠶᠢᠨ ᠦᠢᠯᠡᠴᠢᠯᠡᠭᠡ ᠬᠠᠩᠭᠠᠪᠠ᠃ | ᠠᠵᠢᠯᠲᠠᠳ ᠪᠠ ᠬᠠᠤᠯᠢᠴᠢ ᠨᠠᠷ ᠤᠯᠠᠨ ᠲᠦᠮᠡᠨ ᠤ ᠬᠠᠤᠯᠢ ᠴᠠᠭᠠᠵᠠ ᠶᠢᠨ ᠬᠦᠰᠡᠯ ᠱᠠᠭᠠᠷᠳᠠᠯᠭ᠎ᠠ ᠶᠢ ᠬᠦᠯᠢᠴᠡᠩᠭᠦᠢ ᠪᠠᠷ ᠰᠣᠨᠣᠰᠴᠤ᠂ ᠪᠣᠳᠠᠲᠤ ᠬᠡᠷᠡᠭ ᠤᠨ | ᠵᠢᠱᠢᠶ᠎ᠡ ᠲᠠᠢ ᠤᠶᠠᠯᠳᠤᠭᠤᠯᠤᠨ᠂ ᠤᠯᠠᠨ ᠲᠦᠮᠡᠨ ᠤ ᠮᠠᠳᠠᠭ ᠲᠠᠢ ᠠᠰᠠᠭᠤᠳᠠᠯ ᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠠᠶᠢᠯᠪᠤᠷᠢᠯᠠᠨ ᠥᠭᠴᠦ᠂ ᠠᠭᠤᠯᠭ᠎ᠠ ᠳᠤᠨᠢ | ᠤᠷᠤᠭ ᠭᠡᠷ ᠪᠦᠯᠢ᠂ ᠬᠥᠳᠡᠯᠮᠦᠷᠢ ᠶᠢᠨ ᠵᠠᠭᠤᠷᠠᠯᠳᠤᠭᠠᠨ᠂ ᠡᠳ᠋ ᠬᠥᠷᠥᠩᠭᠡ ᠶᠢᠨ ᠵᠠᠯᠭᠠᠮᠵᠢᠯᠠᠯ ᠵᠡᠷᠭᠡ ᠤᠯᠠᠨ ᠲᠦᠮᠡᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ | ᠬᠠᠤᠯᠢ ᠴᠠᠭᠠᠵᠠ ᠶᠢᠨ ᠠᠰᠠᠭᠤᠳᠠᠯ ᠢ ᠬᠠᠮᠤᠷᠴᠠᠢ᠃ | | | | | | ᠤᠬᠠᠭᠤᠯᠭ᠎ᠠ ᠶᠢᠨ ᠪᠦᠷᠬᠦᠴᠡ ᠶᠢ ᠥᠷᠭᠡᠳᠬᠡᠵᠦ ᠣᠯᠠᠨ ᠲᠦᠮᠡᠨ ᠤ ᠬᠠᠤᠯᠢ ᠴᠠᠭᠠᠵᠠ ᠶᠢᠨ ᠮᠡᠳᠡᠬᠦ ᠨᠣᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ | ᠰᠢᠨ᠎ᠡ ᠪᠠᠷᠭᠤ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠪᠠᠰᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠴᠠᠭᠠᠵᠠ ᠶᠢᠨ | ᠲᠤᠰᠠᠯᠠᠮᠵᠢ ᠶᠢᠨ ᠬᠠᠤᠯᠢ︾ ︽ᠬᠥᠨᠳᠡᠯᠡᠨ ᠠᠴᠠ ᠲᠠᠰᠤᠯᠬᠤ ᠮᠡᠳᠡᠯᠭᠡ ᠶᠢᠨ ᠭᠠᠷ ᠳᠡᠪᠲᠡᠷ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠪᠢᠴᠢᠭ ᠵᠢᠴᠢ | ᠬᠠᠮᠢᠶ᠎ᠠ ᠪᠦᠬᠦᠢ ᠲᠠᠶᠢᠯᠤᠮᠵᠢ ᠶᠢᠨ ᠭᠠᠷ ᠳᠡᠪᠲᠡᠷ ᠢ ᠪᠠᠭᠲᠠᠭᠠᠭᠰᠠᠨ ᠡᠯᠪᠡᠭ ᠪᠠᠶᠠᠯᠢᠭ ᠣᠯᠠᠨ ᠶᠠᠩᠵᠤ ᠶᠢᠨ ᠤᠬᠠᠭᠤᠯᠬᠤ ᠮᠠᠲ᠋ᠧᠷᠢᠶᠠᠯ ᠢ ᠪᠡᠯᠡᠳᠬᠡᠵᠡᠢ᠃ ᠡᠳᠡᠭᠡᠷ | ᠤᠬᠠᠭᠤᠯᠭ᠎ᠠ ᠶᠢᠨ ᠮᠠᠲ᠋ᠧᠷᠢᠶᠠᠯ ᠨᠢ ᠬᠢᠯᠪᠠᠷ ᠣᠶᠢᠯᠠᠭᠠᠮᠵᠢᠲᠠᠢ ᠦᠭᠡ ᠬᠡᠯᠡ᠂ ᠠᠮᠢᠳᠤᠯᠢᠭ ᠳᠦᠷᠰᠦᠯᠢᠭ ᠬᠡᠷᠡᠭ ᠤᠨ ᠵᠢᠱᠢᠶ᠎ᠡ ᠪᠠᠷ ᠤᠯᠠᠨ ᠲᠦᠮᠡᠨ ᠳᠤ ᠬᠠᠤᠯᠢ | ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠠᠵᠢᠯ ᠶᠠᠪᠤᠳᠠᠯ ᠬᠢᠬᠦ ᠳᠡᠭᠡᠨ ᠬᠠᠤᠯᠢ ᠶᠣᠰᠣᠭᠠᠷ᠂ ᠤᠴᠢᠷ | ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠥᠷᠢᠴᠡᠯ ᠢ ᠠᠷᠢᠯᠭᠠᠬᠤ ᠳᠤ ᠬᠠᠤᠯᠢ ᠳᠤ ᠲᠦᠰᠢᠭᠯᠡᠬᠦ | ᠬᠠᠤᠯᠢ ᠪᠠᠷ ᠵᠠᠰᠠᠬᠤ ᠦᠵᠡᠯᠲᠡ ᠶᠢ ᠪᠤᠢ ᠪᠣᠯᠭᠠᠵᠠᠢ᠃ | | | | | | ᠰᠢᠨ᠎ᠡ ᠪᠠᠷᠭᠤ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠪᠣᠳᠠᠲᠤ ᠠᠵᠢᠯᠯᠠᠭ᠎ᠠ ᠪᠠᠷ ᠢᠶᠠᠨ ᠦᠨᠳᠦᠰᠦᠲᠡᠨ ᠤ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠳᠤ ᠣᠷᠣᠯᠴᠠᠵᠤ᠂ ᠣᠯᠠᠨ ᠲᠦᠮᠡᠨ ᠤ ᠬᠠᠤᠯᠢ ᠪᠠᠷ ᠵᠠᠰᠠᠬᠤ ᠤᠬᠠᠮᠰᠠᠷ ᠢ ᠴᠢᠩᠭᠠᠷᠠᠭᠤᠯᠤᠭᠰᠠᠨ ᠢᠶᠠᠷ | ᠪᠠᠷᠠᠬᠤ ᠦᠭᠡᠢ ᠪᠠᠰᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠣᠶᠢᠯᠠᠭᠠᠭᠳᠠᠬᠤᠨ ᠢ ᠤᠯᠠᠮᠵᠢᠯᠠᠨ ᠳᠡᠯᠭᠡᠷᠡᠭᠦᠯᠬᠦ ᠶᠢ ᠠᠬᠢᠭᠤᠯᠵᠤ᠂ ᠡᠶ᠎ᠡ ᠵᠣᠬᠢᠴᠠᠯ ᠲᠠᠢ | ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠠᠶᠢᠭᠤᠯᠬᠤ ᠳᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠬᠦᠴᠦᠨ ᠴᠢᠳᠠᠯ ᠢᠶᠠᠨ ᠡᠷᠭᠦᠭᠰᠡᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ | ᠪᠣᠯᠭᠠᠵᠤ᠂ ᠣᠯᠠᠨ ᠶᠠᠩᠵᠤ ᠶᠢᠨ ᠬᠡᠯᠪᠡᠷᠢ ᠶᠢᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠠᠤᠯᠢ ᠪᠠᠷ ᠵᠠᠰᠠᠬᠤ | ᠦᠵᠡᠯᠲᠡ ᠶᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠰᠢᠨ᠎ᠡ ᠪᠠᠷᠭᠤ ᠵᠡᠭᠦᠨ ᠬᠤᠰᠢᠭᠤᠨ ᠤ ᠬᠠᠤᠯᠢ ᠪᠠᠷ ᠵᠠᠰᠠᠬᠤ ᠪᠠᠶᠢᠭᠤᠯᠤᠯᠲᠠ ᠪᠠ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠦᠢᠯᠡᠰ ᠤᠨ ᠲᠠᠰᠤᠷᠠᠯᠲᠠ ᠦᠭᠡᠢ ᠬᠥᠭᠵᠢᠬᠦ ᠳᠤ ᠬᠦᠴᠦᠨ ᠨᠡᠮᠡᠷᠢᠯᠡᠨ᠎ᠡ᠃ | | |