ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 5 ᠰᠠᠷ᠎ᠠ ᠶᠢᠨ 12 ᠤᠨ ᠡᠳᠦᠷ ᠤᠨ ᠮᠡᠳᠡᠭᠡ ︵ᠰᠤᠷᠪᠤᠯᠵᠢᠯᠠᠭᠴᠢ ᠡᠸᠤ ᠶᠠᠩ ᠵᠢᠶᠧ︶ ᠤᠯᠤᠰ ᠤᠨ | ᠠᠮᠤ ᠬᠦᠨᠡᠰᠦ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠶᠢᠨ 12 ᠤᠨ ᠡᠳᠦᠷ ᠨᠡᠶᠢᠲᠡᠯᠡᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠄ 2025 ᠣᠨ ᠤ 4 | ᠰᠠᠷ᠎ᠠ ᠶᠢᠨ ᠡᠴᠦᠰ ᠪᠣᠯᠲᠠᠯ᠎ᠠ᠂ 2024 ᠣᠨ ᠤ ᠨᠠᠮᠤᠷ ᠤᠨ ᠠᠮᠤ ᠬᠦᠨᠡᠰᠦ ᠶᠢᠨ ᠪᠤᠷᠤᠯᠠᠭᠤᠯᠭ᠎ᠠ ᠰᠠᠶᠢᠳᠠᠢ ᠤᠯᠠᠷᠢᠯ ᠳᠤ ᠬᠤᠳᠠᠯᠳᠤᠨ ᠠᠪᠬᠤ ᠠᠵᠢᠯ ᠲᠡᠭᠦᠰ | ᠠᠮᠵᠢᠯᠲᠠ ᠲᠠᠢ ᠳᠠᠭᠤᠰᠴᠤ᠂ ᠨᠡᠶᠢᠲᠡ 3.45 ᠳ᠋ᠦᠩᠰᠢᠭᠤᠷ ᠲᠣᠨ ᠨᠠᠮᠤᠷ ᠤᠨ ᠠᠮᠤ ᠬᠦᠨᠡᠰᠦ ᠬᠤᠳᠠᠯᠳᠤᠨ ᠠᠪᠴᠤ᠂ ᠣᠶᠢᠷ᠎ᠠ ᠶᠢᠨ ᠵᠢᠯ ᠤᠨ ᠲᠤᠷᠰᠢᠬᠢ | ᠨᠡᠯᠢᠶᠡᠳ ᠥᠨᠳᠥᠷ ᠲᠦᠪᠰᠢᠨ ᠳᠤ ᠬᠦᠷᠴᠡᠶ᠃ | ᠨᠠᠮᠤᠷ ᠤᠨ ᠠᠮᠤ ᠬᠦᠨᠡᠰᠦ ᠵᠠᠬ᠎ᠠ ᠳᠡᠯᠭᠡᠭᠦᠷ ᠲᠤ ᠭᠠᠷᠤᠭᠰᠠᠨ ᠤ ᠳᠠᠷᠠᠭ᠎ᠠ᠂ ᠤᠯᠤᠰ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠵᠠᠬ᠎ᠠ | ᠳᠡᠯᠭᠡᠭᠦᠷᠴᠢᠯᠡᠨ ᠬᠤᠳᠠᠯᠳᠤᠨ ᠠᠪᠬᠤ ᠪᠠ ᠲᠥᠷᠥ ᠶᠢᠨ ᠪᠣᠳᠣᠯᠭ᠎ᠠ ᠶᠢᠨ ᠴᠢᠨᠠᠷᠲᠠᠶ ᠬᠤᠳᠠᠯᠳᠤᠨ ᠠᠪᠴᠤ ᠨᠥᠭᠡᠴᠡᠯᠡᠬᠦ ᠶᠢ ᠨᠢᠭᠡᠳᠦᠯᠲᠡᠶ ᠲᠦᠯᠦᠪᠵᠢᠭᠦᠯᠵᠦ᠂ ᠵᠠᠬ᠎ᠠ | ᠳᠡᠯᠭᠡᠭᠦᠷ ᠢ ᠬᠢᠨᠠᠨ ᠬᠡᠮᠵᠢᠵᠦ ᠵᠠᠳᠠᠯᠬᠤ ᠶᠢ ᠴᠢᠩᠭᠠᠳᠬᠠᠨ᠂ ᠵᠢᠱᠢᠯᠲᠡ ᠶᠢ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡ ᠪᠠᠷ ᠬᠡᠷᠡᠭᠯᠡᠨ ᠲᠠᠷᠢᠶᠠᠴᠢᠳ ᠤᠨ ᠠᠮᠤ ᠬᠦᠨᠡᠰᠦ ᠬᠤᠳᠠᠯᠳᠤᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠨᠠᠮᠤᠷ ᠤᠨ ᠠᠮᠤ ᠬᠦᠨᠡᠰᠦ ᠬᠤᠳᠠᠯᠳᠤᠨ | ᠠᠪᠬᠤ ᠵᠠᠬ᠎ᠠ ᠳᠡᠯᠭᠡᠭᠦᠷ ᠬᠥᠭᠵᠢᠶᠡᠨᠲᠡᠶ ᠪᠣᠯᠵᠣ᠂ ᠠᠬᠢᠴᠠ ᠨᠢ ᠨᠡᠯᠢᠶᠡᠳ ᠲᠦᠷᠭᠡᠨ ᠪᠣᠯᠵᠣ᠂ ᠦᠨ᠎ᠡ ᠬᠠᠩᠰᠢ ᠨᠢ ᠰᠠᠶᠢᠵᠢᠷᠠᠬᠤ ᠬᠠᠨᠳᠤᠰᠢ ᠲᠠᠢ ᠪᠣᠯᠪᠠ᠃ | ᠤᠯᠤᠰ ᠤᠨ ᠠᠮᠤ ᠬᠦᠨᠡᠰᠦ ᠪᠠ ᠡᠳ᠋ ᠪᠣᠳᠠᠰ ᠨᠥᠭᠡᠴᠡᠯᠡᠬᠦ ᠲᠣᠪᠴᠢᠶᠠᠨ ᠤ ᠠᠮᠤ ᠬᠦᠨᠡᠰᠦ ᠨᠥᠭᠡᠴᠡᠯᠡᠬᠦ ᠵᠤᠷᠭᠠᠨ ᠤ ᠳᠠᠷᠤᠭ᠎ᠠ ᠯᠦᠸᠧ ᠱᠸᠤ ᠴᠢᠤᠸᠠᠨ | ᠬᠡᠯᠡᠭᠦ ᠳᠡᠭᠡᠨ᠂ ᠤᠯᠤᠰ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠴᠠᠭ ᠲᠤᠨᠢ ᠲᠣᠬᠢᠷᠠᠭᠤᠯᠤᠨ | ᠰᠤᠳᠤᠯᠤᠨ ᠨᠡᠶᠢᠲᠡᠯᠡᠵᠦ᠂ ᠬᠤᠳᠠᠯᠳᠤᠨ ᠠᠪᠴᠤ ᠨᠥᠭᠡᠴᠡᠯᠡᠬᠦ ᠡᠷᠴᠢᠮ ᠢᠶᠠᠨ ᠴᠢᠩᠭᠠᠷᠠᠭᠤᠯᠤᠨ᠂ ᠵᠠᠬ᠎ᠠ ᠳᠡᠯᠭᠡᠭᠦᠷ ᠤᠨ ᠢᠲᠡᠭᠡᠯ ᠢ ᠬᠥᠪᠴᠢᠯᠡᠵᠦ᠂ ᠠᠮᠤ | ᠪᠤᠳᠠᠭᠠᠨ ᠤ ᠦᠨ᠎ᠡ ᠬᠠᠩᠰᠢ ᠶᠢᠨ ᠲᠣᠭᠲᠠᠪᠤᠷᠢᠵᠢᠨ ᠳᠠᠬᠢᠨ ᠳᠡᠭᠡᠭᠰᠢᠯᠡᠬᠦ ᠶᠢ ᠠᠬᠢᠭᠤᠯᠵᠠᠢ᠃ ᠨᠠᠮᠤᠷ ᠤᠨ ᠠᠮᠤ ᠬᠦᠨᠡᠰᠦ ᠬᠤᠳᠠᠯᠳᠤᠨ ᠠᠪᠬᠤ ᠠᠬᠢᠴᠠ ᠨᠢᠳᠤᠨᠤᠨ ᠤ | ᠬᠢ ᠠᠴᠠ ᠲᠦᠷᠭᠡᠨ ᠪᠣᠯᠪᠠ᠂ ᠡᠭᠦᠯᠳᠡᠷ ᠬᠤᠪᠢᠶᠠᠵᠤ ᠦᠵᠡᠪᠡᠯ᠂ ᠳᠤᠮᠳᠠ ᠣᠷᠣᠶ ᠶᠢᠨ ᠵᠥᠭᠡᠯᠡᠨ ᠲᠤᠲᠤᠷᠭ᠎ᠠ ᠶᠢ 6000 ᠲᠦᠮᠡᠨ ᠲᠣᠨ᠂ ᠲᠤᠲᠤᠷᠭ᠎ᠠ ᠶᠢ | 4500 ᠲᠦᠮᠡᠨ ᠲᠣᠨ᠂ ᠡᠷᠳᠡᠨᠢ ᠰᠢᠰᠢ ᠶᠢ 2.27 ᠳ᠋ᠦᠩᠰᠢᠭᠤᠷ ᠲᠣᠨ᠂ ᠰᠢᠷ᠎ᠠ ᠪᠤᠷᠴᠠᠭ ᠢ 1300 ᠲᠦᠮᠡᠨ ᠲᠣᠨ ᠬᠤᠳᠠᠯᠳᠤᠨ ᠠᠪᠴᠠᠶ ᠭᠡᠪᠡ᠃ | ᠲᠠᠨᠢᠯᠴᠠᠭᠤᠯᠤᠭᠰᠠᠨ ᠢᠶᠠᠷ᠂ ᠮᠠᠨ ᠤ ᠤᠯᠤᠰ ᠤᠨ ᠨᠠᠮᠤᠷ ᠤᠨ ᠠᠮᠤ ᠬᠦᠨᠡᠰᠦ ᠬᠤᠳᠠᠯᠳᠤᠨ ᠠᠪᠬᠤ ᠳᠤ ᠭᠤᠣᠯᠳᠠᠭᠤ ᠳᠤᠮᠳᠠ ᠣᠷᠣᠶ ᠶᠢᠨ ᠲᠤᠲᠤᠷᠭ᠎ᠠ᠂ | ᠡᠷᠳᠡᠨᠢ ᠰᠢᠰᠢ ᠪᠠ ᠰᠢᠷ᠎ᠠ ᠪᠤᠷᠴᠠᠭ ᠪᠠᠭᠲᠠᠨ᠎ᠠ᠂ ᠪᠤᠷᠤᠯᠠᠭᠤᠯᠭ᠎ᠠ ᠰᠠᠶᠢᠳᠠᠢ ᠤᠯᠠᠷᠢᠯ ᠤᠨ ᠬᠤᠳᠠᠯᠳᠤᠨ ᠠᠪᠬᠤ ᠬᠤᠭᠤᠴᠠᠭ᠎ᠠ ᠨᠢ ᠲᠤᠰ ᠵᠢᠯ ᠤᠨ 9 ᠰᠠᠷ᠎ᠠ ᠶᠢᠨ | ᠬᠤᠷᠢᠳ ᠠᠴᠠ ᠡᠬᠢᠯᠡᠵᠦ᠂ ᠢᠷᠡᠬᠦ ᠵᠢᠯ ᠤᠨ 4 ᠰᠠᠷ᠎ᠠ ᠶᠢᠨ ᠰᠡᠭᠦᠯᠴᠢ ᠪᠠᠷ ᠳᠠᠭᠤᠰᠤᠨ᠎ᠠ᠃ ᠨᠠᠮᠤᠷ ᠤᠨ ᠠᠮᠤ ᠬᠦᠨᠡᠰᠦ ᠬᠤᠳᠠᠯᠳᠤᠨ ᠠᠪᠬᠤ ᠬᠡᠮᠵᠢᠶ᠎ᠡ ᠨᠢ ᠪᠦᠬᠦ | ᠵᠢᠯ ᠤᠨ ᠠᠮᠤ ᠬᠦᠨᠡᠰᠦ ᠬᠤᠳᠠᠯᠳᠤᠨ ᠠᠪᠬᠤ ᠬᠡᠮᠵᠢᠶ᠎ᠡ ᠶᠢᠨ 3/4 ᠣᠷᠴᠢᠮ ᠢ ᠡᠵᠡᠯᠡᠵᠦ᠂ ᠲᠥᠷᠥᠯ ᠵᠦᠢᠯ ᠣᠯᠠᠨ᠂ ᠬᠡᠪᠴᠢᠶ᠎ᠡ ᠨᠢ ᠥᠷᠭᠡᠨ᠂ ᠲᠤᠭ᠎ᠠ ᠬᠡᠮᠵᠢᠶ᠎ᠡ ᠨᠢ | ᠶᠡᠭᠡ ᠪᠠᠶᠢᠵᠤ᠂ ᠪᠦᠬᠦ ᠵᠢᠯ ᠤᠨ ᠠᠮᠤ ᠬᠦᠨᠡᠰᠦ ᠬᠤᠳᠠᠯᠳᠤᠨ ᠠᠪᠬᠤ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠤᠨ᠎ᠠ᠃ | ᠣᠳᠣᠬᠠᠨ ᠳᠤ᠂ ᠵᠤᠨ ᠤ ᠠᠮᠤ ᠪᠤᠳᠠᠭᠠᠨ ᠤ ᠦᠢᠯᠡᠳᠪᠦᠷᠢᠯᠡᠯ ᠤᠨ ᠪᠠᠶᠢᠳᠠᠯ ᠶᠡᠷᠦᠩᠬᠡᠶ ᠳᠡᠭᠡᠨ ᠨᠡᠯᠢᠶᠡᠳ ᠰᠠᠶᠢᠨ ᠪᠠᠶᠢᠵᠤ᠂ ᠪᠤᠭᠤᠳᠠᠶ᠂ ᠰᠢᠯᠢᠮᠳᠡᠭ ᠤᠨ | ᠦᠷ᠎ᠡ ᠶᠢ ᠤᠳᠠᠯ ᠦᠭᠡᠶ ᠡᠮᠦᠨ᠎ᠡ ᠠᠴᠠ ᠤᠮᠠᠷᠠᠰᠢ ᠬᠠᠳᠤᠵᠤ ᠬᠤᠷᠢᠶᠠᠨ ᠵᠠᠬ᠎ᠠ ᠳᠤ ᠭᠠᠷᠭᠠᠬᠤ ᠪᠣᠯᠤᠨ᠎ᠠ᠃ ᠵᠤᠨ ᠤ ᠠᠮᠤ ᠬᠦᠨᠡᠰᠦ ᠬᠤᠳᠠᠯᠳᠤᠨ ᠠᠪᠬᠤ ᠡᠯ᠎ᠡ | ᠵᠦᠢᠯ ᠤᠨ ᠪᠡᠯᠡᠳᠬᠡᠯ ᠠᠵᠢᠯ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ |