- ᠥᠪᠥᠷ ᠮᠣᠩᠭᠤᠯ ᠤᠨ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠭᠡᠷᠯᠡᠭᠦᠯᠬᠦ ᠠᠰᠠᠭᠤᠳᠠᠯ ᠢ ᠰᠢᠢᠳᠪᠦᠷᠢᠯᠡᠵᠦ ᠪᠦᠬᠦᠢ ᠰᠢᠨ᠎ᠡ | ᠦᠢᠯᠡᠳᠦᠯᠭᠡ ︵ᠳᠣᠣᠷᠠᠳᠤ︶ | | | ᠥᠪᠥᠷ ᠮᠣᠩᠭᠤᠯ ᠤᠨ ᠡᠨᠡ ᠬᠦ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠨᠤᠲᠤᠭ ᠳᠡᠪᠢᠰᠬᠡᠷ ᠳᠡᠭᠡᠷ᠎ᠡ ᠠᠮᠢ ᠠᠬᠤᠢ ᠶᠢᠨ ᠬᠠᠮᠠᠭᠠᠯᠠᠯᠲᠠ ᠪᠣᠯᠣᠨ | ᠠᠵᠤ ᠦᠢᠯᠡᠰ ᠤᠨ ᠬᠥᠭᠵᠢᠯᠲᠡ ᠳᠤ ᠬᠤᠯᠪᠣᠭᠳᠠᠭᠰᠠᠨ ᠨᠢᠭᠡ ᠤᠳᠠᠭ᠎ᠠ ᠶᠢᠨ ᠭᠦᠨᠵᠡᠭᠡᠢ ᠬᠤᠪᠢᠰᠤᠯᠲᠠ ᠶᠠᠭ ᠶᠠᠪᠤᠭᠳᠠᠵᠤ ᠪᠤᠢ᠄ ᠪᠡᠯᠴᠢᠭᠡᠷ ᠤᠨ ᠳᠠᠭᠠᠭᠠᠴᠠ ᠠᠴᠠ | ᠬᠡᠲᠦᠷᠡᠲᠡᠯ᠎ᠡ ᠪᠡᠯᠴᠢᠭᠡᠷᠯᠡᠭᠦᠯᠬᠦ ᠠᠰᠠᠭᠤᠳᠠᠯ ᠢ ᠰᠢᠢᠳᠪᠦᠷᠢᠯᠡᠬᠦ 17 ᠲᠤᠷᠰᠢᠯᠲᠠ ᠶᠢᠨ ᠴᠡᠭ ᠤᠨ ᠬᠤᠰᠢᠭᠤ ᠰᠢᠶᠠᠨ ᠳᠤ ᠵᠦᠷᠢᠶᠡᠴᠢᠯᠡᠭᠰᠡᠨ ᠵᠠᠰᠠᠯᠲᠠ ᠶᠢᠨ ᠲᠥᠰᠥᠯ | ᠢ ᠬᠡᠷᠡᠭᠵᠢᠭᠦᠯᠵᠦ᠂ ︽ᠨᠢᠭᠡ ᠭᠠᠵᠠᠷ ᠲᠤ ᠨᠢᠭᠡ ᠲᠦᠷᠦ ᠶᠢᠨ ᠪᠣᠳᠣᠯᠭ᠎ᠠ ᠬᠡᠷᠡᠭᠵᠢᠭᠦᠯᠬᠦ︾ ᠤᠨᠤᠪᠴᠢᠲᠠᠢ ᠵᠠᠰᠠᠯᠲᠠ ᠶᠢᠨ ᠰᠢᠰᠲ᠋ᠧᠮ ᠢ ᠪᠦᠷᠢᠯᠳᠦᠭᠦᠯᠪᠡ; ᠪᠡᠯᠴᠢᠭᠡᠷ | ᠤᠨ ᠮᠠᠯ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠦᠭᠰᠡᠨ 10 ᠵᠦᠢᠯ ᠤᠨ ᠨᠡᠶᠢᠲᠡᠯᠢᠭ ᠵᠠᠭᠪᠤᠷ ᠢ ᠪᠣᠯᠪᠠᠰᠤᠷᠠᠭᠤᠯᠤᠨ ᠳᠡᠯᠭᠡᠷᠡᠭᠦᠯᠵᠦ᠂ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠤ ᠣᠯᠠᠨ ᠡᠰᠢᠵᠢᠭᠰᠡᠨ ᠰᠢᠢᠳᠪᠦᠷᠢᠯᠡᠬᠦ ᠲᠥᠰᠥᠯ ᠢ ᠬᠠᠩᠭᠠᠪᠠ; ᠲᠡᠵᠢᠭᠡᠨ ᠦᠷᠡᠵᠢᠭᠦᠯᠬᠦ ᠵᠠᠭᠪᠤᠷ ᠤᠨ | ᠰᠢᠨᠡᠴᠢᠯᠡᠯᠲᠡ ᠶᠢ ᠲᠦᠷᠭᠡᠳᠬᠡᠵᠦ᠂ ᠤᠯᠠᠮᠵᠢᠯᠠᠯᠲᠤ ᠮᠠᠶ᠋ᠢᠭ ᠤᠨ ᠪᠡᠯᠴᠢᠭᠡᠷᠯᠡᠭᠦᠯᠬᠦ ᠠᠷᠭ᠎ᠠ ᠶᠢ ᠣᠳᠣᠬᠢᠴᠢᠯᠠᠭᠰᠠᠨ ᠬᠠᠰᠢᠶᠠᠯᠠᠨ ᠲᠡᠵᠢᠭᠡᠬᠦ ᠵᠦᠭ ᠬᠤᠪᠢᠷᠠᠭᠤᠯᠬᠤ ᠶᠢ | ᠠᠬᠢᠭᠤᠯᠪᠠ᠃ | ᠨᠠᠷᠢᠯᠢᠭ ᠲᠡᠵᠢᠭᠡᠨ ᠦᠷᠡᠵᠢᠭᠦᠯᠬᠦ ᠪᠠᠷ ᠪᠣᠬᠢᠷᠳᠤᠯ ᠦᠭᠡᠢ ᠠᠮᠢ ᠠᠬᠤᠢ ᠶᠢ ᠠᠬᠢᠭᠤᠯᠵᠤ᠂ ᠪᠦᠭᠦ ᠬᠡᠯᠬᠢᠶᠡᠨ ᠤ ᠪᠠᠶᠢᠷᠢᠰᠢᠭᠤᠯᠤᠯᠲᠠ ᠪᠠᠷ ᠠᠵᠤ ᠦᠢᠯᠡᠰ | ᠤᠨ ᠳᠡᠰ ᠳᠡᠪᠰᠢᠬᠦ ᠶᠢ ᠠᠬᠢᠭᠤᠯᠤᠨ᠎ᠠ᠃ ᠣᠶᠢᠷ᠎ᠠ ᠳᠤ ᠰᠤᠷᠪᠤᠯᠵᠢᠯᠠᠬᠴᠢ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ᠂ ᠡᠳ᠋ᠰᠢᠭᠦᠯᠦᠨ ᠪᠤᠯᠪᠠᠰᠤᠷᠠᠭᠤᠯᠬᠤ ᠠᠵᠤ | ᠠᠬᠤᠶᠢᠯᠠᠯ᠂ ᠲᠠᠷᠢᠶᠠᠨ ᠭᠠᠵᠠᠷ ᠲᠤ ᠬᠦᠷᠴᠦ᠂ ᠲᠠᠯ᠎ᠠ ᠨᠤᠲᠤᠭ ᠲᠤ ᠶᠠᠪᠤᠭᠳᠠᠵᠤ ᠪᠠᠶᠢᠭ᠎ᠠ ᠭᠦᠨᠵᠡᠭᠡᠢ ᠬᠤᠪᠢᠰᠤᠯᠲᠠ ᠶᠢ ᠣᠶᠢᠯᠠᠭᠠᠵᠤ᠂ ᠥᠪᠥᠷ ᠮᠣᠩᠭᠤᠯ ᠤᠨ | ᠪᠡᠯᠴᠢᠭᠡᠷ ᠤᠨ ᠮᠠᠯ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠣᠳᠣᠬᠢᠴᠢᠯᠠᠯᠲᠠ ᠶᠢᠨ ᠵᠠᠮ ᠢ ᠰᠤᠷᠪᠤᠯᠵᠢᠯᠠᠪᠠ᠃ | ᠪᠣᠬᠢᠷᠳᠤᠯ ᠦᠭᠡᠢ ᠬᠥᠭᠵᠢᠯᠲᠡ ᠶᠢᠨ ᠠᠬᠤᠢ ᠪᠠᠶᠢᠳᠠᠯ ᠳᠠᠬᠢ ᠲᠡᠵᠢᠭᠡᠨ ᠦᠷᠡᠵᠢᠭᠦᠯᠬᠦ ᠵᠠᠭᠪᠤᠷ ᠤᠨ ᠰᠢᠨᠡᠴᠢᠯᠡᠯᠲᠡ | ᠭᠦᠭᠡᠬᠤᠲᠠ ᠶᠢᠨ ᠦᠴᠦᠸᠠᠨ ᠰᠢᠶᠠᠨ ᠤ ᠤᠳᠤ ᠦᠶ᠎ᠡ ᠶᠢᠨ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠲᠡᠵᠢᠭᠡᠪᠦᠷᠢ ᠶᠢᠨ | ᠬᠦᠷᠢᠶᠡᠯᠡᠩ ᠲᠣᠭᠤᠷᠢᠭ ᠲᠤ ᠬᠥᠬᠡ ᠣᠷᠣᠢ ᠴᠠᠭᠠᠨ ᠬᠡᠷᠡᠮ ᠲᠠᠢ ᠪᠠᠷᠢᠮᠵᠢᠶᠠᠵᠢᠭᠰᠠᠨ ᠲᠡᠵᠢᠭᠡᠪᠦᠷᠢ ᠶᠢᠨ ᠬᠠᠰᠢᠶ᠎ᠠ ᠰᠠᠷᠠᠪᠴᠢ᠂ ᠪᠣᠷᠳᠤᠭ᠎ᠠ ᠡᠳ᠋ᠰᠢᠭᠦᠯᠬᠦ ᠲᠠᠰᠤᠭ᠂ | ᠡᠪᠡᠰᠦᠨ ᠬᠥᠮᠥᠷᠭᠡ ᠲᠡᠷᠢ ᠲᠡᠭᠰᠢ ᠬᠠᠷᠠᠭᠳᠠᠨ᠎ᠠ᠃ | ᠠᠳᠡ ᠭᠡᠭᠡᠯ ᠲᠠᠢ ᠡᠮ᠎ᠡ ᠬᠤᠨᠢ ᠶᠢ ᠬᠠᠰᠢᠶᠠᠯᠠᠨ ᠬᠠᠮᠢᠶᠠᠷᠴᠤ ᠨᠠᠷᠢᠯᠢᠭᠵᠢᠭᠤᠯᠤᠨ ᠲᠡᠵᠢᠭᠡᠨ ᠦᠷᠡᠵᠢᠭᠦᠯᠬᠦ ᠵᠠᠭᠪᠤᠷ ᠢ ᠬᠡᠷᠡᠭᠵᠢᠭᠦᠯᠵᠦ᠂ ᠢᠬᠡᠷ᠎ᠡ ᠭᠡᠭᠡᠯ | ᠲᠠᠢ ᠡᠮ᠎ᠡ ᠬᠤᠨᠢ ᠪᠠ ᠭᠤᠷᠪᠠᠨ ᠭᠡᠭᠡᠯ ᠲᠠᠢ ᠡᠮ᠎ᠡ ᠬᠤᠨᠢ ᠶᠢ ᠬᠠᠰᠢᠶᠠᠯᠠᠨ ᠲᠡᠵᠢᠭᠡᠵᠦ᠂ ᠵᠦᠷᠢᠶᠡᠴᠢᠯᠡᠭᠰᠡᠨ ᠬᠠᠰᠢᠶ᠎ᠠ ᠰᠠᠷᠠᠪᠴᠢ᠂ ᠪᠣᠷᠳᠤᠭ᠎ᠠ ᠲᠣᠬᠢᠷᠠᠭᠤᠯᠤᠨ ᠥᠭᠴᠦ᠂ | ᠣᠯᠠᠨ ᠭᠡᠭᠡᠯ ᠲᠠᠢ ᠡᠮ᠎ᠡ ᠬᠤᠨᠢ ᠶᠢ ᠡᠷᠡᠭᠦᠯ ᠢᠶᠠᠷ ᠦᠷᠡᠵᠢᠭᠦᠯᠦᠨ ᠪᠣᠶᠢᠵᠢᠭᠤᠯᠬᠤ ᠶᠢ ᠪᠠᠲᠤᠯᠠᠵᠤ ᠪᠤᠢ᠃ ᠬᠠᠰᠢᠶ᠎ᠠ ᠬᠤᠪᠢᠶᠠᠵᠤ ᠬᠠᠮᠢᠶᠠᠷᠬᠤ ᠨᠢ ︽ᠨᠠᠷᠢᠯᠢᠭ | ᠲᠡᠵᠢᠭᠡᠬᠦ︾ ᠣᠶᠢᠯᠠᠭᠠᠭᠳᠠᠬᠤᠨ ᠢ ᠲᠡᠵᠢᠭᠡᠨ ᠦᠷᠡᠵᠢᠭᠦᠯᠬᠦ ᠪᠦᠭᠦ ᠶᠠᠪᠤᠴᠠ ᠳᠤ ᠲᠤᠭᠤᠰᠢᠯᠠᠭᠤᠯᠬᠤ ᠪᠣᠳᠠᠲᠠᠢ ᠦᠢᠯᠡᠳᠦᠯᠭᠡ ᠪᠣᠯᠣᠨ᠎ᠠ᠃ ︽ᠬᠦᠷᠢᠶᠡᠯᠡᠩ ᠲᠣᠭᠤᠷᠢᠭ | ᠲᠤ ᠭᠤᠣᠯᠳᠠᠭᠤ ᠣᠯᠠᠨ ᠭᠡᠭᠡᠯ ᠲᠠᠢ᠂ ᠥᠰᠦᠯᠲᠡ ᠨᠢ ᠲᠦᠷᠭᠡᠨ ᠬᠤ᠋ ᠶᠠᠩ ᠬᠤᠨᠢ ᠶᠢ ᠲᠡᠵᠢᠭᠡᠨ ᠦᠷᠡᠵᠢᠭᠦᠯᠵᠦ᠂ ︿ᠲᠥᠪ ᠦᠢᠯᠡᠳᠭᠡᠪᠦᠷᠢ﹀ ᠶᠢᠨ ᠭᠡᠯᠪᠡᠷᠢ ᠪᠠᠷ | ᠪᠣᠷᠳᠤᠭ᠎ᠠ ᠲᠣᠬᠢᠷᠠᠭᠤᠯᠵᠤ᠂ ᠢᠬᠡᠷ᠎ᠡ ᠭᠡᠭᠡᠯ ᠲᠠᠢ ᠬᠤᠨᠢᠨ ᠤ ᠪᠣᠷᠳᠤᠭ᠎ᠠ ᠨᠢ ᠪᠣᠷᠣ ᠴᠠᠷᠭᠠᠰᠤ ᠬᠥᠬᠡ ᠳᠠᠷᠤᠰᠢ᠂ ᠡᠷᠳᠡᠨᠢ ᠰᠢᠰᠢ ᠶᠢᠨ ᠡᠰᠢ ᠰᠦᠷᠡᠯ ᠵᠢᠴᠢ ᠪᠡᠯᠡᠳᠬᠡᠯ | ᠬᠤᠯᠢᠮᠠᠭ ᠮᠠᠲ᠋ᠧᠷᠢᠶᠠᠯ ᠵᠡᠷᠭᠡ ᠶᠢ ᠪᠠᠭᠲᠠᠭᠠᠭᠰᠠᠨ ᠣᠨᠴᠠ ᠦᠢᠯᠡᠳᠦᠭᠰᠡᠨ ᠡᠮ᠎ᠡ ᠬᠤᠨᠢᠨ ᠤ ᠨᠠᠷᠢᠯᠢᠭ ᠪᠣᠷᠳᠤᠭ᠎ᠠ ᠪᠣᠯᠣᠨ᠎ᠠ᠃ ᠭᠡᠭᠡᠯ ᠤᠨ ᠪᠤᠶᠢᠵᠢᠯᠲᠠ ᠶᠢ ᠪᠠᠲᠤᠯᠠᠬᠤ | ᠶᠢᠨ ᠬᠠᠮᠲᠤ ᠡᠮ᠎ᠡ ᠬᠤᠨᠢᠨ ᠤ ᠪᠡᠶ᠎ᠡ ᠶᠢᠨ ᠪᠠᠶᠢᠳᠠᠯ ᠤᠨ ᠲᠡᠩᠴᠡᠭᠦᠷᠢ ᠶᠢ ᠪᠠᠲᠤᠯᠠᠨ᠎ᠠ; ᠭᠤᠷᠪᠠᠨ ᠭᠡᠭᠡᠯ ᠲᠠᠢ ᠡᠮ᠎ᠡ ᠬᠤᠨᠢ ᠰᠢᠮ᠎ᠡ ᠲᠡᠵᠢᠭᠡᠯ ᠨᠠᠩ ᠶᠡᠭᠡ | ᠬᠡᠷᠡᠭᠰᠡᠵᠦ᠂ ᠲᠡᠵᠢᠭᠡᠯ ᠪᠣᠷᠳᠤᠭ᠎ᠠ ᠶᠢ ︿ᠣᠨᠴᠠ ᠦᠢᠯᠡᠳᠦᠭᠰᠡᠨ ᠡᠮ᠎ᠡ ᠬᠤᠨᠢᠨ ᠤ ᠨᠠᠷᠢᠯᠢᠭ ᠪᠣᠷᠳᠤᠭ᠎ᠠ + ᠣᠨᠴᠠ ᠦᠢᠯᠡᠳᠦᠭᠰᠡᠨ ᠡᠮ᠎ᠡ ᠬᠤᠨᠢᠨ ᠤ | ᠥᠳᠬᠡᠷᠡᠭᠦᠯᠦᠭᠰᠡᠨ ᠪᠣᠷᠳᠤᠭ᠎ᠠ﹀ ᠶᠢᠨ ᠨᠠᠷᠢᠯᠢᠭ ᠨᠠᠶᠢᠷᠠᠯᠭ᠎ᠠ ᠪᠠᠷ ᠲᠠᠰ ᠳᠡᠪᠰᠢᠭᠦᠯᠵᠦ᠂ ᠤᠭᠤᠷᠠᠭ ᠤᠨ ᠬᠡᠮᠵᠢᠶ᠎ᠡ ᠶᠢ ᠣᠯᠠᠨ ᠭᠡᠭᠡᠯ ᠲᠠᠢ ᠡᠮ᠎ᠡ ᠬᠤᠨᠢᠨ ᠤ ᠬᠡᠷᠡᠭᠴᠡᠭᠡ | ᠶᠢ ᠬᠠᠩᠭᠠᠬᠤ ᠶᠢ ᠪᠠᠲᠤᠯᠠᠨ᠎ᠠ︾ ᠭᠡᠵᠦ ᠥᠪᠥᠷ ᠮᠣᠩᠭᠤᠯ ᠤᠨ ᠯᠦ ᠴᠤᠸᠠᠨ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ | ᠤᠨ ᠬᠥᠭᠵᠢᠯᠲᠡ ᠶᠢᠨ ᠬᠢᠵᠠᠭᠠᠷᠲᠤ ᠺᠤᠮᠫᠠᠨᠢ ᠶᠢᠨ ᠦᠢᠯᠡᠳᠪᠦᠷᠢᠯᠡᠯ ᠤᠨ ᠳᠡᠳ᠋ ᠶᠡᠷᠦᠩᠬᠡᠢ ᠳᠠᠭᠠᠭᠠᠮᠠᠯ ᠭᠦᠸᠧ ᠰᠢᠶᠣᠣ ᠺᠠᠢ ᠬᠡᠯᠡᠪᠡ᠃ | ᠡᠨᠡ ᠬᠦ 800 ᠮᠦ ᠲᠠᠯᠠᠪᠠᠢ ᠲᠠᠢ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠲᠠᠯᠠᠪᠠᠢ ᠳᠤ ᠣᠶᠤᠨᠴᠢᠯᠠᠭᠰᠠᠨ᠂ ᠠᠮᠢ ᠠᠬᠤᠢ ᠶᠢᠨ ᠲᠡᠵᠢᠭᠡᠨ | ᠦᠷᠡᠵᠢᠭᠦᠯᠬᠦ ᠲᠠᠯᠠᠪᠠᠢ ᠭᠠᠵᠠᠷ ᠰᠠᠢ ᠦᠭᠡᠢ ᠬᠠᠷᠠᠭᠳᠠᠨ᠎ᠠ᠃ ᠬᠤᠨᠢᠨ ᠬᠠᠰᠢᠶ᠎ᠠ ᠶᠢᠨ ᠳᠣᠣᠷᠠᠬᠢ ᠠᠦ᠋ᠲ᠋ᠣᠴᠢᠯᠠᠭᠰᠠᠨ ᠬᠤᠷᠭᠤᠯ ᠠᠷᠢᠯᠭᠠᠬᠤ ᠮᠠᠰᠢᠨ ᠡᠳᠦᠷ ᠪᠦᠷᠢ | ᠲᠣᠭᠲᠠᠭᠰᠠᠨ ᠴᠠᠭ ᠲᠤ ᠬᠤᠷᠭᠤᠯ ᠢ ᠴᠡᠪᠡᠷᠯᠡᠵᠦ᠂ ᠣᠨᠴᠠᠭᠠᠶ ᠲᠣᠬᠢᠷᠠᠭᠤᠯᠤᠭᠰᠠᠨ ︽ᠲᠤᠰᠠᠯᠠᠬᠤ ᠢᠳᠡᠭᠡᠨ︾ ᠢ ᠲᠤᠰ ᠲᠤᠨᠢ ᠲᠠᠯᠪᠢᠵᠤ ᠬᠠᠭᠠᠰ ᠰᠠᠷ᠎ᠠ ᠶᠢᠨ | ᠳᠠᠷᠠᠭᠠᠬᠢ ᠬᠤᠷᠠᠭ᠎ᠠ ᠶᠢᠨ ᠴᠠᠭ ᠲᠤᠬᠠᠢ ᠳᠤᠨᠢ ᠰᠢᠮ᠎ᠡ ᠲᠡᠵᠢᠭᠡᠯ ᠨᠥᠬᠦᠪᠦᠷᠢᠯᠡᠬᠦ ᠶᠢ ᠬᠠᠩᠭᠠᠵᠤ᠂ ᠲᠣᠭᠲᠠᠮᠠᠯ ᠳᠤᠯᠠᠭᠠᠨᠲᠤ ᠤᠰᠤᠨ ᠣᠩᠭᠤᠴᠠ 10 ᠭᠷᠡᠳᠦ᠋ᠰ | ᠣᠷᠴᠢᠮ ᠤᠨ ᠪᠦᠯᠢᠶᠡᠨ ᠤᠰᠤ ᠶᠢ 24 ᠴᠠᠭ ᠢᠶᠠᠷ ᠬᠠᠩᠭᠠᠨ᠎ᠠ᠃ ︽ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠣᠳᠣᠬᠠᠨ ᠳᠤ ᠨᠢᠭᠡᠨᠲᠡ 43 | ᠪᠠᠷᠢᠮᠵᠢᠶᠠᠵᠢᠭᠰᠠᠨ ᠬᠠᠰᠢᠶ᠎ᠠ ᠰᠠᠷᠠᠪᠴᠢ᠂ 3.5 ᠲᠦᠮᠡᠨ ᠬᠤᠨᠢ ᠲᠡᠵᠢᠭᠡᠨ ᠦᠷᠡᠵᠢᠭᠦᠯᠵᠦ ᠪᠤᠢ᠃ ᠲᠥᠷᠥᠯ ᠵᠦᠢᠯ ᠤᠨ ᠲᠥᠬᠦᠷᠵᠢᠭᠦᠯᠦᠭᠰᠡᠨ ᠨᠢᠲᠤᠯᠵᠤ ᠨᠠᠷᠢᠯᠢᠭ | ᠡᠳ᠋ᠰᠢᠭᠦᠯᠬᠦ ᠲᠥᠷᠥᠯ ᠵᠦᠢᠯ ᠤᠨ ᠪᠠᠷᠢᠯᠭ᠎ᠠ ᠶᠢᠨ ᠲᠠᠯᠠᠪᠠᠶ 2.4 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠵᠢᠯ ᠳᠤ | 100 ᠲᠦᠮᠡᠨ ᠮᠢᠬᠠᠨ ᠤ ᠬᠤᠨᠢ ᠨᠢᠲᠤᠯᠵᠤ᠂ 2 ᠲᠦᠮᠡᠨ ᠲᠣᠨ ᠰᠢᠨ᠎ᠡ ᠰᠣᠷᠭᠤᠭ ᠬᠤᠨᠢᠨ ᠮᠢᠬ᠎ᠠ ᠦᠢᠯᠡᠳᠪᠦᠷᠢᠯᠡᠵᠦ ᠲᠡᠶᠢᠯᠦᠨ᠎ᠡ︾ ᠭᠡᠵᠦ ᠦᠴᠦᠸᠠᠨ ᠰᠢᠶᠠᠨ ᠤ | ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠣᠪᠴᠢᠶᠠᠨ ᠤ ᠮᠠᠯ ᠠᠵᠤ ᠠᠬᠤᠢ ᠮᠠᠯ ᠡᠮᠨᠡᠯᠭᠡ ᠶᠢᠨ ᠲᠠᠰᠤᠭ ᠤᠨ ᠳᠠᠷᠤᠭ᠎ᠠ | ᠵᠠᠩ ᠮᠧᠢ ᠴᠢᠨ ᠬᠡᠯᠡᠪᠡ᠃ | ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠲᠠᠯ᠎ᠠ ᠨᠤᠲᠤᠭ ᠪᠣᠯ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢᠨ ᠪᠦᠷᠢᠯᠳᠦᠭᠦᠨ ᠬᠡᠰᠡᠭ ᠪᠤᠯᠬᠤ ᠪᠥᠭᠡᠳ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ ᠡᠯᠪᠡᠭ ᠪᠠᠶᠠᠯᠢᠭ ᠦᠢᠯᠡᠳᠪᠦᠷᠢᠯᠡᠯ ᠤᠨ ᠬᠡᠷᠡᠭᠰᠡᠯ ᠬᠠᠩᠭᠠᠭᠰᠠᠨ ᠪᠠᠶᠢᠨ᠎ᠠ᠃ ᠥᠷᠭᠡᠨ ᠠᠭᠤᠳᠠᠮ | ᠲᠠᠯ᠎ᠠ ᠨᠤᠲᠤᠭ ᠮᠠᠨ ᠤ ᠣᠷᠣᠨ ᠤ ᠦᠬᠡᠷ ᠤᠨ ᠮᠢᠬ᠎ᠠ᠂ ᠬᠤᠨᠢᠨ ᠮᠢᠬ᠎ᠠ᠂ ᠦᠨᠢᠶᠡᠨ ᠰᠦ᠂ ᠢᠮᠠᠭᠠᠨ ᠨᠣᠣᠯᠣᠭᠤᠷ ᠤᠨ ᠭᠠᠷᠤᠯᠲᠠ ᠵᠡᠷᠭᠡ 4 ᠵᠦᠢᠯ ᠪᠦᠭᠦ ᠤᠯᠤᠰ ᠲᠤ | ᠲᠡᠷᠢᠭᠦᠯᠡᠬᠦ ᠳᠤ ᠬᠦᠴᠦᠨ ᠨᠡᠮᠡᠷᠢᠯᠡᠵᠦ᠂ ᠰᠦ ᠮᠢᠬ᠎ᠠ ᠲᠥᠮᠥᠰᠥ ᠨᠣᠣᠯᠣᠭᠤᠷ ᠵᠡᠷᠭᠡ 7 ᠵᠦᠢᠯ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ | ᠦᠢᠯᠡᠳᠬᠦᠨ ᠤ ᠥᠷᠲᠡᠭ 7000 ᠳ᠋ᠦᠩᠰᠢᠭᠤᠷ ᠲᠥᠭᠦᠷᠢᠭ ᠢ ᠳᠠᠪᠠᠵᠤ᠂ ᠬᠡᠳᠦᠨ ᠵᠠᠭᠤᠨ ᠲᠦᠮᠡᠨ ᠮᠠᠯᠴᠢᠳ ᠤᠨ ᠠᠵᠤ ᠠᠮᠢᠳᠤᠷᠠᠯ ᠢ ᠪᠠᠲᠤᠯᠠᠪᠠ᠃ | ᠣᠶᠢᠷ᠎ᠠ ᠶᠢᠨ ᠵᠢᠯ ᠤᠨ ᠲᠤᠷᠰᠢ ᠥᠪᠥᠷ ᠮᠣᠩᠭᠤᠯ ᠬᠠᠰᠢᠶᠠᠯᠠᠨ ᠲᠡᠵᠢᠭᠡᠬᠦ ᠶᠢ ᠬᠥᠭᠵᠢᠭᠦᠯᠬᠦ ᠲᠠᠢ ᠤᠶᠠᠯᠳᠤᠭᠤᠯᠤᠨ᠂ ᠠᠮᠢᠳᠤᠷᠠᠯ ᠦᠢᠯᠡᠳᠪᠦᠷᠢᠯᠡᠯ ᠢ | ᠰᠠᠯᠭᠠᠬᠤ᠂ ᠲᠥᠪᠯᠡᠷᠡᠭᠦᠯᠦᠨ ᠪᠦᠲᠦᠭᠡᠨ ᠪᠠᠶᠢᠭᠤᠯᠬᠤ᠂ ᠣᠶᠤᠨᠴᠢ ᠪᠠᠷ ᠲᠡᠵᠢᠭᠡᠨ ᠦᠷᠡᠵᠢᠭᠦᠯᠬᠦ ᠵᠠᠷᠴᠢᠮ ᠶᠣᠰᠣᠭᠠᠷ ᠲᠡᠵᠢᠭᠡᠨ ᠦᠷᠡᠵᠢᠭᠦᠯᠬᠦ ᠬᠠᠰᠢᠶ᠎ᠠ ᠰᠠᠷᠠᠪᠴᠢ᠂ | ᠲᠡᠵᠢᠭᠡᠯ ᠡᠪᠡᠰᠦ ᠪᠣᠷᠳᠤᠭ᠎ᠠ ᠶᠢ ᠬᠤᠷᠢᠶᠠᠵᠤ ᠨᠥᠭᠡᠴᠡᠯᠡᠨ ᠡᠳ᠋ᠰᠢᠭᠦᠯᠬᠦ᠂ ᠨᠠᠷᠢᠯᠢᠭ ᠣᠨᠣᠴᠠᠲᠠᠢ ᠪᠠᠷ ᠲᠡᠵᠢᠭᠡᠨ ᠠᠷᠠᠴᠢᠯᠠᠬᠤ᠂ ᠣᠷᠴᠢᠨ ᠲᠣᠭᠤᠷᠢᠨ ᠢ ᠡᠵᠡᠮᠳᠡᠬᠦ ᠪᠠ | ᠢᠯᠭᠠᠳᠠᠰᠤ ᠶᠢ ᠰᠢᠢᠳᠪᠦᠷᠢᠯᠡᠬᠦ ᠵᠡᠷᠭᠡ ᠭᠤᠭᠴᠤᠭ᠎ᠠ ᠶᠢᠨ ᠲᠥᠬᠦᠭᠡᠷᠦᠮᠵᠢ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠡᠷᠴᠢᠮᠵᠢᠭᠦᠯᠦᠨ ᠲᠡᠵᠢᠭᠡᠨ | ᠦᠷᠡᠵᠢᠭᠦᠯᠬᠦ ᠬᠤᠷᠠᠮᠠᠯ ᠮᠡᠷᠭᠡᠵᠢᠯ ᠤᠨ ᠵᠠᠭᠪᠤᠷ ᠢ ᠳᠡᠯᠭᠡᠷᠡᠭᠦᠯᠦᠨ᠂ ᠨᠢᠭᠡ ᠪᠦᠯᠦᠭ ᠥᠨᠳᠥᠷ ᠪᠠᠷᠢᠮᠵᠢᠶᠠᠲᠤ ᠫᠧᠩ ᠬᠤᠷᠤᠭ᠎ᠠ ᠪᠠ ᠲᠡᠵᠢᠭᠡᠨ ᠦᠷᠡᠵᠢᠭᠦᠯᠬᠦ | ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠪᠠ᠃ | ︽2024 ᠣᠨ ᠳᠤ ᠮᠠᠨ ᠤ ᠣᠷᠣᠨ 17 ᠬᠤᠰᠢᠭᠤ ᠰᠢᠶᠠᠨ ᠳᠤ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠭᠡᠷᠯᠡᠭᠦᠯᠬᠦ ᠠᠰᠠᠭᠤᠳᠠᠯ ᠢ | ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠠᠵᠢᠯᠯᠠᠭ᠎ᠠ ᠥᠷᠨᠢᠭᠦᠯᠵᠦ᠂ 2025 ᠣᠨ ᠳᠤ ᠲᠣᠰ ᠠᠵᠢᠯ ᠢ ᠪᠦᠭᠦ ᠲᠠᠯ᠎ᠠ ᠪᠠᠷ ᠥᠷᠨᠢᠭᠦᠯᠵᠦ ᠡᠬᠢᠯᠡᠪᠡ᠃ ᠪᠦᠭᠦ | ᠣᠷᠣᠨ ᠤ ᠡᠯ᠎ᠡ ᠭᠠᠵᠠᠷ ᠤᠨ ᠬᠢᠨ ᠲᠤᠬᠠᠢ ᠶᠢᠨ ᠭᠠᠵᠠᠷ ᠤᠨ ᠡᠬᠢ ᠪᠠᠶᠠᠯᠢᠭ ᠤᠨ ᠨᠥᠬᠦᠴᠡᠯ ᠪᠣᠯᠣᠨ ᠠᠵᠤ ᠦᠢᠯᠡᠰ ᠤᠨ ᠰᠠᠭᠤᠷᠢ ᠨᠥᠬᠦᠴᠡᠯ ᠳᠡᠭᠡᠨ ᠰᠠᠭᠤᠷᠢᠯᠠᠨ | ᠲᠤᠰ ᠲᠤᠰ ᠤᠨ ᠣᠨᠴᠠᠯᠢᠭ ᠪᠦᠬᠦᠢ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠭᠡᠷᠯᠡᠭᠦᠯᠬᠦ ᠠᠰᠠᠭᠤᠳᠠᠯ ᠢ ᠰᠢᠢᠳᠪᠦᠷᠢᠯᠡᠬᠦ ᠬᠡᠪ ᠵᠠᠭᠪᠤᠷ ᠢ ᠬᠠᠶᠢᠨ | ᠰᠦᠪᠡᠭᠴᠢᠯᠡᠵᠦ ᠪᠠᠶᠢᠨ᠎ᠠ᠃ ᠮᠠᠯᠵᠢᠬᠤ ᠣᠷᠣᠨ ᠢᠶᠠᠷ ᠭᠤᠣᠯ ᠪᠤᠯᠭᠠᠬᠰᠠᠨ ᠭᠠᠵᠠᠷ ᠣᠷᠣᠨ ᠳᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠬᠠᠰᠢᠶᠠᠯᠠᠨ | ᠲᠡᠵᠢᠭᠡᠵᠦ ᠬᠠᠭᠠᠰ ᠬᠠᠰᠢᠶᠠᠯᠠᠨ ᠲᠡᠵᠢᠭᠡᠬᠦ ᠶᠢ ᠭᠡᠷᠡᠭᠵᠢᠭᠦᠯᠪᠡ; ᠮᠠᠯ ᠠᠵᠤ ᠠᠬᠤᠢ ᠲᠠᠷᠢᠶᠠᠯᠠᠩ ᠰᠣᠯᠪᠢᠴᠠᠭᠰᠠᠨ ᠪᠦᠰᠡ ᠪᠠᠷ ᠭᠤᠣᠯ ᠪᠤᠯᠭᠠᠬᠰᠠᠨ ᠭᠠᠵᠠᠷ | ᠣᠷᠣᠨ ᠳᠤ ︿ᠮᠠᠯᠵᠢᠬᠤ ᠣᠷᠣᠨ ᠦᠷᠡᠵᠢᠭᠦᠯᠦᠨ ᠪᠣᠶᠢᠵᠢᠭᠤᠯᠵᠤ ᠲᠠᠷᠢᠶᠠᠯᠠᠬᠤ ᠣᠷᠣᠨ ᠲᠡᠵᠢᠭᠡᠨ ᠪᠣᠷᠳᠣᠬᠤ﹀ ᠪᠠ ︿ᠡᠷᠦᠭᠡ ᠦᠷᠡᠵᠢᠭᠦᠯᠦᠨ ᠪᠣᠶᠢᠵᠢᠭᠤᠯᠬᠤ ᠠᠵᠤ | ᠠᠬᠤᠶᠢᠯᠠᠯ ᠲᠡᠵᠢᠭᠡᠨ ᠪᠣᠷᠳᠣᠬᠤ﹀ ᠶᠢ ᠭᠡᠷᠡᠭᠵᠢᠭᠦᠯᠪᠡ; ᠲᠠᠷᠢᠶᠠᠯᠠᠬᠤ ᠣᠷᠣᠨ ᠢᠶᠠᠷ ᠭᠤᠣᠯ ᠪᠤᠯᠭᠠᠬᠰᠠᠨ ᠭᠠᠵᠠᠷ ᠣᠷᠣᠨ ᠳᠤ ᠬᠥᠬᠡ ᠳᠠᠷᠤᠰᠢ ᠶᠢᠨ ᠡᠷᠳᠡᠨᠢ ᠰᠢᠰᠢ | ᠪᠠ ᠴᠢᠨᠠᠷ ᠰᠠᠶᠢᠲᠠᠢ ᠲᠡᠵᠢᠭᠡᠯ ᠡᠪᠡᠰᠦ ᠲᠠᠷᠢᠬᠤ ᠶᠢ ᠬᠥᠭᠵᠢᠭᠦᠯᠵᠦ᠂ ᠪᠠᠷᠢᠮᠵᠢᠶᠠᠵᠢᠭᠤᠯᠤᠨ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠶᠢ ᠬᠡᠷᠡᠭᠵᠢᠭᠦᠯᠪᠡ︾ ᠭᠡᠵᠦ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠮᠠᠯ ᠠᠵᠤ ᠠᠬᠤᠢ ᠶᠢᠨ | ᠲᠣᠪᠴᠢᠶᠠᠨ ᠤ ᠳᠠᠷᠤᠭ᠎ᠠ ᠬᠤᠩ ᠬᠠᠢ ᠬᠡᠯᠡᠪᠡ᠃ | ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠭᠦ ᠪᠠ ᠵᠠᠭᠪᠤᠷ ᠤᠨ ᠰᠢᠨ᠎ᠡ ᠶᠢ ᠡᠭᠦᠳᠬᠦ ᠬᠤᠣᠰ ᠴᠢᠭᠯᠡᠯᠲᠦ ᠴᠢᠷᠮᠠᠶᠢᠯᠭ᠎ᠠ ᠳᠣᠣᠷ᠎ᠠ ᠬᠠᠭᠤᠯᠪᠤᠷᠢᠯᠠᠵᠤ | ᠪᠤᠯᠬᠤ᠂ ᠳᠡᠯᠭᠡᠷᠡᠭᠦᠯᠵᠦ ᠪᠤᠯᠬᠤ ᠨᠢᠭᠡ ᠪᠦᠯᠦᠭ ᠰᠢᠨ᠎ᠡ ᠭᠡᠯᠪᠡᠷᠢ ᠶᠢᠨ ᠲᠡᠵᠢᠭᠡᠨ ᠦᠷᠡᠵᠢᠭᠦᠯᠬᠦ ᠵᠠᠭᠪᠤᠷ ᠴᠣᠯᠭᠤᠷᠠᠨ ᠭᠠᠷᠴᠤ᠂ ᠭᠡᠯᠪᠡᠷᠢ ᠪᠠᠨ ᠬᠤᠪᠢᠷᠠᠭᠤᠯᠤᠭᠰᠠᠨ | ᠨᠠᠩ ᠣᠯᠠᠨ ᠥᠯᠢᠭᠡᠷ ᠶᠠᠭ ᠪᠦᠭᠦ ᠣᠷᠣᠨ ᠤ ᠡᠯ᠎ᠡ ᠭᠠᠵᠠᠷ ᠲᠤ ᠢᠯᠡᠷᠡᠵᠦ ᠪᠠᠶᠢᠨ᠎ᠠ᠃ ᠤᠯᠠᠭᠠᠨᠬᠠᠳᠠ ᠬᠤᠲᠠ ᠵᠣᠣ ᠤᠳᠠ ᠶᠢᠨ ᠮᠢᠬᠠᠨ ᠤ ᠬᠤᠨᠢ᠂ ᠬᠠᠨ ᠠᠭᠤᠯᠠ | ᠶᠢᠨ ᠴᠠᠭᠠᠨ ᠨᠣᠣᠯᠣᠭᠤᠷᠲᠤ ᠢᠮᠠᠭ᠎ᠠ ᠵᠡᠷᠭᠡ ᠰᠢᠯᠢᠳᠡᠭ ᠡᠭᠦᠯᠳᠡᠷ ᠤᠨ ᠮᠠᠯ ᠢ ᠭᠤᠣᠯᠳᠠᠯᠭ᠎ᠠ ᠲᠠᠢ ᠲᠠᠨᠢᠯᠴᠠᠭᠤᠯᠬᠤ ᠡᠭᠦᠯᠳᠡᠷ ᠪᠤᠯᠭᠠᠵᠤ᠂ ᠰᠠᠭᠤᠷᠢ ᠡᠬᠡ ᠮᠠᠯ ᠤᠨ | ᠰᠦᠷᠦᠭ ᠢ ᠥᠷᠭᠡᠳᠬᠡᠨ ᠴᠢᠨᠠᠷ ᠢ ᠨᠢ ᠳᠡᠭᠡᠭᠰᠢᠯᠡᠭᠦᠯᠭᠦ᠂ ᠮᠢᠬᠠᠨ ᠤ ᠦᠬᠡᠷ ᠤᠨ ᠡᠭᠦᠯᠳᠡᠷ ᠢ ᠰᠠᠶᠢᠵᠢᠷᠠᠭᠤᠯᠬᠤ᠂ ᠮᠢᠬᠠᠨ ᠤ ᠬᠤᠨᠢᠨ ᠤ ᠰᠠᠶᠢᠨ ᠡᠭᠦᠯᠳᠡᠷ ᠢ | ᠦᠷᠡᠵᠢᠭᠦᠯᠦᠨ ᠪᠣᠶᠢᠵᠢᠭᠤᠯᠬᠤ ᠵᠡᠷᠭᠡ ᠲᠥᠷᠥᠯ ᠵᠦᠢᠯ ᠤᠨ ᠳᠡᠮᠵᠢᠯᠭᠡ ᠶᠢ ᠴᠢᠷᠮᠠᠶᠢᠨ ᠣᠯᠵᠤ᠂ ᠰᠢᠯᠢᠳᠡᠭ ᠡᠭᠦᠯᠳᠡᠷ ᠤᠨ ᠮᠢᠬᠠᠨ ᠤ ᠬᠤᠨᠢᠨ ᠤ ᠴᠡᠪᠡᠷ ᠡᠭᠦᠯᠳᠡᠷ ᠢ | ᠥᠷᠭᠡᠳᠬᠡᠨ ᠦᠷᠡᠵᠢᠭᠦᠯᠬᠦ ᠮᠡᠷᠭᠡᠵᠢᠯ ᠢ ᠳᠡᠯᠭᠡᠷᠡᠭᠦᠯᠦᠨ᠂ ᠮᠠᠯ ᠰᠦᠷᠦᠭ ᠤᠨ ᠪᠦᠲᠦᠴᠡ ᠶᠢ ᠬᠦᠴᠦᠯᠡᠨ ᠰᠢᠯᠢᠳᠡᠭᠵᠢᠭᠦᠯᠵᠦ᠂ ᠮᠢᠬᠠᠨ ᠤ ᠦᠬᠡᠷ ᠮᠢᠬᠠᠨ ᠤ ᠬᠤᠨᠢᠨ ᠤ | ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ ᠪᠠᠶᠢᠨ᠎ᠠ᠃ | ᠪᠠᠶᠠᠨᠨᠠᠭᠤᠷ ᠬᠤᠲᠠ ᠶᠢᠨ ︽ᠬᠦᠢᠲᠡᠨ ᠤᠯᠠᠷᠢᠯ ᠳᠤ ᠣᠨᠳᠣᠣ ᠭᠠᠵᠠᠷ ᠲᠤ ᠲᠡᠵᠢᠭᠡᠨ ᠦᠷᠡᠵᠢᠭᠦᠯᠬᠦ ᠵᠠᠭᠪᠤᠷ︾ ᠨᠢ ᠮᠠᠯᠵᠢᠬᠤ ᠣᠷᠣᠨ ᠤ ᠮᠠᠯ ᠲᠡᠵᠢᠭᠡᠪᠦᠷᠢ | ᠶᠢᠨ ᠡᠪᠦᠯ ᠬᠠᠪᠤᠷ ᠡᠪᠡᠰᠦ ᠪᠣᠷᠳᠤᠭ᠎ᠠ ᠳᠤᠲᠠᠭᠳᠠᠬᠤ ᠠᠰᠠᠭᠤᠳᠠᠯ ᠢ ᠰᠢᠢᠳᠪᠦᠷᠢᠯᠡᠬᠦ ︽ᠠᠯᠲᠠᠨ ᠲᠦᠯᠬᠢᠭᠦᠷ︾ ᠪᠣᠯᠵᠠᠢ᠃ ᠲᠤᠰ ᠵᠠᠭᠪᠤᠷ ᠨᠢ ᠮᠠᠯᠵᠢᠬᠤ ᠣᠷᠣᠨ | ᠪᠣᠯᠣᠨ ᠲᠠᠷᠢᠶᠠᠯᠠᠬᠤ ᠣᠷᠣᠨ ᠢ ᠵᠣᠯᠭᠠᠭᠤᠯᠬᠤ ᠪᠠᠷ ᠰᠠᠭᠤᠷᠢ ᠪᠤᠯᠭᠠᠵᠤ᠂ ᠭᠠᠴᠠᠭ᠎ᠠ ᠠᠴᠠ ᠠᠶᠢᠯ ᠲᠣᠰᠬᠤᠨ ᠳᠤ᠂ ᠮᠠᠯᠴᠢᠨ ᠡᠷᠦᠭᠡ ᠠᠴᠠ ᠲᠠᠷᠢᠶᠠᠴᠢᠨ ᠡᠷᠦᠭᠡ ᠳᠤ | ᠬᠠᠮᠲᠤᠷᠠᠯᠴᠠᠭ᠎ᠠ ᠬᠢᠵᠦ ᠬᠠᠷᠢᠯᠴᠠᠨ ᠨᠥᠬᠦᠪᠦᠷᠢᠯᠡᠬᠦ ᠠᠷᠭ᠎ᠠ ᠭᠡᠯᠪᠡᠷᠢ ᠪᠠᠷ ᠮᠠᠯᠵᠢᠬᠤ ᠣᠷᠣᠨ ᠤ ᠮᠠᠯ ᠤᠨ ᠡᠪᠦᠯ ᠬᠠᠪᠤᠷ ᠤᠨ ᠡᠪᠡᠰᠦ ᠪᠣᠷᠳᠤᠭ᠎ᠠ ᠳᠤᠲᠠᠭᠳᠠᠬᠤ | ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠦᠭᠡᠢ ᠪᠠᠰᠠ ᠲᠠᠷᠢᠶᠠᠯᠠᠬᠤ ᠣᠷᠣᠨ ᠤ ᠡᠰᠢ ᠰᠦᠷᠡᠯ ᠵᠡᠷᠭᠡ ᠡᠬᠢ ᠪᠠᠶᠠᠯᠢᠭ ᠢ ᠪᠦᠲᠦᠮᠵᠢᠲᠡᠶ ᠠᠰᠢᠭᠯᠠᠵᠠᠢ᠃ | ᠮᠠᠨ ᠤ ᠣᠷᠣᠨ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠡᠯᠴᠢᠭᠡᠷ ᠢᠶᠠᠷ ᠮᠠᠯ ᠢᠶᠠᠨ ᠲᠣᠭᠲᠠᠭᠠᠬᠤ ᠶᠢ ᠪᠠᠷᠢᠮᠲᠠᠯᠠᠵᠤ᠂ ᠮᠠᠯᠵᠢᠬᠤ ᠣᠷᠣᠨ ᠤ | ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠭᠡᠯᠪᠡᠷᠢ ᠶᠢ ᠲᠦᠷᠭᠡᠳᠬᠡᠨ ᠬᠤᠪᠢᠷᠠᠭᠤᠯᠵᠤ᠂ ᠠᠮᠢ ᠠᠬᠤᠢ ᠶᠢ ᠬᠠᠮᠠᠭᠠᠯᠠᠬᠤ᠂ ᠠᠵᠤ ᠦᠢᠯᠡᠰ ᠤᠨ ᠭᠡᠯᠪᠡᠷᠢ ᠪᠠᠨ | ᠬᠤᠪᠢᠷᠠᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠵᠤ᠂ ᠮᠠᠯ ᠠᠵᠤ ᠠᠬᠤᠢ ᠶᠢᠨ ᠪᠦᠭᠦ | ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠵᠠᠢ᠃ | ᠠᠵᠤ ᠦᠢᠯᠡᠰ ᠤᠨ ᠠᠭᠤᠰᠤᠯᠴᠠᠯ ᠤᠨ ᠠᠬᠤᠢ ᠪᠠᠶᠢᠳᠠᠯ ᠳᠠᠬᠢ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠦᠢᠯᠡᠳᠦᠯᠭᠡ | ᠪᠠᠶᠠᠨᠨᠠᠭᠤᠷ ᠬᠤᠲᠠ ᠳᠤ ᠪᠠᠶᠢᠷᠢᠯᠠᠵᠤ ᠪᠠᠶᠢᠭ᠎ᠠ ᠥᠪᠥᠷ ᠮᠣᠩᠭᠤᠯ ᠤᠨ ᠹᠦ᠋ ᠵᠢᠶᠠᠨ ᠶᠤᠸᠠᠨ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠤᠮᠫᠠᠨᠢ ᠶᠢᠨ ᠦᠢᠯᠡᠳᠪᠦᠷᠢ ᠶᠢᠨ ᠲᠠᠰᠤᠭ ᠲᠤ ᠬᠤᠨᠢᠨ ᠰᠡᠭᠦᠯ ᠤᠨ ᠲᠣᠰᠣ ᠶᠢ ᠬᠤᠨᠢᠨ ᠰᠡᠭᠦᠯ ᠤᠨ ᠲᠣᠰᠣᠨ ᠤ ᠰᠠᠪᠤᠩ᠂ ᠰᠢᠮ᠎ᠡ ᠲᠡᠵᠢᠭᠡᠯᠲᠦ ᠨᠢᠭᠤᠷ ᠤᠨ ᠲᠣᠰᠣ | ᠵᠡᠷᠭᠡ ᠡᠳᠦᠷ ᠲᠤᠲᠤᠮ ᠤᠨ ᠠᠮᠢᠳᠤᠷᠠᠯ ᠤᠨ ᠬᠡᠷᠡᠭᠯᠡᠭᠡᠨ ᠤ ᠦᠢᠯᠡᠳᠬᠦᠨ ᠪᠣᠯᠭᠠᠨ ᠬᠤᠪᠢᠷᠠᠭᠤᠯᠵᠤ ᠪᠤᠢ᠃ ᠡᠲᠡᠭᠡᠷ ᠦᠢᠯᠡᠳᠬᠦᠨ ᠨᠢ ᠳᠤᠮᠳᠠ ᠬᠤᠭᠤᠴᠠᠭᠠᠨ ᠤ | ᠲᠤᠷᠰᠢᠨ ᠭᠡᠷᠡᠴᠢᠯᠡᠬᠦ ᠱᠠᠲᠤᠨ ᠳᠤ ᠪᠠᠶᠢᠵᠤ᠂ ᠨᠢᠭᠡᠨᠲᠡ ᠪᠠᠭ᠎ᠠ ᠬᠡᠮᠵᠢᠶᠡᠨ ᠤ ᠵᠠᠬᠢᠶᠠᠯᠠᠭ᠎ᠠ ᠪᠠᠷ ᠪᠠᠷᠠᠭ᠎ᠠ ᠪᠠᠨ ᠵᠠᠬ᠎ᠠ ᠳᠡᠯᠭᠡᠭᠦᠷ ᠲᠤ ᠭᠠᠷᠭᠠᠵᠤ ᠪᠤᠢ᠃ | ︽ᠮᠠᠨ ᠤ ᠺᠤᠮᠫᠠᠨᠢ ᠪᠣᠯᠣᠨ ᠵᠢᠶᠠᠩᠨᠠᠨ ᠶᠡᠭᠡ ᠰᠤᠷᠭᠠᠭᠤᠯᠢ ᠶᠢᠨ ᠢᠳᠡᠭᠡᠨ ᠤ ᠳᠡᠭᠡᠳᠦ ᠰᠤᠷᠭᠠᠭᠤᠯᠢ ᠬᠠᠮᠲᠤ ᠪᠠᠷ ᠢᠳᠡᠰᠢᠨ ᠲᠣᠰᠣ ︵ᠬᠤᠨᠢᠨ ᠲᠣᠰᠣ︶ ᠶᠢ | ᠲᠣᠭᠲᠠᠪᠤᠷᠢᠵᠢᠭᠤᠯᠬᠤ ᠪᠠ ᠥᠨᠳᠥᠷ ᠪᠦᠲᠦᠮᠵᠢᠲᠡᠶ ᠠᠰᠢᠭᠯᠠᠬᠤ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠵᠡᠢ᠃ ᠪᠢᠳᠡ ᠲᠣᠰ ᠮᠡᠷᠭᠡᠵᠢᠯ ᠢ ᠠᠰᠢᠭᠯᠠᠨ | ᠬᠤᠨᠢᠨ ᠰᠡᠭᠦᠯ ᠤᠨ ᠲᠣᠰᠣ ᠶᠢ ᠦᠨᠦᠷ ᠥᠩᠭᠡ ᠦᠭᠡᠶᠢᠳᠡᠭᠦᠯᠬᠦ ᠪᠠ ᠠᠰᠢᠭᠲᠤ ᠪᠦᠷᠢᠯᠳᠦᠭᠦᠨ ᠢ ᠭᠠᠷᠭᠠᠨ ᠠᠪᠴᠤ᠂ ᠬᠤᠨᠢᠨ ᠰᠡᠭᠦᠯ ᠤᠨ ᠨᠢᠭᠤᠷ ᠤᠨ ᠲᠣᠰᠣ᠂ | ᠭᠠᠷ ᠤᠨ ᠲᠣᠰᠣ ᠵᠡᠷᠭᠡ ᠭᠤᠶᠣᠯᠠᠯ ᠤᠨ ᠡᠳ᠋ ᠢ ᠰᠤᠳᠤᠯᠤᠨ ᠦᠢᠯᠡᠳᠴᠡᠢ᠃ 1 ᠬᠤᠨᠢᠨ ᠤ ᠰᠡᠭᠦᠯ ᠤᠨ ᠬᠦᠨᠳᠦ ᠨᠢ 3 ᠵᠢᠩ ᠣᠷᠴᠢᠮ᠂ ᠥᠪᠡᠷ ᠤᠨ ᠥᠷᠲᠡᠭ ᠨᠢ | ᠪᠠᠷᠤᠭ 18 ᠲᠥᠭᠦᠷᠢᠭ ᠬᠦᠷᠴᠦ ᠪᠠᠶᠢᠨ᠎ᠠ᠃ ᠣᠲᠣ ᠭᠤᠶᠣᠯᠠᠯ ᠤᠨ ᠡᠳ᠋ ᠤᠨ ᠰᠢᠷᠢᠰ ᠪᠦᠲᠦᠭᠡᠭᠳᠡᠬᠦᠨ ᠪᠣᠯᠭᠠᠨ ᠪᠤᠯᠪᠠᠰᠤᠷᠠᠭᠤᠯᠵᠤ᠂ ᠦᠢᠯᠡᠳᠬᠦᠨ ᠤ ᠥᠷᠲᠡᠭ ᠢ | 1500 ᠲᠥᠭᠦᠷᠢᠭ ᠪᠣᠯᠭᠠᠨ ᠳᠡᠭᠡᠭᠰᠢᠯᠡᠭᠦᠯᠵᠦ᠂ 1 ᠬᠤᠨᠢᠨ ᠰᠡᠭᠦᠯ ᠢᠶᠠᠷ 1 ᠬᠤᠨᠢᠨ ᠤ ᠦᠢᠯᠡᠳᠬᠦᠨ ᠤ ᠥᠷᠲᠡᠭ ᠢ ᠪᠦᠲᠦᠭᠡᠭᠰᠡᠨ ᠲᠠᠢ ᠲᠡᠩᠴᠡᠨ᠎ᠡ︾ ᠭᠡᠵᠦ | ᠥᠪᠥᠷ ᠮᠣᠩᠭᠤᠯ ᠤᠨ ᠹᠦ᠋ ᠵᠢᠶᠠᠨ ᠶᠤᠸᠠᠨ ᠢᠳᠡᠭᠡᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠶᠡᠷᠦᠩᠬᠡᠢ ᠵᠠᠬᠢᠷᠤᠭᠴᠢ ᠮᠠ ᠺᠠᠢ | ᠰᠢᠨ ᠬᠡᠯᠡᠪᠡ᠃ | ᠦᠢᠯᠡᠳᠪᠦᠷᠢᠯᠡᠯ ᠤᠨ ᠱᠤᠭᠤᠮ ᠳᠠᠬᠢ ᠬᠤᠨᠢᠨ ᠰᠡᠭᠦᠯ ᠤᠨ ᠲᠣᠰᠣᠨ ᠤ ᠰᠠᠪᠤᠩ ᠨᠢ ᠮᠠᠨ ᠤ ᠣᠷᠣᠨ ᠤ ᠮᠠᠯ ᠠᠵᠤ ᠠᠬᠤᠢ ᠶᠢᠨ ᠬᠡᠯᠬᠢᠶ᠎ᠡ ᠶᠢ | ᠤᠷᠲᠤᠳᠬᠠᠵᠤ ᠬᠡᠯᠬᠢᠶ᠎ᠡ ᠶᠢ ᠨᠥᠬᠦᠪᠦᠷᠢᠯᠡᠬᠦ ᠲᠠᠰ ᠳᠡᠪᠰᠢᠭᠦᠯᠬᠦ ᠠᠷᠭ᠎ᠠ ᠵᠠᠮ ᠢ ᠲᠤᠰᠬᠠᠵᠤ ᠪᠤᠢ᠃ ᠣᠶᠢᠷ᠎ᠠ ᠶᠢᠨ ᠵᠢᠯ ᠤᠨ ᠲᠤᠷᠰᠢ ᠮᠠᠨ ᠤ ᠣᠷᠣᠨ ᠲᠠᠯ᠎ᠠ | ᠨᠤᠲᠤᠭ ᠤᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠤᠯᠪᠠᠰᠤᠷᠠᠭᠤᠯᠬᠤ ᠦᠢᠯᠡᠰ ᠲᠤ ᠦᠷᠭᠦᠯᠵᠢᠯᠡᠨ ᠬᠦᠴᠦᠯᠡᠵᠦ᠂ ᠥᠪᠡᠷ ᠤᠨ ᠪᠠᠶᠢᠭ᠎ᠠ ᠰᠦ ᠶᠢᠨ ᠢᠷᠡᠯᠲᠡ᠂ | ᠦᠬᠡᠷ ᠤᠨ ᠢᠷᠡᠯᠲᠡ᠂ ᠬᠤᠨᠢᠨ ᠤ ᠢᠷᠡᠯᠲᠡ ᠳᠡᠭᠡᠨ ᠲᠦᠰᠢᠭᠯᠡᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠤᠯᠪᠠᠰᠤᠷᠠᠭᠤᠯᠵᠦ᠂ ᠦᠬᠡᠷ ᠬᠤᠨᠢᠨ ᠤ ᠠᠰᠢᠭ ᠰᠢᠮ᠎ᠡ ᠶᠢ | ᠭᠡᠩᠭᠦᠳᠡᠭ ᠠᠴᠠ ᠨᠠᠷᠢᠯᠢᠭᠵᠢᠭᠤᠯᠬᠤ ᠴᠢᠭᠯᠡᠯ ᠲᠡᠶᠢᠰᠢ ᠬᠥᠭᠵᠢᠭᠦᠯᠬᠦ ᠶᠢ ᠠᠬᠢᠭᠤᠯᠵᠤ᠂ ᠠᠵᠤ ᠦᠢᠯᠡᠰ ᠤᠨ ᠱᠤᠭᠤᠮ ᠪᠠ ᠪᠣᠷᠤᠯᠠᠭᠤᠯᠭ᠎ᠠ ᠶᠢᠨ ᠱᠤᠭᠤᠮ ᠢ | ᠪᠠᠶᠠᠯᠢᠭᠵᠢᠭᠤᠯᠤᠨ᠂ ᠠᠷᠠᠰᠤ ᠨᠣᠣᠰᠣ ᠶᠠᠰᠤ ᠴᠢᠰᠤ ᠵᠡᠷᠭᠡ ᠲᠤᠰᠠᠯᠠᠬᠤ ᠪᠦᠲᠦᠭᠡᠭᠳᠡᠬᠦᠨ ᠢ ᠶᠡᠷᠦᠩᠬᠡᠶᠢᠯᠡᠨ ᠡᠳ᠋ᠰᠢᠭᠦᠯᠦᠨ ᠠᠰᠢᠭᠯᠠᠬᠤ ᠶᠢ ᠴᠢᠩᠭᠠᠳᠬᠠᠵᠤ᠂ ᠣᠷᠣᠨ | ᠪᠦᠰᠡ ᠶᠢᠨ ᠡᠬᠢ ᠪᠠᠶᠠᠯᠢᠭ ᠤᠨ ᠳᠠᠪᠠᠭᠤᠯᠢᠭ ᠢ ᠲᠥᠷᠥᠯ ᠲᠡᠮᠳᠡᠭ ᠤᠨ ᠳᠠᠪᠠᠭᠤᠯᠢᠭ ᠪᠠ ᠠᠵᠤ ᠠᠬᠤᠢ ᠶᠢᠨ ᠳᠠᠪᠠᠭᠤᠯᠢᠭ ᠪᠣᠯᠭᠠᠨ ᠲᠠᠰᠤᠷᠠᠯᠲᠠ ᠦᠭᠡᠢ | ᠬᠤᠪᠢᠷᠠᠭᠤᠯᠵᠠᠢ᠃ | ᠠᠵᠤ ᠦᠢᠯᠡᠰ ᠤᠨ ᠠᠭᠤᠰᠤᠯᠴᠠᠯ ᠤᠨ ᠠᠬᠤᠢ ᠪᠠᠶᠢᠳᠠᠯ ᠳᠤ ᠭᠦᠳᠡᠯᠮᠦᠷᠢ ᠬᠦᠴᠦ᠂ ᠭᠠᠵᠠᠷ ᠰᠢᠷᠣᠢ᠂ ᠣᠷᠴᠢᠨ ᠲᠣᠭᠤᠷᠢᠨ ᠪᠣᠯᠣᠨ ᠣᠨᠴᠠᠯᠢᠭᠲᠤ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠵᠡᠷᠭᠡ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠤᠯᠠᠨ ᠡᠰᠢᠵᠢᠭᠰᠡᠨ ᠮᠠᠯ ᠠᠵᠤ ᠠᠬᠤᠢ | ᠲᠠᠷᠢᠶᠠᠯᠠᠩ ᠤᠨ ᠣᠨᠴᠠᠯᠢᠭᠲᠤ ᠠᠵᠤ ᠦᠢᠯᠡᠰ ᠢ ᠢᠳᠡᠪᠬᠢᠲᠡᠢ ᠬᠥᠭᠵᠢᠭᠦᠯᠬᠦ ᠨᠢ ᠥᠪᠥᠷ ᠮᠣᠩᠭᠤᠯ ᠤᠨ ᠮᠠᠯ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠲᠡᠰ | ᠳᠡᠪᠰᠢᠭᠦᠯᠬᠦ ᠬᠠᠮᠲᠤ ᠶᠢᠨ ᠲᠠᠨᠢᠯᠲᠠ ᠪᠣᠯᠵᠠᠢ᠃ | 2024 ᠣᠨ ᠳᠤ ᠮᠠᠨ ᠤ ᠣᠷᠣᠨ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠭᠡᠷᠯᠡᠭᠦᠯᠬᠦ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ | ᠬᠤᠰᠢᠭᠤ ᠰᠢᠶᠠᠨ ᠳᠤ 10 ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠣᠲᠣ ᠦᠶ᠎ᠡ ᠶᠢᠨ ᠠᠵᠤ ᠦᠢᠯᠡᠰ ᠤᠨ ᠬᠦᠷᠢᠶᠡᠯᠡᠩ᠂ 10 ᠣᠨᠴᠠᠯᠢᠭᠲᠤ ᠠᠵᠤ ᠦᠢᠯᠡᠰ ᠤᠨ | ᠬᠦᠷᠢᠶᠡᠯᠡᠩ ᠢ ᠰᠢᠨ᠎ᠡ ᠪᠠᠷ ᠪᠠᠶᠢᠭᠤᠯᠬᠤ ᠶᠢ ᠠᠬᠢᠭᠤᠯᠵᠤ᠂ 220 ᠮᠢᠬ᠎ᠠ ᠰᠦ ᠡᠳ᠋ᠰᠢᠭᠦᠯᠬᠦ ᠵᠢᠵᠢᠭ ᠦᠢᠯᠡᠳᠬᠡᠯ ᠤᠨ ᠭᠠᠵᠠᠷ ᠪᠠᠶᠢᠭᠤᠯᠵᠠᠢ᠃ ᠲᠠᠷᠢᠶᠠᠯᠠᠩ ᠮᠠᠯ ᠠᠵᠤ | ᠠᠬᠤᠢ ᠳᠤ ᠬᠤᠯᠪᠣᠭᠳᠠᠬᠤ ᠡᠳ᠋ᠰᠢᠭᠦᠯᠵᠦ ᠭᠦᠢᠯᠭᠡᠭᠡᠬᠦ ᠠᠵᠤ ᠠᠬᠤᠶᠢᠯᠠᠯ ᠤᠨ ᠨᠢᠭᠡᠳᠦᠭᠡᠷ ᠹᠷᠣᠨᠲ ᠤᠨ ᠬᠤᠲᠠ ᠳᠤ ᠵᠢᠵᠢᠭ ᠬᠥᠮᠥᠷᠭᠡ ᠵᠡᠷᠭᠡ ᠬᠥᠯᠳᠡᠭᠡᠵᠦ | ᠬᠡᠯᠬᠢᠶᠡᠵᠢᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠬᠦ ᠶᠢ ᠤᠯᠠᠮ ᠨᠢᠭᠡ ᠠᠯᠬᠤᠮ ᠵᠣᠷᠢᠭᠵᠢᠭᠤᠯᠵᠤ᠂ ᠮᠠᠯᠵᠢᠬᠤ ᠣᠷᠣᠨ ᠤ ᠨᠠᠷᠢᠯᠢᠭ ᠭᠦᠨᠵᠡᠭᠡᠢ ᠡᠳ᠋ᠰᠢᠭᠦᠯᠬᠦ | ᠳᠠᠭᠠᠭᠤᠯᠤᠭᠴᠢ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠭᠤᠣᠯᠳᠠᠯᠭ᠎ᠠ ᠲᠠᠢ ᠳᠡᠮᠵᠢᠵᠦ᠂ ᠮᠢᠬᠠᠨ ᠤ ᠦᠬᠡᠷ᠂ ᠮᠢᠬᠠᠨ ᠤ ᠬᠤᠨᠢ ᠶᠢ ᠨᠠᠷᠢᠯᠢᠭ | ᠭᠦᠨᠵᠡᠭᠡᠢ ᠡᠳ᠋ᠰᠢᠭᠦᠯᠬᠦ ᠶᠢ ᠬᠥᠭᠵᠢᠭᠦᠯᠦᠨ᠂ ᠲᠡᠵᠢᠭᠡᠨ ᠦᠷᠡᠵᠢᠭᠦᠯᠬᠦ ᠪᠠ ᠪᠣᠷᠣᠯᠠᠭᠤᠯᠬᠤ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠨᠤᠲᠤᠭ | ᠪᠡᠯᠴᠢᠭᠡᠷ ᠤᠨ ᠮᠠᠯ ᠤᠨ ᠠᠰᠢᠭ ᠰᠢᠮ᠎ᠡ ᠶᠢ ᠲᠤᠬᠠᠢ ᠶᠢᠨ ᠭᠠᠵᠠᠷ ᠲᠤᠨᠢ ᠡᠳ᠋ᠰᠢᠭᠦᠯᠵᠦ ᠬᠤᠪᠢᠷᠠᠭᠤᠯᠬᠤ ᠨᠣᠷᠮ᠎ᠠ ᠪᠠ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠡᠳ᠋ᠰᠢᠭᠦᠯᠵᠦ ᠬᠤᠪᠢᠷᠠᠭᠤᠯᠬᠤ ᠦᠢᠯᠡᠰ ᠤᠨ ᠨᠡᠮᠡᠭᠳᠡᠯ ᠥᠷᠲᠡᠭ ᠢ ᠳᠡᠭᠡᠭᠰᠢᠯᠡᠭᠦᠯᠵᠡᠢ᠃ | ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ | ᠬᠦᠷᠢᠶᠡᠯᠡᠩ ᠳᠤ ᠬᠦᠷᠬᠦ ᠳᠤ ᠪᠠᠷᠢᠮᠵᠢᠶᠠᠵᠢᠭᠰᠠᠨ ᠦᠢᠯᠡᠳᠪᠦᠷᠢ ᠶᠢᠨ ᠪᠠᠶᠢᠰᠢᠩ ᠲᠡᠷᠢ ᠲᠡᠭᠰᠢ ᠵᠢᠭᠰᠠᠭᠠᠭᠳᠠᠵᠠᠢ᠃ ᠶᠢᠨ ᠰᠢᠶᠠᠩ ᠰᠦ ᠶᠢᠨ ᠦᠢᠯᠡᠰ ᠤᠨ ᠬᠢᠵᠠᠭᠠᠷᠲᠤ | ᠺᠤᠮᠫᠠᠨᠢ ᠶᠢᠨ ᠡᠳᠦᠷ ᠤᠨ ᠰᠦ ᠶᠢᠨ ᠭᠠᠷᠤᠯᠲᠠ 10 ᠲᠣᠨ ᠳᠤ ᠬᠦᠷᠴᠦ᠂ ᠤᠯᠠᠮᠵᠢᠯᠠᠯᠲᠤ ᠭᠠᠷ ᠤᠷᠠᠯᠠᠯ ᠢ ᠨᠡᠭᠡᠭᠡᠨ ᠬᠥᠭᠵᠢᠭᠦᠯᠬᠦ᠂ ᠳᠡᠯᠭᠡᠷᠡᠭᠦᠯᠬᠦ ᠵᠢᠴᠢ | ᠬᠡᠪᠴᠢᠶᠡᠵᠢᠭᠦᠯᠦᠨ ᠦᠢᠯᠡᠳᠪᠦᠷᠢᠯᠡᠬᠦ᠂ ᠡᠵᠡᠩᠨᠡᠬᠦ ᠪᠠ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠠᠵᠤ ᠠᠬᠤᠶᠢᠯᠠᠯ ᠪᠣᠯᠣᠨ᠎ᠠ᠃ | ︽ᠪᠢᠳᠡ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠰᠤᠳᠤᠯᠤᠨ ᠨᠡᠭᠡᠭᠡᠬᠦ ᠴᠢᠭᠯᠡᠯ ᠤᠨ ᠵᠦᠭᠯᠡᠭᠦᠷ ᠪᠤᠯᠭᠠᠵᠤ᠂ ᠰᠦ ᠶᠢᠨ ᠢᠷᠡᠯᠲᠡ ᠶᠢ ᠨᠠᠷᠢᠨ ᠨᠢᠮᠪᠠᠢ ᠰᠢᠯᠢᠨ | ᠰᠣᠩᠭᠤᠬᠤ ᠠᠴᠠ ᠦᠢᠯᠡᠳᠪᠦᠷᠢᠯᠡᠯ ᠤᠨ ᠤᠷ᠎ᠠ ᠮᠡᠷᠭᠡᠰᠢᠯ ᠢ ᠴᠢᠩᠭ᠎ᠠ ᠡᠵᠡᠮᠳᠡᠬᠦ ᠭᠦᠷᠲᠡᠯ᠎ᠡ ᠠᠯᠢ ᠣᠯᠠᠨ ᠤᠯᠠᠮᠵᠢᠯᠠᠯᠲᠤ ᠦᠨᠦᠷ ᠠᠮᠲᠠ ᠪᠠ ᠣᠲᠣ ᠦᠶ᠎ᠡ ᠶᠢᠨ | ᠠᠮᠲᠠ ᠰᠢᠮᠲᠡ ᠪᠦᠬᠦᠢ ᠰᠢᠨ᠎ᠡ ᠦᠢᠯᠡᠳᠬᠦᠨ ᠢ ᠨᠡᠭᠡᠭᠡᠨ ᠬᠥᠭᠵᠢᠭᠦᠯᠵᠡᠢ᠃ ᠡᠭᠦᠨ ᠤ ᠬᠠᠮᠲᠤ᠂ ︿ᠪᠠᠶᠠᠨ ᠲᠣᠬᠤᠮ﹀ ︿ᠲᠠᠯ᠎ᠠ ᠨᠤᠲᠤᠭ ᠤᠨ ᠦᠨᠦᠷ ᠠᠮᠲᠠ﹀ ᠭᠡᠬᠦ | ᠬᠤᠶᠠᠷ ᠲᠠᠸᠠᠷ ᠤᠨ ᠲᠡᠮᠳᠡᠭ ᠢᠶᠠᠨ ᠡᠭᠦᠳᠴᠦ᠂ ᠲᠦᠷᠦᠯ ᠲᠡᠮᠳᠡᠭ ᠤᠨ ᠠᠯᠳᠠᠷᠰᠢᠯ ᠢᠶᠠᠨ ᠳᠡᠭᠡᠭᠰᠢᠯᠡᠭᠦᠯᠵᠦ᠂ ᠨᠡᠩ ᠴᠢᠨᠠᠷ ᠰᠠᠶᠢᠲᠠᠢ ᠦᠢᠯᠡᠳᠬᠦᠨ ᠢᠶᠠᠷ | ᠬᠡᠷᠡᠭᠯᠡᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠵᠠᠬ᠎ᠠ ᠳᠡᠯᠭᠡᠭᠦᠷ ᠤᠨ ᠬᠦᠷᠢᠶᠡᠯᠡᠯ ᠢ ᠣᠯᠵᠠᠢ ᠭᠡᠵᠦ ᠺᠤᠮᠫᠠᠨᠢ ᠶᠢᠨ ᠬᠠᠷᠢᠭᠤᠴᠠᠯᠭᠠᠲᠠᠨ ᠴᠣᠯᠮᠣᠨ | ᠬᠡᠯᠡᠪᠡ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠦᠷᠢᠶᠡᠯᠡᠩ ᠨᠢ ᠴᠠᠭᠠᠨ ᠢᠳᠡᠭᠡᠨ | ᠦᠢᠯᠡᠳᠪᠦᠷᠢᠯᠡᠬᠦ ᠪᠠᠷ ᠪᠠᠷᠠᠬᠤ ᠦᠭᠡᠢ ᠪᠠᠰᠠ ᠪᠣᠷᠣᠯᠠᠭᠤᠯᠬᠤ᠂ ᠰᠢᠯᠭᠠᠨ ᠪᠠᠶᠢᠴᠠᠭᠠᠬᠤ᠂ ᠰᠤᠳᠤᠯᠤᠨ ᠰᠤᠷᠤᠯᠴᠠᠬᠤ᠂ ᠲᠣᠭᠤᠷᠢᠨ ᠦᠵᠡᠬᠦ ᠶᠢ ᠨᠢᠭᠡ | ᠴᠣᠭᠴᠠᠵᠢᠭᠤᠯᠤᠭᠰᠠᠨ ᠤ ᠬᠠᠮᠲᠤ᠂ ᠪᠠᠶᠢᠴᠠᠭᠠᠨ ᠰᠢᠯᠭᠠᠵᠤ ᠬᠢᠨᠠᠨ ᠬᠡᠮᠵᠢᠬᠦ ᠲᠥᠪ᠂ ᠰᠤᠳᠤᠯᠤᠨ ᠰᠤᠷᠤᠯᠴᠠᠬᠤ ᠰᠠᠭᠤᠷᠢᠨ᠂ ᠦᠢᠯᠡᠳᠬᠦᠨ ᠤ ᠳᠡᠯᠭᠡᠨ ᠦᠵᠡᠭᠦᠯᠭᠦ | ᠲᠣᠭᠤᠷᠢᠭ ᠵᠢᠴᠢ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠲᠠᠰᠤᠭ ᠲᠣᠬᠢᠷᠠᠭᠤᠯᠵᠠᠢ᠃ ᠪᠠᠷᠢᠮᠵᠢᠶ᠎ᠠ ᠶᠢ ᠨᠢᠭᠡᠳᠬᠡᠬᠦ᠂ ᠨᠠᠶᠢᠳᠠᠨ ᠪᠤᠯᠪᠠᠰᠤᠷᠠᠭᠤᠯᠬᠤ᠂ ᠲᠦᠷᠦᠯ | ᠲᠡᠮᠳᠡᠭᠲᠦ ᠪᠠᠷ ᠡᠵᠡᠩᠨᠡᠨ ᠪᠣᠷᠣᠯᠠᠭᠤᠯᠬᠤ᠂ ᠲᠠᠷᠢᠶᠠᠯᠠᠩ ᠵᠢᠭᠤᠯᠴᠢᠯᠠᠯ ᠢ ᠠᠭᠤᠰᠤᠯᠴᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠦᠢᠯᠡᠰ ᠤᠨ | ᠪᠦᠲᠦᠴᠡ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠵᠠᠢ᠃ | ᠮᠠᠨ ᠤ ᠣᠷᠣᠨ ᠤ ᠮᠠᠯ ᠠᠵᠤ ᠠᠬᠤᠢ ᠶᠢᠨ ᠲᠠᠰ ᠳᠡᠪᠰᠢᠭᠰᠡᠨ ᠦᠷ᠎ᠡ ᠪᠦᠳᠦᠮᠵᠢ ᠶᠢ ᠦᠵᠡᠪᠡᠯ ᠨᠠᠩ ᠣᠯᠠᠨ ᠪᠠᠶᠠᠷᠯᠠᠭᠤᠰᠢᠲᠠᠢ ᠬᠥᠭᠵᠢᠯᠲᠡ ᠶᠢᠨ | ᠦᠷ᠎ᠡ ᠪᠦᠲᠦᠭᠡᠯ ᠨᠢᠳᠦᠨ ᠡᠮᠦᠨ᠎ᠡ ᠲᠣᠳᠣᠷᠠᠨ᠎ᠠ᠄ 2024 ᠣᠨ ᠳᠤ ᠮᠠᠯ ᠠᠵᠤ ᠠᠬᠤᠢ ᠶᠢᠨ ᠰᠢᠯᠢᠳᠡᠭ ᠡᠭᠦᠯᠳᠡᠷ ᠲᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ | ᠶᠢ ᠨᠠᠶᠢᠳᠠᠪᠤᠷᠢᠵᠢᠭᠤᠯᠵᠤ᠂ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠭᠡᠷᠯᠡᠭᠦᠯᠬᠦ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠬᠤᠰᠢᠭᠤ ᠰᠢᠶᠠᠨ ᠳᠤ | ᠦᠷ᠎ᠡ ᠶᠢᠨ ᠮᠠᠯ ᠤᠨ ᠲᠠᠯᠠᠪᠠᠶ ᠶᠢ 108 ᠪᠠᠶᠢᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠦᠬᠡᠷ ᠬᠤᠨᠢᠨ ᠤ ᠡᠭᠦᠯᠳᠡᠷ ᠪᠣᠶᠢᠵᠢᠭᠤᠯᠬᠤ ᠭᠤᠣᠯ | ᠲᠠᠯᠠᠪᠠᠶ 6 ᠶᠢ ᠪᠠᠶᠢᠭᠤᠯᠵᠤ᠂ ᠭᠠᠴᠠᠭ᠎ᠠ ᠲᠣᠰᠬᠤᠨ ᠤ ᠵᠣᠬᠢᠶᠠᠮᠠᠯ ᠬᠡᠭᠡᠯᠲᠦᠭᠦᠯᠭᠡ ᠶᠢᠨ ᠥᠷᠲᠡᠭᠡ ᠴᠡᠭ ᠤᠨ ᠲᠦᠭᠡᠮᠡᠯᠵᠢᠭᠰᠡᠨ ᠨᠣᠷᠮ᠎ᠠ 80% ᠳᠤ ᠭᠦᠷᠴᠠᠢ; | ᠤᠯᠤᠰ ᠤᠨ ᠡᠪᠡᠰᠦᠨ ᠤ ᠰᠢᠨ᠎ᠡ ᠶᠢ ᠡᠭᠦᠳᠬᠦ ᠲᠥᠪ ᠲᠤ ᠲᠦᠰᠢᠭᠯᠡᠨ ᠮᠠᠯ ᠪᠡᠯᠴᠢᠭᠡᠷ ᠤᠨ ᠰᠢᠯᠢᠳᠡᠭ ᠡᠭᠦᠯᠳᠡᠷ᠂ ᠨᠤᠲᠤᠭ ᠪᠡᠯᠴᠢᠭᠡᠷ ᠢ ᠵᠠᠰᠠᠨ ᠰᠡᠷᠭᠦᠭᠡᠬᠦ᠂ | ᠪᠡᠯᠴᠢᠭᠡᠷᠯᠡᠭᠦᠯᠬᠦ ᠬᠠᠮᠢᠶᠠᠷᠤᠯᠲᠠ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ 6 ᠭᠤᠣᠯᠳᠠᠯᠭ᠎ᠠ ᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ | ᠰᠢᠨ᠎ᠡ ᠪᠠᠷ ᠬᠡᠷᠡᠭᠵᠢᠭᠦᠯᠵᠦ᠂ 13 ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠪᠣᠳᠠᠲᠠᠶᠢᠵᠢᠭᠤᠯᠤᠨ ᠤᠯᠠᠷᠢᠭᠤᠯᠬᠤ ᠶᠢ ᠠᠭᠢᠭᠤᠯᠵᠠᠢ; ᠰᠢᠨ᠎ᠡ | ᠭᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠢᠳᠡᠪᠬᠢᠲᠡᠢ ᠪᠤᠢ ᠪᠣᠯᠭᠠᠨ ᠬᠥᠭᠵᠢᠭᠦᠯᠵᠦ᠂ ᠮᠠᠯᠴᠢᠳ ᠢ ᠳᠠᠶᠢᠴᠢᠯᠠᠨ ᠪᠡᠯᠴᠢᠭᠡᠷ ᠰᠡᠯᠭᠦᠨ ᠮᠠᠯᠵᠢᠬᠤ ᠪᠠ | ᠵᠣᠬᠢᠰᠲᠠᠢ ᠬᠡᠪᠴᠢᠶᠡᠵᠢᠭᠦᠯᠦᠨ ᠡᠵᠡᠩᠨᠡᠬᠦ ᠶᠢ ᠥᠷᠨᠢᠭᠦᠯᠵᠦ᠂ ᠲᠤᠷᠰᠢᠯᠲᠠ ᠶᠢᠨ ᠬᠤᠰᠢᠭᠤ ᠰᠢᠶᠠᠨ ᠤ ᠬᠤᠪᠢᠴᠠᠭᠠᠲᠤ ᠬᠤᠷᠰᠢᠶᠠᠵᠢᠯ᠂ ᠭᠡᠷ ᠪᠦᠯᠢ ᠶᠢᠨ ᠮᠠᠯᠵᠢᠯ ᠤᠨ | ᠲᠠᠯᠠᠪᠠᠢ᠂ ᠬᠤᠯᠪᠣᠭᠠᠲᠤ ᠮᠠᠯᠵᠢᠯ ᠤᠨ ᠲᠠᠯᠠᠪᠠᠢ 3325 ᠨᠡᠮᠡᠭᠳᠡᠵᠦ᠂ 419 ᠣᠶᠤᠨᠴᠢ ᠮᠠᠯᠵᠢᠯ ᠤᠨ ᠲᠠᠯᠠᠪᠠᠢ ᠶᠢ ᠰᠢᠨ᠎ᠡ ᠪᠠᠷ ᠪᠠᠶᠢᠭᠤᠯᠵᠠᠢ᠃ | ᠣᠶᠤᠨᠴᠢ ᠮᠠᠯᠵᠢᠯ ᠤᠨ ᠲᠠᠯᠠᠪᠠᠢ ᠨᠢᠭᠡᠪᠦᠷᠢ ᠨᠢ ᠪᠣᠬᠢᠷᠳᠤᠯ ᠦᠭᠡᠢ ᠬᠥᠭᠵᠢᠯᠲᠡ ᠶᠢᠨ ᠬᠤᠪᠢᠶᠠᠷᠢ ᠪᠠᠶᠢᠵᠤ᠂ ᠨᠠᠷᠢᠯᠢᠭ ᠡᠳ᠋ᠰᠢᠭᠦᠯᠦᠭᠰᠡᠨ ᠦᠢᠯᠡᠳᠬᠦᠨ | ᠨᠢᠭᠡᠪᠦᠷᠢ ᠨᠢ ᠠᠵᠤ ᠦᠢᠯᠡᠰ ᠤᠨ ᠦᠰᠦᠷᠦᠯᠲᠡ ᠶᠢᠨ ᠲᠠᠶᠢᠯᠪᠤᠷᠢ ᠪᠣᠯᠣᠨ᠎ᠠ᠃ ᠮᠠᠨ ᠤ ᠣᠷᠣᠨ ᠡᠮᠦᠨᠡᠬᠢ ᠬᠤᠭᠤᠴᠠᠭᠠᠨ ᠤ ᠲᠡᠵᠢᠭᠡᠨ ᠦᠷᠡᠵᠢᠭᠦᠯᠬᠦ ᠦᠢᠯᠡᠰ ᠤᠨ | ᠭᠡᠯᠪᠡᠷᠢ ᠪᠠᠨ ᠬᠤᠪᠢᠷᠠᠭᠤᠯᠬᠤ᠂ ᠳᠤᠮᠳᠠ ᠬᠤᠭᠤᠴᠠᠭᠠᠨ ᠤ ᠨᠠᠷᠢᠯᠢᠭ ᠡᠳ᠋ᠰᠢᠭᠦᠯᠬᠦ᠂ ᠰᠡᠭᠦᠯᠴᠢ ᠶᠢᠨ ᠬᠤᠭᠤᠴᠠᠭᠠᠨ ᠤ ᠡᠵᠡᠩᠨᠡᠨ ᠪᠣᠷᠣᠯᠠᠭᠤᠯᠤᠯᠲᠠ ᠶᠢ ᠳᠡᠯᠭᠡᠷᠡᠭᠦᠯᠬᠦ | ᠣᠯᠠᠨ ᠲᠠᠯᠠᠲᠤ ᠬᠥᠭᠵᠢᠯᠲᠡ ᠶᠢᠨ ᠠᠷᠭ᠎ᠠ ᠵᠠᠮ ᠢ ᠬᠦᠴᠦᠯᠡᠨ ᠠᠬᠢᠭᠤᠯᠵᠤ᠂ ᠠᠮᠢ ᠠᠬᠤᠢ᠂ ᠦᠢᠯᠡᠳᠪᠦᠷᠢᠯᠡᠯ᠂ ᠠᠮᠢᠳᠤᠷᠠᠯ ᠡᠶ᠎ᠡ ᠵᠣᠬᠢᠴᠠᠩᠭᠤᠢ ᠪᠠᠷ ᠬᠥᠭᠵᠢᠬᠦ | ᠪᠡᠯᠴᠢᠭᠡᠷ ᠤᠨ ᠮᠠᠯ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ︽ᠥᠪᠥᠷ ᠮᠣᠩᠭᠤᠯ ᠤᠨ ᠵᠠᠭᠪᠤᠷ︾ ᠢ ᠬᠠᠶᠢᠨ ᠰᠦᠪᠡᠭᠴᠢᠯᠡᠵᠦ ᠪᠤᠶ᠃ | | |