ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠬᠤ ᠰᠠᠷ᠎ᠠ ᠶᠢᠨ ᠠᠵᠢᠯᠯᠠᠭ᠎ᠠ ᠶᠢᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ 5 ᠰᠠᠷ᠎ᠠ ᠶᠢᠨ 16 ᠤ ᠦᠳᠡ ᠶᠢᠨ ᠡᠮᠦᠨ᠎ᠡ᠂ ᠰᠢᠨ᠎ᠡ ᠪᠠᠷᠭᠤ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ | ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠪᠤᠶ ᠪᠣᠯᠭᠠᠬᠤ︾ ᠭᠤᠣᠯ ᠱᠤᠭᠤᠮ ᠤᠨ ᠲᠣᠭᠤᠷᠢᠨ ᠳᠤ᠂ ᠠᠵᠢᠯᠲᠠᠳ ᠢ ᠵᠣᠬᠢᠶᠠᠨ ᠪᠠᠶᠢᠭᠤᠯᠤᠨ ᠰᠢᠨ᠎ᠡ ᠪᠠᠷᠭᠤ ᠵᠡᠭᠦᠨ ᠬᠤᠰᠢᠭᠤᠨ ᠤ ᠶᠢᠨ ᠶᠦᠨ ᠳ᠋ᠡ ᠠᠮᠢᠳᠤ | ᠭᠠᠭ᠋ᠠᠢ ᠨᠢᠲᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠢᠪᠡᠭᠡᠯ ᠨᠡᠶᠢᠭᠡᠮ ᠲᠣᠭᠤᠷᠢᠭ ᠵᠢᠴᠢ ᠠᠮᠤᠭᠤᠯᠠᠩ ᠪᠠᠯᠭᠠᠰᠤ ᠲᠣᠭᠤᠷᠢᠭ ᠤᠨ ᠭᠤᠷᠪᠠᠨ ᠮᠠᠯ ᠤᠨ | ᠡᠮ ᠤᠨ ᠳᠡᠯᠭᠡᠭᠦᠷ ᠲᠤ ᠭᠦᠨᠵᠡᠭᠡᠶᠢᠷᠡᠨ᠂ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ | ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠪᠣᠳᠠᠲᠠᠢ ᠠᠵᠢᠯᠯᠠᠭ᠎ᠠ ᠪᠠᠷ ᠢᠶᠠᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ | ᠲᠦᠯᠬᠢᠨ ᠠᠬᠢᠭᠤᠯᠤᠨ᠎ᠠ᠃ | | | | | | | | | | | | ᠠᠵᠤ ᠠᠬᠤᠶᠢᠯᠠᠯ ᠤᠨ ᠤᠬᠠᠭᠤᠯᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠶᠢᠨ ᠶᠦᠨ ᠳ᠋ᠡ ᠭᠠᠭ᠋ᠠᠢ ᠨᠢᠲᠤᠯᠬᠤ ᠬᠢᠵᠠᠭᠠᠷᠲᠤ ᠺᠣᠮᠫᠠᠨᠢ ᠶᠢᠨ | ᠠᠵᠢᠯᠲᠠᠨ ᠵᠢᠴᠢ ᠮᠠᠯ ᠤᠨ ᠡᠮ ᠤᠨ ᠳᠡᠯᠭᠡᠭᠦᠷ ᠤᠨ ᠬᠠᠷᠢᠭᠤᠴᠠᠯᠭᠠᠲᠠᠨ ᠳᠤ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠴᠢᠬᠤᠯᠠ | ᠠᠴᠢ ᠬᠤᠯᠪᠣᠭᠳᠠᠯ ᠢ ᠭᠤᠣᠯᠳᠠᠯᠭ᠎ᠠ ᠲᠠᠢ ᠲᠠᠶᠢᠯᠪᠤᠷᠢᠯᠠᠵᠤ᠂ ᠠᠵᠢᠯ ᠲᠦᠷᠦᠯ ᠤᠨ ᠣᠨᠴᠠᠯᠢᠭ ᠲᠠᠢ ᠪᠠᠨ ᠤᠶᠠᠯᠳᠤᠭᠤᠯᠤᠨ ᠦᠨᠡᠨᠴᠢ ᠢᠲᠡᠭᠡᠮᠵᠢᠲᠡᠢ ᠡᠵᠡᠩᠨᠡᠯᠲᠡ | ᠪᠣᠯᠣᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠨᠢᠭᠲᠠ ᠬᠠᠷᠢᠯᠴᠠᠭ᠎ᠠ ᠶᠢ ᠲᠣᠳᠣᠷᠬᠠᠶᠢᠯᠠᠨ ᠥᠭᠦᠯᠡᠪᠡ᠃ ᠡᠭᠦᠨ ᠤ ᠬᠠᠮᠲᠤ᠂ ᠠᠵᠤ ᠠᠬᠤᠶᠢᠯᠠᠯ᠂ ᠮᠠᠯ ᠤᠨ | ᠡᠮ ᠤᠨ ᠳᠡᠯᠭᠡᠭᠦᠷ ᠲᠠᠢ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠠᠮᠠᠯᠠᠯᠲᠠ ᠶᠢᠨ ᠪᠢᠴᠢᠭ ᠢ ᠨᠢᠭᠡᠳ ᠨᠢᠭᠡ ᠪᠠᠷ ᠲᠣᠭᠲᠠᠵᠤ᠂ ᠲᠡᠳᠡᠨ ᠤ ᠦᠢᠯᠡᠳᠪᠦᠷᠢᠯᠡᠯ | ᠡᠵᠡᠩᠨᠡᠯᠲᠡ ᠶᠢᠨ ᠳᠤᠮᠳᠠ ᠬᠠᠤᠯᠢ ᠲᠣᠭᠲᠠᠭᠠᠯ ᠤᠨ ᠬᠢᠵᠠᠭᠠᠷ ᠱᠤᠭᠤᠮ ᠢ ᠴᠢᠩᠭ᠎ᠠ ᠰᠠᠬᠢᠵᠤ᠂ ᠦᠨᠡᠨᠴᠢ ᠢᠲᠡᠭᠡᠮᠵᠢ ᠶᠢᠨ ᠠᠮᠠᠯᠠᠯᠲᠠ ᠪᠠᠨ ᠦᠢᠯᠡᠳᠦᠯᠭᠡᠵᠢᠭᠦᠯᠬᠦ ᠶᠢ | ᠰᠢᠮᠳᠠᠭᠤᠯᠤᠨ᠎ᠠ᠃ ᠬᠡᠷᠡᠭ ᠤᠨ ᠵᠢᠱᠢᠶ᠎ᠡ ᠶᠢ ᠬᠤᠪᠢᠶᠠᠯᠴᠠᠨ ᠡᠳ᠋ᠯᠡᠬᠦ᠂ ᠬᠠᠷᠢᠯᠴᠠᠨ ᠠᠰᠠᠭᠤᠯᠲᠠ ᠬᠠᠷᠢᠭᠤᠯᠲᠠ ᠥᠭᠬᠦ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ | ᠵᠡᠷᠭᠡ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠠᠵᠢᠯᠲᠠᠳ ᠲᠤ ᠦᠨᠳᠦᠰᠦᠲᠡᠨ ᠤ ᠲᠥᠷᠥ ᠶᠢᠨ ᠪᠣᠳᠣᠯᠭ᠎ᠠ᠂ ᠦᠨᠳᠦᠰᠦᠲᠡᠨ ᠤ ᠬᠠᠤᠯᠢ ᠴᠠᠭᠠᠵᠠ | ᠬᠠᠤᠯᠢ ᠲᠣᠭᠲᠠᠭᠠᠯ ᠤᠨ ᠮᠡᠳᠡᠯᠭᠡ ᠶᠢ ᠲᠦᠭᠡᠮᠡᠯᠵᠢᠭᠦᠯᠬᠦ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠵᠤ ᠠᠬᠤᠶᠢᠯᠠᠯ ᠤᠨ ᠤᠬᠠᠭᠤᠯᠭ᠎ᠠ ᠶᠢᠨ | ᠬᠠᠭᠤᠳᠠᠰᠤᠨ ᠳᠤ ᠣᠷᠣᠭᠤᠯᠵᠤ᠂ ᠠᠵᠤ ᠠᠬᠤᠶᠢᠯᠠᠯ ᠢ ᠤᠷᠢᠶᠠᠯᠠᠨ ᠦᠨᠳᠦᠰᠦᠲᠡᠨ ᠤ ᠪᠦᠯᠬᠦᠮᠳᠡᠯ ᠤᠨ ᠣᠨᠣᠯᠵᠢᠬᠤᠨ ᠢ ᠡᠳᠦᠷ ᠲᠤᠲᠤᠮ ᠤᠨ ᠡᠵᠡᠩᠨᠡᠯᠲᠡ | ᠬᠠᠮᠢᠶᠠᠷᠤᠯᠲᠠ ᠳᠤ ᠠᠭᠤᠰᠬᠠᠵᠤ᠂ ᠡᠶ᠎ᠡ ᠵᠣᠬᠢᠴᠠᠯ ᠲᠠᠢ ᠲᠣᠭᠲᠠᠭᠤᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠬᠤ ᠳᠤ ᠬᠦᠴᠦᠨ ᠴᠢᠳᠠᠯ ᠢᠶᠠᠨ | ᠡᠷᠭᠦᠨ᠎ᠡ᠃ | | | | | | | | | ᠢᠪᠡᠭᠡᠯ ᠨᠡᠶᠢᠭᠡᠮ ᠲᠣᠭᠤᠷᠢᠭ ᠲᠤ᠂ ᠠᠵᠢᠯᠲᠠᠳ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠪᠠᠷ ᠠᠵᠠ ᠲᠣᠬᠢᠶᠠᠯ | ᠪᠣᠯᠭᠠᠵᠤ᠂ ᠰᠠᠭᠤᠷᠢᠰᠢᠨ ᠰᠠᠭᠤᠭ᠎ᠠ ᠮᠠᠯᠴᠢᠳ ᠲᠤ ᠨᠠᠷᠢᠨ ᠨᠢᠮᠪᠠᠢ ᠨᠠᠶᠢᠷᠠᠭᠤᠯᠤᠨ ᠵᠣᠬᠢᠶᠠᠭᠰᠠᠨ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ | ᠤᠬᠠᠭᠤᠯᠭ᠎ᠠ ᠶᠢᠨ ᠭᠠᠷ ᠳᠡᠪᠲᠡᠷ ᠢ 20 ᠭᠠᠷᠤᠢ ᠬᠤᠪᠢ ᠲᠠᠷᠬᠠᠭᠠᠵᠤ᠂ ᠤᠯᠠᠨ ᠲᠦᠮᠡᠨ ᠳᠤ 20 ᠭᠠᠷᠤᠢ ᠬᠥᠮᠥᠨ ᠤᠳᠠᠭ᠎ᠠ ᠠᠰᠢᠭ ᠬᠦᠷᠲᠡᠭᠡᠵᠡᠢ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ᠂ ᠦᠨᠳᠦᠰᠦᠲᠡᠨ ᠤ ᠡᠷᠬᠡ ᠲᠡᠭᠰᠢ | ᠪᠦᠯᠬᠦᠮᠳᠡᠯ ᠵᠡᠷᠭᠡ ᠭᠤᠣᠯ ᠠᠭᠤᠯᠭ᠎ᠠ ᠶᠢᠨ ᠲᠣᠭᠤᠷᠢᠨ ᠳᠤ᠂ ᠬᠢᠯᠪᠠᠷ ᠣᠶᠢᠯᠠᠭᠠᠮᠵᠢᠲᠠᠢ ᠦᠭᠡ ᠬᠡᠯᠡ ᠪᠠᠷ ᠤᠬᠠᠭᠤᠯᠤᠨ ᠲᠠᠶᠢᠯᠪᠤᠷᠢᠯᠠᠵᠤ᠂ ᠤᠯᠠᠨ ᠲᠦᠮᠡᠨ ᠤ | ᠯᠠᠪᠯᠠᠭ᠎ᠠ ᠶᠢ ᠬᠦᠯᠢᠴᠡᠩᠭᠦᠢ ᠪᠠᠷ ᠬᠠᠷᠢᠭᠤᠯᠵᠤ᠂ ᠤᠯᠠᠨ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢᠵᠢᠯ ᠤᠨ ᠦᠵᠡᠯᠲᠡ ᠶᠢ ᠨᠢ ᠴᠢᠩᠭᠠᠳᠬᠠᠵᠤ᠂ | ᠦᠨᠳᠦᠰᠦᠲᠡᠨ ᠤ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠬᠠᠮᠲᠤᠪᠠᠷ ᠬᠠᠮᠠᠭᠠᠯᠠᠪᠠ᠃ | ᠲᠤᠰ ᠤᠳᠠᠭᠠᠨ ᠤ ᠠᠵᠢᠯᠯᠠᠭ᠎ᠠ ᠪᠣᠯ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠬᠤ ᠰᠠᠷ᠎ᠠ ᠶᠢᠨ ᠰᠢᠷᠢᠰ ᠠᠵᠢᠯᠯᠠᠭ᠎ᠠ ᠶᠢᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠂ ᠦᠨᠡᠨᠴᠢ | ᠢᠲᠡᠭᠡᠮᠵᠢᠲᠡᠢ ᠪᠠᠷ ᠡᠵᠡᠩᠨᠡᠨ ᠪᠠᠶᠢᠭᠤᠯᠬᠤ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠣᠷᠭᠠᠨᠢᠭ ᠢᠶᠠᠷ | ᠠᠭᠤᠰᠤᠯᠴᠠᠭᠤᠯᠵᠤ᠂ ᠠᠵᠢᠯ ᠲᠥᠷᠥᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠴᠢᠩᠭᠠᠷᠠᠭᠤᠯᠤᠭᠰᠠᠨ ᠢᠶᠠᠷ ᠪᠠᠷᠠᠬᠤ ᠦᠭᠡᠢ ᠪᠠᠰᠠ | ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠨᠡᠶᠢᠭᠡᠮ ᠤᠨ ᠣᠶᠢᠯᠠᠭᠠᠬᠤ ᠬᠡᠪᠴᠢᠶ᠎ᠡ ᠶᠢ ᠥᠷᠭᠡᠳᠬᠡᠵᠦ᠂ ᠬᠠᠷᠢᠶᠠᠲᠤ ᠣᠷᠣᠨ ᠤ ᠲᠠᠷᠢᠶᠠᠯᠠᠩ | ᠮᠠᠯ ᠠᠵᠤ ᠠᠬᠤᠢ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠬᠢᠵᠢᠭᠦᠯᠬᠦ ᠳᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ | ᠥᠭᠭᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠣᠯᠠᠨ ᠬᠡᠯᠪᠡᠷᠢ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ | ᠬᠥᠮᠥᠰ ᠤᠨ ᠰᠡᠳᠬᠢᠯ ᠳᠤ ᠬᠠᠳᠠᠩᠰᠢᠬᠤ ᠶᠢ ᠲᠦᠯᠬᠢᠨ ᠠᠬᠢᠭᠤᠯᠤᠨ᠎ᠠ᠃ | | |