ᠮᠤᠵᠢ ᠠᠯᠤᠰᠯᠠᠨ ᠣᠨᠳᠣᠣ ᠭᠠᠵᠠᠷ ᠲᠤ ᠡᠪᠡᠳᠴᠢᠨ ᠦᠵᠡᠭᠦᠯᠬᠦ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠱᠠᠲᠤ ᠬᠤᠪᠢᠶᠠᠨ | ᠣᠨᠣᠰᠢᠯᠠᠨ ᠡᠮᠨᠡᠬᠦ ᠪᠠᠶᠢᠭᠤᠯᠤᠯᠲᠠ ᠶᠢ ᠠᠬᠢᠭᠤᠯᠵᠤ᠂ ᠰᠢᠯᠵᠢᠭᠦᠯᠦᠨ ᠡᠮᠨᠡᠬᠦ ᠶᠠᠪᠤᠴᠠ ᠶᠢ ᠳᠦᠷᠢᠮᠵᠢᠭᠦᠯᠦᠨ᠂ ᠤᠯᠠᠨ ᠲᠦᠮᠡᠨ ᠳᠤ ᠨᠡᠩ ᠰᠠᠶᠢᠨ ᠡᠮᠴᠢᠯᠡᠭᠡ᠂ ᠡᠮ | ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠬᠠᠩᠭᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠮᠤᠵᠢ ᠠᠯᠤᠰᠯᠠᠨ ᠣᠨᠳᠣᠣ ᠭᠠᠵᠠᠷ ᠲᠤ ᠡᠪᠡᠳᠴᠢᠨ ᠦᠵᠡᠭᠦᠯᠦᠨ ᠰᠢᠯᠵᠢᠭᠦᠯᠦᠨ ᠡᠮᠨᠡᠭᠦᠯᠬᠦ ᠶᠢᠨ ᠬᠡᠷᠡᠭᠵᠢᠭᠦᠯᠬᠦ ᠠᠷᠭ᠎ᠠ ︵ᠲᠦᠷ | ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠪᠠ᠃ ᠲᠤᠰ ᠬᠡᠷᠡᠭᠵᠢᠭᠦᠯᠬᠦ ᠠᠷᠭ᠎ᠠ ᠶᠢ 5 ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠵᠦ᠂ ᠮᠤᠵᠢ | ᠠᠯᠤᠰᠯᠠᠨ ᠲᠦᠷ ᠴᠠᠭ ᠭᠠᠳᠠᠭᠰᠢ ᠭᠠᠷᠴᠤ ᠡᠮᠨᠡᠭᠦᠯᠬᠦ ᠬᠥᠮᠥᠰ ᠢ︽ᠣᠨᠳᠣᠣ ᠭᠠᠵᠠᠷ ᠲᠤ ᠰᠢᠯᠵᠢᠭᠦᠯᠦᠨ ᠡᠮᠨᠡᠭᠦᠯᠬᠦ ᠬᠥᠮᠥᠰ︾ ᠪᠠ ︽ᠪᠤᠰᠤᠳ ᠲᠦᠷ ᠴᠠᠭ ᠭᠠᠳᠠᠭᠰᠢ | ᠭᠠᠷᠴᠤ ᠡᠮᠨᠡᠭᠦᠯᠬᠦ ᠬᠥᠮᠥᠰ︾ ᠭᠡᠵᠦ ᠨᠠᠷᠢᠨ ᠬᠤᠪᠢᠶᠠᠵᠠᠢ᠂ ᠲᠤᠬᠠᠶᠢᠯᠠᠪᠠᠯ ᠰᠢᠨ᠎ᠡ ᠪᠠᠷ ᠨᠡᠮᠡᠭᠰᠡᠨ︽ᠣᠨᠳᠣᠣ ᠭᠠᠵᠠᠷ ᠲᠤ ᠰᠢᠯᠵᠢᠭᠦᠯᠦᠨ ᠡᠮᠨᠡᠭᠦᠯᠬᠦ ᠬᠥᠮᠥᠰ︾ ᠤᠨ | ᠳᠠᠩᠰᠠᠯᠠᠯᠲᠠ ᠶᠢᠨ ᠲᠥᠷᠥᠯ ᠬᠡᠯᠪᠡᠷᠢ ᠨᠢ ︽ᠪᠤᠰᠤᠳ ᠲᠦᠷ ᠴᠠᠭ ᠭᠠᠳᠠᠭᠰᠢ ᠭᠠᠷᠴᠤ ᠡᠮᠨᠡᠭᠦᠯᠬᠦ ᠬᠥᠮᠥᠰ︾ ᠤᠨ ᠳᠠᠩᠰᠠᠯᠠᠯᠲᠠ ᠶᠢ ᠨᠥᠯᠥᠭᠡᠯᠡᠬᠦ ᠦᠭᠡᠢ ᠪᠣᠯᠵᠠᠢ᠃ | ᠨᠢᠭᠡ᠂ ᠲᠣᠭᠠᠴᠠᠭ᠎ᠠ ᠬᠢᠬᠦ ᠬᠠᠷᠢᠴᠠᠯ | ︽ᠣᠨᠳᠣᠣ ᠭᠠᠵᠠᠷ ᠲᠤ ᠰᠢᠯᠵᠢᠭᠦᠯᠦᠨ ᠡᠮᠨᠡᠭᠦᠯᠬᠦ ᠬᠥᠮᠥᠰ︾ ᠨᠢ︽ᠪᠤᠰᠤᠳ ᠮᠤᠵᠢ ᠠᠯᠤᠰᠯᠠᠨ ᠲᠦᠷ ᠴᠠᠭ ᠭᠠᠳᠠᠭᠰᠢ ᠭᠠᠷᠴᠤ ᠡᠮᠨᠡᠭᠦᠯᠬᠦ ᠬᠥᠮᠥᠰ︾ ᠲᠠᠢ | ᠬᠠᠷᠢᠴᠠᠭᠤᠯᠪᠠᠯ ᠲᠣᠭᠠᠴᠠᠭ᠎ᠠ ᠬᠢᠬᠦ ᠬᠠᠷᠢᠴᠠᠯ ᠨᠢ 10 ᠵᠠᠭᠤᠨ ᠤ ᠨᠢᠭᠡᠴᠢ ᠳᠡᠭᠡᠭᠰᠢᠯᠡᠵᠦ᠂ ︽ᠣᠨᠳᠣᠣ ᠭᠠᠵᠠᠷ ᠲᠤ ᠲᠦᠷᠭᠡᠨ ᠡᠮᠴᠢᠯᠡᠭᠡ ᠬᠦᠯᠢᠶᠡᠬᠦ ᠬᠥᠮᠥᠰ︾ ᠲᠠᠢ | ᠠᠳᠠᠯᠢ ᠪᠣᠯᠵᠠᠢ᠃ | ᠬᠤᠶᠠᠷ᠂ ᠭᠦᠢᠴᠡᠳᠬᠡᠬᠦ ᠶᠠᠪᠤᠴᠠ | ᠣᠨᠳᠣᠣ ᠭᠠᠵᠠᠷ ᠲᠤ ᠰᠢᠯᠵᠢᠭᠦᠯᠦᠨ ᠡᠮᠨᠡᠭᠦᠯᠬᠦ ᠳᠤ ᠵᠠᠷᠴᠢᠮ ᠳᠡᠭᠡᠷ᠎ᠡ ᠪᠠᠨ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠡᠷᠬᠢᠯᠡᠭᠴᠢ | ᠡᠮᠴᠢ ᠠᠴᠠ ᠲᠤᠰᠬᠠᠢ ᠮᠡᠷᠭᠡᠵᠢᠯ ᠤᠨ ᠦᠨᠡᠯᠡᠨ ᠵᠢᠱᠢᠯᠲᠡ ᠬᠢᠬᠦ ᠶᠢᠨ ᠬᠠᠮᠲᠤ ᠰᠠᠨᠠᠯ ᠭᠠᠷᠭᠠᠵᠤ᠂ ᠳᠠᠭᠠᠳᠬᠠᠯ ᠳᠤ ᠣᠷᠣᠭᠰᠠᠳ ᠰᠢᠯᠵᠢᠭᠦᠯᠦᠨ ᠡᠮᠨᠡᠭᠦᠯᠬᠦ ᠡᠮᠨᠡᠯᠭᠡ ᠶᠢᠨ | ᠬᠤᠷᠢᠶ᠎ᠠ ᠳᠤ ᠨᠢᠭᠡ ᠥᠷᠲᠡᠭᠡᠨ ᠤ ᠮᠠᠶ᠋ᠢᠭ ᠢᠶᠠᠷ ᠰᠢᠯᠵᠢᠭᠦᠯᠦᠨ ᠡᠮᠨᠡᠭᠦᠯᠬᠦ ᠪᠠ ᠳᠡᠩᠰᠡᠯᠡᠨ ᠲᠡᠮᠳᠡᠭᠯᠡᠭᠦᠯᠵᠦ᠂ ︽ᠰᠢᠯᠵᠢᠭᠦᠯᠦᠨ ᠡᠮᠨᠡᠭᠦᠯᠬᠦ ᠨᠢ ᠳᠠᠷᠤᠢ ᠳᠡᠩᠰᠡᠯᠡᠨ | ᠲᠡᠮᠳᠡᠭᠯᠡᠬᠦ︾ ᠶᠢ ᠪᠡᠶᠡᠯᠡᠭᠦᠯᠦᠨ᠎ᠡ᠃ ᠣᠨᠴᠠᠭᠠᠶ ᠪᠠᠶᠢᠳᠠᠯ ᠠᠴᠠ ᠪᠣᠯᠵᠤ ᠡᠮᠨᠡᠯᠭᠡ ᠶᠢᠨ ᠬᠤᠷᠢᠶ᠎ᠠ ᠳᠤ ︽ᠨᠢᠭᠡ ᠥᠷᠲᠡᠭᠡᠨ ᠤ ᠮᠠᠶ᠋ᠢᠭ︾ ᠢᠶᠠᠷ ᠳᠠᠩᠰᠠᠯᠠᠭᠤᠯᠵᠤ ᠳᠡᠶᠢᠯᠦᠭᠰᠡᠨ | ᠦᠭᠡᠢ ᠳᠠᠭᠠᠳᠬᠠᠯ ᠳᠤ ᠣᠷᠣᠯᠴᠠᠭᠴᠢ ᠬᠦᠴᠦᠨ ᠪᠦᠬᠦᠢ ᠪᠡᠶ᠎ᠡ ᠶᠢᠨ ᠦᠨᠡᠮᠯᠡᠯ ᠪᠠ 3 ᠰᠠᠷ᠎ᠠ ᠶᠢᠨ ᠳᠣᠲᠣᠷᠠᠬᠢ ︽ᠰᠢᠯᠵᠢᠭᠦᠯᠦᠨ ᠡᠮᠨᠡᠭᠦᠯᠬᠦ ᠬᠠᠭᠤᠳᠠᠰᠤ︾ ᠪᠠᠨ | ᠠᠪᠴᠤ᠂ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠴᠣᠩᠬᠤ᠂ ︽ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠠᠪᠴᠠᠩ︾ | ᠤᠨAPP᠂ ︽ᠥᠪᠥᠷ ᠮᠣᠩᠭᠤᠯ ᠤᠨ ᠡᠮ ᠡᠮᠨᠡᠯᠭᠡ ᠶᠢᠨ ᠳᠠᠭᠠᠳᠬᠠᠯ︾ ᠤᠨ APP᠂ ︽ᠥᠪᠥᠷ ᠮᠣᠩᠭᠤᠯ ᠤᠨ ᠡᠮ ᠡᠮᠨᠡᠯᠭᠡ ᠶᠢᠨ ᠳᠠᠭᠠᠳᠬᠠᠯ︾ ᠤᠨ ᠸᠢᠴᠠᠲ | ᠪᠤᠶᠤ ᡁᠢ ᠹᠦ᠋ ᠪᠣᠤ ᠵᠢᠵᠢᠭ ᠫᠷᠣᠭ᠍ᠷᠠᠮ ᠵᠡᠷᠭᠡ ᠡᠮ ᠡᠮᠨᠡᠯᠭᠡ ᠶᠢᠨ ᠳᠠᠭᠠᠳᠬᠠᠯ ᠤᠨ ᠳᠠᠩᠰᠠᠯᠠᠬᠤ ᠪᠤᠰᠤᠳ ᠠᠷᠭ᠎ᠠ ᠵᠠᠮ ᠢᠶᠠᠷ ᠳᠠᠮᠵᠢᠭᠤᠯᠤᠨ ᠭᠦᠢᠴᠡᠳᠬᠡᠵᠦ ᠪᠣᠯᠣᠨ᠎ᠠ᠃ | ᠵᠠᠷᠴᠢᠮ ᠳᠡᠭᠡᠷ᠎ᠡ ᠪᠠᠨ ᠮᠤᠵᠢ ᠠᠯᠤᠰᠯᠠᠨ ᠣᠨᠳᠣᠣ ᠭᠠᠵᠠᠷ ᠲᠤ ᠡᠪᠡᠳᠴᠢᠨ ᠦᠵᠡᠭᠦᠯᠵᠦ ᠰᠢᠯᠵᠢᠭᠦᠯᠦᠨ ᠡᠮᠨᠡᠭᠦᠯᠬᠦ ᠳᠤ ᠭᠤᠷᠪᠠᠳᠤᠭᠠᠷ ᠳᠡᠰ ᠤᠨ ᠡᠮ | ᠡᠮᠨᠡᠯᠭᠡ ᠶᠢᠨ ᠳᠠᠭᠠᠳᠬᠠᠯ ᠤᠨ ᠲᠣᠭᠲᠠᠮᠠᠯ ᠴᠡᠭ ᠤᠨ ᠡᠮᠨᠡᠯᠭᠡ ᠶᠢᠨ ᠬᠤᠷᠢᠶ᠎ᠠ ᠳᠤ ᠰᠢᠯᠵᠢᠭᠦᠯᠬᠦ ᠬᠡᠷᠡᠭᠲᠡᠢ︕ | ᠭᠤᠷᠪᠠ᠂ ᠳᠠᠩᠰᠠᠯᠠᠯᠲᠠ ᠶᠢᠨ ᠬᠦᠴᠦᠨ ᠲᠠᠢ ᠬᠤᠭᠤᠴᠠᠭ᠎ᠠ | ᠣᠨᠳᠣᠣ ᠭᠠᠵᠠᠷ ᠲᠤ ᠰᠢᠯᠵᠢᠭᠦᠯᠦᠨ ᠡᠮᠨᠡᠭᠦᠯᠬᠦ ᠬᠥᠮᠥᠰ ᠤᠨ ᠳᠠᠩᠰᠠᠯᠠᠯᠲᠠ ᠶᠢᠨ ᠬᠦᠴᠦᠨ ᠲᠠᠢ ᠬᠤᠭᠤᠴᠠᠭ᠎ᠠ ᠨᠢ 6 ᠰᠠᠷ᠎ᠠ ᠪᠣᠯᠣᠨ᠎ᠠ᠂ ᠡᠨᠡ | ᠬᠤᠭᠤᠴᠠᠭᠠᠨ ᠳᠤ ᠤᠯᠠᠨ ᠤᠳᠠᠭ᠎ᠠ ᠡᠮᠨᠡᠭᠦᠯᠵᠦ ᠪᠣᠯᠬᠤ ᠪᠥᠭᠡᠳ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠦᠢᠯᠡᠴᠢᠯᠡᠭᠡ ᠶᠢ | ᠬᠦᠷᠳᠡᠨ᠎ᠠ᠃ ᠬᠡᠷᠪᠡ ᠬᠦᠴᠦᠨ ᠲᠠᠢ ᠬᠤᠭᠤᠴᠠᠭ᠎ᠠ ᠠᠴᠠ ᠬᠡᠲᠦᠷᠡᠭᠰᠡᠨ ᠪᠣᠯᠪᠠᠴᠤ ᠠᠳᠠᠯᠢ ᠲᠥᠷᠥᠯ ᠤᠨ ᠡᠪᠡᠳᠴᠢᠨ ᠡᠮᠭᠡᠭ ᠠᠴᠠ ᠪᠣᠯᠵᠤ ᠦᠷᠭᠦᠯᠵᠢᠯᠡᠨ ᠡᠮᠨᠡᠭᠦᠯᠬᠦ | ᠴᠢᠬᠤᠯᠠᠲᠠᠢ ᠪᠣᠯ᠂ ᠳᠠᠭᠠᠳᠬᠠᠯ ᠳᠤ ᠣᠷᠣᠭᠰᠠᠳ ᠳᠠᠩᠰᠠᠯᠠᠯᠲᠠ ᠶᠢᠨ ᠬᠤᠭᠤᠴᠠᠭ᠎ᠠ ᠲᠤᠯᠬᠤ ᠠᠴᠠ ᠡᠮᠦᠨ᠎ᠡ ᠨᠢᠭᠡ ᠰᠠᠷ᠎ᠠ ᠶᠢᠨ ᠳᠣᠲᠣᠷ᠎ᠠ ᠬᠠᠮᠤᠭ ᠤᠨ ᠣᠶᠢᠷ᠎ᠠ | ᠬᠤᠭᠤᠴᠠᠭᠠᠨ ᠤ ᠡᠮᠨᠡᠯᠭᠡ ᠠᠴᠠ ᠭᠠᠷᠤᠭᠰᠠᠨ ᠲᠡᠮᠳᠡᠭᠯᠡᠯ ᠪᠤᠶᠤ ᠡᠪᠡᠳᠴᠢᠨ ᠡᠮᠭᠡᠭ ᠤᠨ ᠣᠨᠣᠰᠢᠯᠠᠯᠲᠠ ᠶᠢᠨ ᠭᠡᠷᠡᠴᠢ ᠪᠠᠨ ᠠᠪᠴᠤ ᠳᠠᠭᠠᠳᠬᠠᠯ ᠳᠤ ᠣᠷᠣᠭᠰᠠᠨ | ᠭᠠᠵᠠᠷ ᠤᠨ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠴᠣᠩᠬᠤᠨ ᠳᠤ ᠬᠦᠷᠴᠦ ᠳᠠᠩᠰᠠᠯᠠᠭᠤᠯᠬᠤ ᠬᠤᠭᠤᠴᠠᠭ᠎ᠠ ᠶᠢ ᠨᠢᠭᠡ ᠤᠳᠠᠭ᠎ᠠ | ᠤᠷᠲᠤᠳᠬᠠᠬᠤ ᠪᠠᠷ ᠭᠤᠶᠤᠴᠢᠯᠠᠵᠤ ᠪᠣᠯᠣᠨ᠎ᠠ᠂ ᠤᠷᠲᠤᠳᠬᠠᠬᠤ ᠬᠦᠴᠦᠨ ᠲᠠᠢ ᠬᠤᠭᠤᠴᠠᠭ᠎ᠠ ᠨᠢ 6 ᠰᠠᠷ᠎ᠠ ᠪᠣᠯᠣᠨ᠎ᠠ᠃ | ᠳᠥᠷᠪᠡ᠂ ᠰᠢᠯᠵᠢᠭᠦᠯᠦᠨ ᠡᠮᠨᠡᠬᠦ ᠡᠮᠨᠡᠯᠭᠡ ᠶᠢᠨ ᠬᠤᠷᠢᠶ᠎ᠠ | ᠮᠠᠨ ᠤ ᠬᠤᠲᠠ ᠶᠢᠨ ᠬᠥᠯᠥᠨ ᠪᠤᠶᠢᠷ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ᠂ ᠬᠥᠯᠥᠨ ᠪᠤᠶᠢᠷ ᠬᠤᠲᠠ ᠶᠢᠨ ᠭᠤᠷᠪᠠᠳᠤᠭᠠᠷ ᠠᠷᠠᠳ ᠤᠨ | ᠡᠮᠨᠡᠯᠭᠡ ᠶᠢᠨ ᠬᠤᠷᠢᠶ᠎ᠠ ᠶᠢ ᠨᠢᠭᠡᠨᠲᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠡᠶᠢᠲᠡᠯᠡᠭᠰᠡᠨ ᠠᠩᠬᠠᠨ ᠤ ᠪᠦᠯᠦᠭ ᠤᠨ ᠰᠢᠯᠵᠢᠭᠦᠯᠦᠨ ᠡᠮᠨᠡᠭᠦᠯᠬᠦ | ᠡᠮᠨᠡᠯᠭᠡ ᠶᠢᠨ ᠬᠤᠷᠢᠶ᠎ᠠ ᠶᠢᠨ ᠨᠡᠷᠡᠰ ᠲᠤ ᠣᠷᠣᠭᠤᠯᠪᠠ᠂ ᠳᠠᠭᠠᠳᠬᠠᠯ ᠳᠤ ᠣᠷᠣᠭᠰᠠᠳ ᠥᠪᠡᠷ ᠤᠨ ᠪᠣᠳᠠᠲᠠᠢ ᠪᠠᠶᠢᠳᠠᠯ ᠢᠶᠠᠨ ᠦᠨᠳᠦᠰᠦᠯᠡᠨ ᠣᠶᠢᠷ᠎ᠠ ᠬᠠᠪᠢ ᠳᠠᠭᠠᠨ | ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ ᠰᠢᠯᠵᠢᠭᠦᠯᠦᠨ ᠡᠮᠨᠡᠭᠦᠯᠬᠦ ᠡᠮᠨᠡᠯᠭᠡ ᠶᠢᠨ ᠬᠤᠷᠢᠶ᠎ᠠ ᠶᠢ ᠰᠣᠩᠭᠤᠵᠤ ᠰᠢᠯᠵᠢᠭᠦᠯᠦᠨ ᠡᠮᠨᠡᠭᠦᠯᠬᠦ ᠭᠠᠷᠳᠠᠮ ᠢ | ᠭᠦᠢᠴᠡᠳᠬᠡᠵᠦ ᠪᠣᠯᠣᠨ᠎ᠠ᠃ | | |