2025 ᠣᠨ ᠤ 5 ᠰᠠᠷ᠎ᠠ ᠶᠢᠨ 18 ᠤ ᠡᠳᠦᠷ ᠪᠣᠯ ᠶᠠᠭ ᠰᠠᠶᠢᠬᠠᠨ ᠤᠯᠠᠨ ᠤᠯᠤᠰ ᠤᠨ ᠮᠦᠽᠧᠢ ᠶᠢᠨ ᠡᠳᠦᠷ ᠪᠣᠯᠣᠨ᠎ᠠ᠂ ᠰᠢᠨ᠎ᠡ ᠪᠠᠷᠭᠤ ᠵᠡᠭᠦᠨ | ᠬᠤᠰᠢᠭᠤᠨ ᠤ ᠮᠦᠽᠧᠢ ᠪᠣᠯᠣᠨ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠬᠠᠮᠲᠤᠪᠠᠷ ︽ᠲᠦᠷᠭᠡᠨ ᠬᠤᠪᠢᠷᠠᠯᠲᠠ ᠲᠠᠢ ᠨᠡᠶᠢᠭᠡᠮ ᠳᠠᠬᠢ ᠮᠦᠽᠧᠢ ᠶᠢᠨ | ᠢᠷᠡᠭᠡᠳᠦᠢ︾ᠭᠡᠬᠦ ᠭᠤᠣᠯ ᠰᠡᠳᠦᠪᠲᠦ ᠤᠬᠠᠭᠤᠯᠭ᠎ᠠ ᠪᠠ ᠦᠵᠡᠭᠦᠯᠦᠯᠭᠡ ᠶᠢᠨ ᠠᠵᠢᠯᠯᠠᠭ᠎ᠠ ᠥᠷᠨᠢᠭᠦᠯᠵᠡᠢ᠃ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ | ᠰᠣᠶᠣᠯ ᠤᠨ ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠰᠡᠷᠭᠡᠶᠢᠯᠡᠯᠲᠡ ᠶᠢᠨ ᠱᠤᠭᠤᠮ ᠢ ᠬᠠᠮᠲᠤᠪᠠᠷ | ᠪᠠᠶᠢᠭᠤᠯᠪᠠ᠃ | ᠠᠵᠢᠯᠯᠠᠭ᠎ᠠ ᠶᠢᠨ ᠳᠤᠮᠳᠠ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠬᠤᠰᠢᠭᠤᠨ ᠤ ᠮᠦᠽᠧᠢ ᠳᠤ ᠬᠦᠷᠴᠦ᠂ ᠲᠡᠦᠬᠡ ᠶᠢᠨ ᠦᠵᠡᠭᠦᠯᠦᠯᠭᠡ ᠶᠢᠨ | ᠲᠢᠩᠬᠢᠮ ᠪᠠ ᠨᠣᠮᠣᠨ ᠬᠠᠨ ᠤ ᠳᠠᠶᠢᠯᠠᠯᠳᠤᠭᠠᠨ ᠤ ᠦᠵᠡᠭᠦᠯᠦᠯᠭᠡ ᠶᠢᠨ ᠲᠢᠩᠬᠢᠮ ᠢ ᠲᠣᠭᠤᠷᠢᠨ ᠦᠵᠡᠵᠦ᠂ ᠰᠢᠨ᠎ᠡ ᠪᠠᠷᠭᠤ ᠵᠡᠭᠦᠨ ᠬᠤᠰᠢᠭᠤᠨ ᠤ ᠲᠡᠦᠬᠡ ᠶᠢᠨ | ᠰᠤᠳᠠᠰᠤ ᠪᠠ ᠬᠢᠯᠢ ᠬᠢᠵᠠᠭᠠᠷ ᠢ ᠰᠠᠬᠢᠨ ᠬᠠᠮᠠᠭᠠᠯᠠᠬᠤ ᠡᠭᠦᠷᠭᠡ ᠶᠢ ᠭᠦᠨᠵᠡᠭᠡᠢ ᠣᠶᠢᠯᠠᠭᠠᠪᠠ᠃ ᠡᠭᠦᠨ ᠤ ᠬᠠᠮᠲᠤ᠂ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ | ᠮᠦᠽᠧᠢ ᠶᠢᠨ ᠠᠵᠢᠯᠲᠠᠳ ᠳᠠᠷᠤᠭ᠎ᠠ ᠪᠠᠶᠢᠯᠳᠤᠭᠴᠢᠳ ᠲᠤ ᠨᠠᠷᠢᠨ ᠨᠢᠮᠪᠠᠢ ᠨᠠᠶᠢᠷᠠᠭᠤᠯᠤᠨ ᠵᠣᠬᠢᠶᠠᠭᠰᠠᠨ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠪᠠ᠃ ᠭᠠᠷ | ᠳᠡᠪᠲᠡᠷ ᠲᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ | ᠬᠠᠤᠯᠢ︾᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ ᠶᠢᠨ ᠱᠤᠭ ᠵᠢᠷᠤᠭ ᠤᠨ ᠭᠠᠷ ᠳᠡᠪᠲᠡᠷ ᠵᠢᠴᠢ ᠮᠦᠽᠧᠢ ᠶᠢᠨ ᠣᠨᠴᠠᠯᠢᠭᠲᠤ ᠲᠡᠦᠬᠡ ᠶᠢᠨ | ᠳᠤᠷᠠᠰᠬᠠᠯᠲᠤ ᠵᠦᠢᠯᠡᠰ ᠤᠨ ᠲᠠᠨᠢᠯᠴᠠᠭᠤᠯᠭ᠎ᠠ ᠶᠢᠨ ᠡᠪᠬᠡᠮᠡᠯ ᠬᠠᠭᠤᠳᠠᠰᠤ ᠶᠢ ᠪᠠᠭᠲᠠᠭᠠᠵᠤ᠂ ᠳᠠᠷᠤᠭ᠎ᠠ ᠪᠠᠶᠢᠯᠳᠤᠭᠴᠢᠳ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢ ᠰᠤᠷᠤᠯᠴᠠᠬᠤ ᠳᠤ ᠳᠦᠭᠦᠮ ᠦᠵᠡᠭᠦᠯᠦᠨ᠎ᠡ᠃ ᠡᠭᠦᠨ ᠠᠴᠠ ᠭᠠᠳᠠᠨ᠎ᠠ᠂ ᠬᠤᠶᠠᠷ ᠲᠠᠯ᠎ᠠ ᠪᠠᠷ ᠢᠶᠠᠨ ᠪᠠᠰᠠ ᠰᠣᠯᠢᠯᠴᠠᠵᠤ᠂ ᠲᠡᠦᠬᠡ ᠶᠢᠨ ᠳᠤᠷᠠᠰᠬᠠᠯᠲᠤ | ᠵᠦᠢᠯᠡᠰ ᠤᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠠᠭᠤᠰᠤᠯᠴᠠᠭᠤᠯᠤᠨ ᠬᠥᠭᠵᠢᠭᠦᠯᠬᠦ ᠠᠷᠭ᠎ᠠ ᠵᠠᠮ ᠢ ᠬᠠᠶᠢᠨ ᠰᠦᠪᠡᠭᠴᠢᠯᠡᠵᠡᠢ᠃ | | ᠲᠤᠰ ᠤᠳᠠᠭ᠎ᠠ ᠶᠢᠨ ᠠᠵᠢᠯᠯᠠᠭ᠎ᠠ ᠨᠢ ᠰᠣᠶᠣᠯ ᠪᠣᠯᠣᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠠᠷᠢᠯᠴᠠᠨ ᠦᠢᠯᠡᠳᠦᠯᠴᠡᠬᠦ ᠬᠥᠭᠦᠷᠭᠡ ᠶᠢ | ᠪᠠᠶᠢᠭᠤᠯᠵᠤ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠰᠣᠶᠣᠯ ᠤᠨ ᠬᠡᠪ ᠪᠣᠯᠪᠠᠰᠤᠷᠠᠯ ᠢ ᠴᠢᠩᠭᠠᠳᠬᠠᠬᠤ ᠪᠠᠷ ᠪᠠᠷᠠᠬᠤ ᠦᠭᠡᠢ ᠨᠡᠩ ᠴᠤ ᠲᠡᠦᠬᠡ ᠶᠢᠨ | ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠣᠶᠢᠯᠠᠭᠠᠭᠳᠠᠬᠤᠨ ᠢ ᠴᠡᠷᠢᠭ ᠤᠨ ᠬᠦᠷᠢᠶᠡᠨ ᠳᠤ ᠦᠨᠳᠦᠰᠦᠯᠡᠭᠦᠯᠬᠦ ᠶᠢ ᠠᠬᠢᠭᠤᠯᠵᠤ᠂ ᠲᠡᠦᠬᠡ ᠰᠣᠶᠣᠯ ᠢ | ᠤᠯᠠᠮᠵᠢᠯᠠᠬᠤ᠂ ᠰᠣᠶᠣᠯ ᠤᠨ ᠥᠪ ᠢ ᠰᠠᠬᠢᠨ ᠬᠠᠮᠠᠭᠠᠯᠠᠬᠤ ᠳᠤ ᠴᠡᠷᠢᠭ ᠠᠩᠭᠢ ᠣᠷᠣᠨ ᠨᠤᠲᠤᠭ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠪᠠ᠃ | | | | | | | | | | | | | | | |