ᠰᠢᠨ᠎ᠡ ᠪᠠᠷᠭᠤ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ 2025 ᠣᠨ ᠤ ᠨᠠᠮ ᠤᠨ ᠪᠠᠶᠢᠭᠤᠯᠤᠯᠲᠠ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/16
          5 ᠰᠠᠷ᠎ᠠ ᠶᠢᠨ 16 ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ 2025 ᠣᠨ ᠤ ᠨᠠᠮ ᠤᠨ ᠪᠠᠶᠢᠭᠤᠯᠤᠯᠲᠠ ᠵᠢᠴᠢ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠰᠢᠨ᠎ᠡ ᠪᠠᠷᠭᠤ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠤᠳᠤᠷᠢᠳᠬᠤ ᠪᠠᠭ᠂ ᠲᠣᠮᠢᠯᠠᠨ ᠰᠠᠭᠤᠯᠭᠠᠭᠰᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠡᠯ᠎ᠡ ᠡᠮ ᠡᠮᠨᠡᠯᠭᠡ ᠡᠷᠡᠭᠦᠯ ᠬᠠᠮᠠᠭᠠᠯᠠᠯ ᠤᠨ ᠨᠢᠭᠡᠴᠢ ᠶᠢᠨ ᠭᠤᠣᠯ ᠬᠠᠷᠢᠭᠤᠴᠠᠯᠭᠠᠲᠠᠨ᠂ ᠵᠥᠪᠯᠡᠯ ᠤᠨ ᠪᠠᠶᠢᠭᠤᠯᠤᠯᠭ᠎ᠠ ᠶᠢᠨ ᠪᠥᠬᠦ ᠺᠠᠳ᠋ᠷ ᠠᠵᠢᠯᠲᠠᠨ ᠠᠵᠢᠯᠴᠢᠨ 50 ᠭᠠᠷᠤᠢ ᠬᠥᠮᠥᠨ ᠬᠤᠷᠠᠯ ᠳᠤ ᠣᠷᠣᠯᠴᠠᠵᠠᠢ᠃
18.jpg
          ᠬᠤᠷᠠᠯ ᠳᠡᠭᠡᠷ᠎ᠡ᠂ ᠰᠢᠨ᠎ᠡ ᠪᠠᠷᠭᠤ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠭᠤᠣᠯ ᠬᠠᠷᠢᠭᠤᠴᠠᠯᠭᠠᠲᠠᠨ ᠨᠥᠬᠦᠳ ᠠᠵᠢᠯ ᠤᠨ ᠮᠡᠳᠡᠭᠦᠯᠦᠯᠲᠡ ᠬᠢᠵᠦ᠂ ᠳᠡᠭᠡᠳᠦ ᠱᠠᠲᠤᠨ ᠤ ᠨᠠᠮ ᠤᠨ ᠪᠠᠶᠢᠭᠤᠯᠤᠯᠲᠠ ᠪᠣᠯᠣᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠲᠤᠬᠠᠢ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠥᠩᠭᠡᠷᠡᠭᠰᠡᠨ ᠨᠢᠭᠡ ᠵᠢᠯ ᠤᠨ ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠪᠣᠯᠣᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠡᠷᠭᠢᠴᠡᠭᠦᠯᠦᠨ ᠳ᠋ᠦᠩᠨᠡᠬᠦ ᠶᠢᠨ ᠬᠠᠮᠲᠤ 2025 ᠣᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠠᠴᠠ ᠵᠢᠭᠠᠵᠤ ᠭᠠᠷᠭᠠᠭᠰᠠᠨ ᠨᠢ᠂ 2024 ᠣᠨ ᠳᠤ᠂ ᠪᠦᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠦᠨᠳᠦᠰᠦᠨ ᠵᠢᠷᠤᠮᠯᠠᠯ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ᠂ ᠨᠠᠮ ᠤᠨ ᠪᠠᠶᠢᠭᠤᠯᠤᠯᠲᠠ ᠬᠢᠭᠡᠳ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠶᠢᠨ ︽ᠬᠤᠪᠢᠰᠬᠠᠯᠲᠤ ᠬᠥᠳᠡᠯᠭᠡᠭᠦᠷ︾ ᠪᠣᠯᠭᠠᠨ ᠠᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠬᠤ ᠶᠢ ᠪᠠᠷᠢᠮᠲᠠᠯᠠᠬᠤ ᠬᠡᠷᠡᠭᠲᠡᠢ᠃
19.jpg
          2025 ᠣᠨ ᠨᠢ ︽ᠠᠷᠪᠠᠨ ᠳᠥᠷᠪᠡᠳᠦᠭᠡᠷ ᠲᠠᠪᠤᠨ ᠵᠢᠯ︾  ᠤᠨ ᠲᠥᠯᠦᠪᠵᠢᠭᠦᠯᠭᠡ ᠶᠢᠨ ᠲᠡᠭᠦᠰᠬᠡᠯ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠬᠥᠭᠵᠢᠯᠲᠡ ᠶᠢᠨ ᠲᠥᠯᠥᠪᠯᠡᠭᠡ ᠵᠢᠴᠢ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠠᠩᠭᠢᠯᠠᠭ᠎ᠠ ᠶᠢᠨ ᠵᠢᠯ ᠪᠣᠯᠤᠭᠰᠠᠨ ᠤ ᠬᠤᠪᠢ ᠳᠤ᠂ ᠪᠥᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠬᠢᠨ ᠬᠠᠷᠠᠯᠲᠠ ᠪᠠᠨ ᠲᠣᠭᠲᠠᠭᠠᠵᠤ᠂ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠪᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠬᠢᠨ ᠨᠠᠮ ᠤᠨ ᠪᠠᠶᠢᠭᠤᠯᠤᠯᠲᠠ ᠪᠣᠯᠣᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠠᠵᠢᠯ ᠦᠢᠯᠡᠰ ᠤᠨ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠤᠯᠠᠨ ᠲᠠᠯ᠎ᠠ ᠠᠴᠠ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠡᠮ ᠡᠮᠨᠡᠯᠭᠡ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠡᠬᠢ ᠪᠠᠶᠠᠯᠢᠭ ᠤᠨ ᠪᠠᠶᠢᠷᠢᠰᠢᠯ ᠢ ᠰᠢᠨᠵᠢᠯᠡᠬᠦ ᠤᠬᠠᠭᠠᠨᠴᠢ ᠪᠠᠷ ᠰᠢᠯᠢᠳᠡᠭᠵᠢᠭᠦᠯᠵᠦ᠂ ᠴᠢᠳᠠᠪᠤᠷᠢᠲᠠᠨ ᠤ ᠡᠩᠨᠡᠭᠡ ᠶᠢᠨ ᠰᠠᠭᠤᠷᠢ ᠶᠢ ᠪᠠᠬᠢᠵᠢᠭᠦᠯᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃ ᠡᠭᠦᠨ ᠤ ᠬᠠᠮᠲᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠲᠡᠷᠢᠭᠦᠨ ᠳᠤ ᠲᠠᠯᠪᠢᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠴᠢᠩᠭᠠᠳᠬᠠᠵᠤ᠂ ᠡᠮ ᠡᠮᠨᠡᠯᠭᠡ ᠶᠢᠨ ᠦᠢᠯᠡᠴᠢᠯᠡᠭᠡᠨ ᠤ ᠬᠦᠷᠢᠶᠡᠨ ᠳᠠᠬᠢ ᠲᠥᠪ ᠪᠤᠰᠤ ᠰᠤᠷᠲᠠᠯ ᠢ ᠡᠷᠡᠰ ᠴᠡᠭᠴᠡᠯᠡᠨ ᠵᠠᠰᠠᠬᠤ ᠬᠡᠷᠡᠭᠲᠡᠢ᠃ ᠪᠥᠬᠦ ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠢᠮᠠᠭᠲᠠ ᠰᠡᠷᠭᠡᠭ ᠪᠠᠶᠢᠵᠤ᠂ ︽ᠥᠴᠥᠬᠡᠨ ᠴᠦ ᠠᠭᠤᠴᠢᠯᠠᠬᠤ ᠦᠭᠡᠢ︾ ᠡᠷᠡᠰ ᠵᠣᠷᠢᠭ ᠢᠶᠠᠷ ᠢᠯᠵᠠᠷᠠᠯ ᠢ ᠵᠠᠯᠬᠠᠭᠠᠨ  ᠰᠢᠢᠳᠬᠡᠵᠦ᠂ ᠠᠷᠢᠭᠤᠨ ᠴᠢᠬᠡᠴᠢ ᠠᠵᠢᠯ ᠲᠥᠷᠥᠯ ᠤᠨ ᠠᠮᠢ ᠠᠬᠤᠢ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠪᠥᠬᠦ ᠬᠤᠰᠢᠭᠤᠨ ᠤ ᠣᠯᠠᠨ ᠲᠦᠮᠡᠨ ᠳᠤ ᠴᠢᠨᠠᠷ ᠰᠠᠶᠢᠲᠠᠢ᠂ ᠥᠨᠳᠥᠷ ᠪᠦᠲᠦᠮᠵᠢᠲᠡᠶ᠂ ᠳᠥᠭᠦᠮ ᠳᠥᠲᠡ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠵᠤ᠂ ᠡᠷᠡᠭᠦᠯ ᠡᠩᠬᠡ ᠰᠢᠨ᠎ᠡ ᠪᠠᠷᠭᠤ ᠵᠡᠭᠦᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠴᠠᠭ ᠦᠶ᠎ᠡ ᠶᠢᠨ ᠰᠢᠯᠭᠠᠯᠲᠠ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃
20.jpg
          ᠲᠤᠰ ᠤᠳᠠᠭ᠎ᠠ ᠶᠢᠨ ᠬᠤᠷᠠᠯ ᠤᠨ ᠬᠤᠷᠠᠯᠳᠤᠭᠰᠠᠨ ᠨᠢ ᠵᠠᠮᠴᠢᠯᠠᠬᠤ ᠬᠡᠷᠡᠯᠳᠦ ᠴᠠᠮᠬᠠᠭ ᠰᠢᠭ᠋ ᠢᠶᠠᠷ ᠰᠢᠨ᠎ᠡ ᠪᠠᠷᠭᠤ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠰᠢᠨ᠎ᠡ ᠨᠢᠭᠡ ᠵᠢᠯ ᠤᠨ ᠨᠠᠮ ᠤᠨ ᠪᠠᠶᠢᠭᠤᠯᠤᠯᠲᠠ ᠪᠣᠯᠣᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠤᠷᠤᠭᠰᠢᠯᠠᠯᠲᠠ ᠶᠢᠨ ᠴᠢᠭᠯᠡᠯ ᠢ ᠲᠣᠭᠲᠠᠭᠠᠵᠤ᠂ ᠲᠣᠳᠣᠷᠬᠠᠢ ᠬᠠᠷᠠᠯᠲᠠ ᠶᠢᠨ ᠪᠠᠶᠢᠷᠢ ᠲᠣᠭᠲᠠᠭᠠᠯᠲᠠ᠂ ᠪᠠᠲᠤ ᠪᠠᠬᠢ ᠠᠵᠢᠯᠯᠠᠭᠠᠨ ᠤ ᠬᠥᠲᠥᠯᠪᠦᠷᠢ ᠪᠠᠷ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠳᠤ ᠤᠯᠤᠰ ᠲᠦᠷᠦ ᠶᠢᠨ ᠰᠠᠭᠤᠷᠢ ᠶᠢ ᠪᠠᠬᠢᠵᠢᠭᠦᠯᠵᠦ᠂ ᠬᠦᠴᠦᠷᠬᠡᠭ ᠶᠡᠭᠡ ᠬᠥᠳᠡᠯᠭᠡᠬᠦ ᠬᠦᠴᠦᠨ ᠢ ᠨᠡᠮᠡᠷᠢᠯᠡᠭᠰᠡᠨ ᠪᠠᠶᠢᠨ᠎ᠠ᠃ ᠪᠥᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠬᠢᠨ ᠲᠣᠰ ᠤᠳᠠᠭᠠᠨ ᠤ ᠬᠤᠷᠠᠯ ᠢᠶᠠᠷ ᠴᠣ᠋ ᠰᠢᠨ᠎ᠡ ᠭᠠᠷᠤᠭ᠎ᠠ ᠪᠣᠯᠭᠠᠵᠤ᠂ ᠦᠵᠡᠯ ᠰᠠᠨᠠᠭᠠᠨ ᠤ ᠵᠢᠯᠣᠭᠤᠳᠤᠯᠭ᠎ᠠ ᠶᠢ ᠦᠨᠡᠨ ᠬᠦ ᠴᠢᠩᠭᠠᠳᠬᠠᠵᠤ᠂ ᠪᠥᠬᠦ ᠰᠢᠰᠲ᠋ᠧᠮ ᠤᠨ ᠣᠶᠤᠨ ᠤᠬᠠᠭᠠᠨ ᠬᠦᠴᠦᠨ ᠴᠢᠳᠠᠯ ᠢ ᠨᠢᠭᠲᠠᠷᠠᠭᠤᠯᠤᠨ᠂ ᠪᠣᠳᠠᠲᠠᠢ ᠶᠢ ᠡᠷᠬᠢᠮᠯᠡᠬᠦ ᠰᠤᠷᠲᠠᠯ ᠢ ᠪᠠᠷᠢᠮᠲᠠᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠴᠣ᠋ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ