ᠤᠯᠡᠠ ᠲᠦᠮᠡᠨ ᠳᠤ ᠭᠦᠨᠵᠡᠭᠡᠶᠢᠷᠡᠨ ᠨᠠᠮ ᠤᠨ ᠪᠠᠶᠢᠳᠠᠯ ᠢ ᠤᠯᠠᠮᠵᠢᠯᠠᠨ ᠰᠡᠳᠬᠢᠯ ᠢᠶᠠᠨ ᠨᠢᠭᠲᠠᠷᠠᠭᠤᠯᠵᠤ ᠬᠦᠴᠦᠨ ᠢᠶᠠᠨ ᠬᠠᠮᠲᠤᠳᠬᠠᠨ ᠨᠠᠮ ᠢᠶᠠᠨ ᠳᠠᠭᠠᠶ᠎ᠠ︱ᠭᠠᠨᠵᠤᠤᠷ ᠰᠤᠮᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠰᠡᠳᠦᠪᠲᠦ ᠤᠬᠠᠭᠤᠯᠤᠨ‌‍ᠲ᠋ᠠᠶᠢᠯᠪᠤᠷᠢᠯᠠᠬᠤ ᠬᠥᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2025/5/20
          ᠨᠠᠮ ᠤᠨ ᠰᠢᠨ᠎ᠡ ᠶᠢ ᠡᠭᠦᠳᠬᠦ ᠤᠨᠤᠯ ᠤᠨ ︽ᠡᠭᠡᠯ ᠠᠷᠠᠳ ᠤᠨ ᠭᠡᠷ ᠲᠤ ᠬᠠᠯᠢᠨ ᠣᠷᠣᠬᠤ︾ ᠶᠢ ᠠᠬᠢᠭᠤᠯᠬᠤ ᠶᠢᠨ ᠲᠥᠯᠥᠭᠡ᠂ ᠭᠠᠨᠵᠤᠤᠷ ᠰᠤᠮᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠪᠡ᠃ ︽ᠵᠢᠪᠦᠭᠦᠯᠬᠦ ᠮᠠᠶ᠋ᠢᠭ︾᠂ ︽ᠬᠠᠷᠢᠯᠴᠠᠨ ᠬᠥᠳᠡᠯᠦᠯᠴᠡᠬᠦ ᠮᠠᠶ᠋ᠢᠭ︾ ᠤᠨ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠵᠤ᠂ ᠨᠠᠮ ᠤᠨ ᠳᠠᠭᠤᠨ ᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠠᠮ ᠤᠯᠠᠨ ᠲᠦᠮᠡᠨ ᠤ ᠰᠡᠳᠬᠢᠯ ᠨᠢᠭᠡᠳᠦᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠪᠠ᠃
20250520-1-1.png
          ᠤᠨᠢᠨ ᠳᠡᠭᠡᠷ᠎ᠡ ᠨᠢ ᠳᠤᠰᠤᠯᠭᠠᠨ ᠤᠰᠤᠯᠠᠵᠤ ᠲᠦᠷᠦ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠦᠢᠯᠡᠳᠦᠯᠭᠡ ᠶᠢᠨ ᠦᠷ᠎ᠡ ᠪᠦᠲᠦᠭᠡᠯ ᠢᠶᠠᠷ ᠰᠡᠳᠬᠢᠯ ᠢ ᠨᠢᠭᠡᠳᠬᠡᠪᠡ᠃ ᠤᠬᠠᠭᠤᠯᠤᠨ ᠲᠠᠶᠢᠯᠪᠤᠷᠢᠯᠠᠭᠴᠢ ︽ᠲᠦᠷᠦ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠬᠤᠪᠢᠷᠠᠯᠲᠠ ᠶᠢ ᠮᠡᠳᠡᠭᠦᠯᠵᠦ᠂ ᠨᠠᠮ ᠤᠨ ᠠᠴᠢ ᠶᠢ ᠶᠠᠷᠢᠬᠤ︾ ᠭᠤᠣᠯ ᠰᠢᠵᠢᠮ ᠤᠨ ᠲᠣᠭᠤᠷᠢᠨ ᠳᠤ᠂ ︽ᠤᠨᠤᠯ ᠤᠨ ᠲᠠᠶᠢᠯᠤᠮᠵᠢ + ᠬᠡᠷᠡᠭ ᠤᠨ ᠵᠢᠱᠢᠶ᠎ᠡ ᠶᠢᠨ ᠬᠠᠷᠢᠴᠠᠭᠤᠯᠤᠯ + ᠲᠤᠭ᠎ᠠ ᠪᠠᠷᠢᠮᠲᠠ ᠶᠢᠨ ᠲᠤᠯᠭᠠᠭᠤᠷᠢᠯᠠᠯ︾ ᠤᠨ ᠠᠷᠭ᠎ᠠ ᠬᠡᠯᠪᠡᠷᠢ ᠶᠢ ᠠᠪᠴᠤ᠂ ᠤᠯᠠᠨ ᠲᠦᠮᠡᠨ ᠤ ᠰᠣᠨᠣᠰᠴᠤ ᠣᠶᠢᠯᠠᠭᠠᠬᠤ ᠦᠭᠡ ᠬᠡᠯᠡ ᠪᠠᠷ ᠨᠠᠮ ᠤᠨ ᠰᠢᠨ᠎ᠡ ᠡᠭᠦᠳᠦᠯᠲᠡ ᠶᠢᠨ ᠤᠨᠤᠯ ᠢ ᠲᠠᠶᠢᠯᠪᠤᠷᠢᠯᠠᠪᠠ᠃ ᠡᠯ᠎ᠡ ᠭᠠᠴᠠᠭᠠᠨ ᠤ ᠣᠯᠠᠨ ᠲᠦᠮᠡᠨ ᠢ ᠵᠣᠬᠢᠶᠠᠨ ᠪᠠᠶᠢᠭᠤᠯᠤᠨ 2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠭᠦᠨᠵᠡᠭᠡᠢ ᠠᠭᠤᠯᠤᠭᠳᠠᠬᠤᠨ ᠢ ᠰᠤᠷᠤᠯᠴᠠᠨ ᠣᠶᠢᠯᠠᠭᠠᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠢ ᠲᠠᠶᠢᠯᠪᠤᠷᠢᠯᠠᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠨᠠᠮ ᠤᠨ ᠣᠨᠣᠯ ᠤᠨ ᠤᠬᠠᠭᠤᠯᠤᠨ ᠲᠠᠶᠢᠯᠪᠤᠷᠢᠯᠠᠯᠲᠠ ᠶᠢ ︽ᠨᠠᠷᠢᠯᠢᠭ ᠤᠨᠤᠪᠴᠢᠳᠠᠢ ᠪᠠᠷ ᠤᠰᠤᠯᠠᠬᠤ︾ ᠶᠢ ᠦᠨᠡᠨ ᠬᠦ ᠪᠠᠲᠤᠯᠠᠪᠠ᠃
20250520-1-2.png
20250520-1-3.png
          ᠠᠰᠠᠭᠤᠳᠠᠯ ᠢᠶᠠᠷ ᠤᠳᠤᠷᠢᠳᠤᠮᠵᠢ ᠪᠣᠯᠭᠠᠵᠤ ᠠᠷᠠᠳ ᠤᠨ ᠰᠠᠨᠠᠭᠠᠰᠢᠷᠠᠯ ᠢ ᠲᠠᠶᠢᠯᠵᠤ᠂ ᠨᠠᠮ ᠪᠠ ᠤᠯᠠᠨ ᠲᠦᠮᠡᠨ ᠤ ᠰᠡᠳᠬᠢᠯ ᠢᠶᠠᠨ ᠬᠤᠯᠪᠣᠬᠤ ᠬᠥᠭᠦᠷᠭᠡ ᠶᠢ ᠴᠣᠭᠴᠠᠯᠠᠪᠠ᠃ ᠤᠬᠠᠭᠤᠯᠤᠨ ᠲᠠᠶᠢᠯᠪᠤᠷᠢᠯᠠᠬᠤ ᠲᠤᠬᠠᠢ ᠶᠢᠨ ᠲᠠᠯᠠᠪᠠᠢ ᠶᠢ ᠦᠢᠯᠡᠴᠢᠯᠡᠭᠡᠨ ᠤ ᠵᠢᠭᠰᠠᠭᠠᠯ ᠤᠨ ᠭᠠᠵᠠᠷ ᠪᠣᠯᠭᠠᠨ ᠬᠤᠪᠢᠷᠠᠭᠤᠯᠬᠤ ᠶᠢ ᠪᠠᠷᠢᠮᠲᠠᠯᠠᠵᠤ᠂ ︽ᠤᠬᠠᠭᠤᠯᠤᠨ ᠲᠠᠶᠢᠯᠪᠤᠷᠢᠯᠠᠬᠤ + ᠰᠤᠷᠪᠤᠯᠵᠢᠯᠠᠬᠤ + ᠰᠢᠢᠳᠪᠦᠷᠢᠯᠡᠵᠦ ᠳᠠᠭᠤᠰᠬᠠᠬᠤ︾ ᠠᠵᠢᠯ ᠤᠨ ᠲᠣᠭᠲᠠᠴᠠ ᠶᠢ ᠪᠠᠶᠢᠭᠤᠯᠵᠤ᠂ ᠡᠷᠦᠬᠡ ᠪᠦᠷᠢ ᠳᠤ᠂ ᠤᠬᠠᠭᠤᠯᠤᠨ ᠲᠠᠶᠢᠯᠪᠤᠷᠢᠯᠠᠭᠴᠢ ᠴᠥᠮ ᠦᠢᠯᠡᠳᠦᠯᠴᠡᠨ ᠰᠣᠯᠢᠯᠴᠠᠬᠤ ᠭᠤᠭᠴᠤᠭ᠎ᠠ ᠭᠠᠷᠭᠠᠵᠤ᠂ ᠤᠯᠠᠨ ᠲᠦᠮᠡᠨ ᠤ ︽ᠪᠠᠴᠢᠮ ᠬᠦᠴᠢᠷ ᠵᠣᠪᠠᠭᠤᠷᠢ︾ ᠠᠰᠠᠭᠤᠳᠠᠯ ᠢ ᠨᠠᠷᠢᠨ ᠬᠢᠨᠠᠮᠠᠭᠠᠢ ᠲᠡᠮᠳᠡᠭᠯᠡᠵᠦ᠂ ᠲᠤᠬᠠᠢ ᠶᠢᠨ ᠲᠠᠯᠠᠪᠤᠷ ᠲᠤᠨᠢ ᠰᠢᠢᠳᠪᠦᠷᠢᠯᠡᠵᠦ ᠳᠡᠶᠢᠯᠬᠦ ᠶᠢ ᠨᠢ ᠲᠤᠬᠠᠢ ᠶᠢᠨ ᠲᠠᠯᠠᠪᠤᠷ ᠲᠤᠨᠢ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠰᠢᠢᠳᠪᠦᠷᠢᠯᠡᠬᠦ ᠴᠢᠬᠤᠯᠠᠲᠠᠢ ᠶᠢ ᠨᠢ ᠮᠥᠷᠳᠡᠨ ᠠᠬᠢᠭᠤᠯᠵᠤ᠂ ︽ᠤᠬᠠᠭᠤᠯᠤᠨ ᠲᠠᠶᠢᠯᠪᠤᠷᠢᠯᠠᠬᠤ ᠳᠤ ᠢᠯᠴᠢ ᠲᠠᠢ᠂ ᠦᠢᠯᠡᠴᠢᠯᠡᠬᠦ ᠳᠤ ᠡᠷᠴᠢᠮ ᠲᠠᠢ︾ ᠪᠠᠶᠢᠬᠤ ᠶᠢ ᠦᠨᠡᠨᠬᠦ ᠪᠡᠶᠡᠯᠡᠭᠦᠯᠪᠡ᠃
20250520-1-5.png
          ᠠᠴᠢ ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ ᠬᠥᠭᠵᠢᠯᠲᠡ ᠶᠢ ᠠᠬᠢᠭᠤᠯᠤᠨ᠂ ᠨᠠᠮ ᠤᠯᠠᠨ ᠲᠦᠮᠡᠨ ᠰᠡᠳᠬᠢᠯ ᠨᠢᠭᠡᠳᠦᠨ ᠰᠢᠨ᠎ᠡ ᠬᠠᠭᠤᠳᠠᠰᠤ ᠶᠢ ᠵᠢᠷᠤᠭᠯᠠᠪᠠ᠃ ︽ᠨᠠᠮ ᠤᠨ ᠠᠴᠢ ᠲᠤᠰᠠ ᠶᠢ ᠡᠳᠦᠷ ᠲᠤᠳᠤᠮ ᠤᠨ ᠠᠮᠢᠳᠤᠷᠠᠯ ᠳᠤ ᠨᠠᠶᠢᠳᠠᠪᠤᠷᠢᠵᠢᠭᠤᠯᠬᠤ ᠬᠡᠷᠡᠭᠲᠡᠢ︕︾᠃ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠢᠮᠠᠭᠲᠠ ︽ᠠᠴᠢ ᠶᠢ ᠮᠡᠳᠡᠷᠡᠬᠦ ᠬᠥᠮᠦᠵᠢᠯ︾ ᠢ ᠠᠵᠢᠯ ᠢᠶᠠᠨ ᠠᠬᠢᠭᠤᠯᠬᠤ ᠲᠠᠢ ᠤᠶᠠᠯᠳᠤᠭᠤᠯᠵᠤ᠂ ᠺᠠᠳ᠋ᠷ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠠᠴᠢ  ᠶᠢ ᠮᠡᠳᠡᠷᠡᠬᠦ ᠰᠡᠳᠬᠢᠯᠭᠡ ᠶᠢ ᠬᠥᠭᠵᠢᠯᠲᠡ ᠶᠢᠨ ᠬᠦᠴᠦᠨ ᠪᠣᠯᠭᠠᠨ ᠬᠤᠪᠢᠷᠠᠭᠤᠯᠵᠤ᠂ ︽ᠨᠠᠮ ᠤᠨ ᠠᠴᠢ ᠲᠤᠰᠠ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠵᠣᠬᠢᠶᠠᠨ ᠪᠠᠶᠢᠭᠤᠯᠵᠤ ︽ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ ᠰᠤᠷᠤᠯᠴᠠᠭᠤᠯᠤᠨ ᠣᠶᠢᠯᠠᠭᠠᠭᠤᠯᠵᠤ᠂ ᠤᠯᠠᠨ ᠲᠦᠮᠡᠨ ᠳᠤ ᠬᠠᠨᠳᠤᠭᠤᠯᠤᠨ ᠨᠠᠮ ᠤᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ ᠶᠠᠰᠤ ᠴᠢᠨᠠᠷ ᠦᠷ᠎ᠡ ᠠᠰᠢᠭ ᠢ ᠴᠢᠷᠮᠠᠶᠢᠨ ᠳᠡᠭᠡᠭᠰᠢᠯᠡᠭᠦᠯᠵᠦ᠂ ︽ᠨᠢᠭᠡ ᠤᠳᠠᠭ᠎ᠠ ᠤᠬᠠᠭᠤᠯᠤᠨ ᠲᠠᠶᠢᠯᠪᠤᠷᠢᠯᠠᠵᠤ᠂ ᠨᠢᠭᠡ ᠲᠠᠯ᠎ᠠ ᠶᠢ ᠳᠠᠶᠢᠴᠢᠯᠠᠵᠤ᠂ ᠨᠢᠭᠡ ᠲᠠᠯ᠎ᠠ ᠶᠢ ᠪᠠᠶᠠᠵᠢᠭᠤᠯᠬᠤ︾ ᠶᠢ ᠪᠡᠶᠡᠯᠡᠭᠦᠯᠦᠨ᠎ᠡ᠃
20250520-1-6.png
          ︽ᠨᠠᠮ ᠤᠨ ᠲᠠᠭᠤᠨ ᠢ ᠰᠡᠳᠬᠢᠯ ᠳᠡᠭᠡᠨ ᠳᠠᠮᠵᠢᠭᠤᠯᠵᠤ᠂ ᠣᠯᠠᠨ ᠲᠦᠮᠡᠨ ᠢ ᠨᠠᠮ ᠢᠶᠠᠨ ᠳᠠᠭᠠᠵᠤ ᠨᠠᠩ ᠯᠠᠪᠳᠠᠭᠤᠨ ᠠᠯᠬᠤᠴᠠ ᠪᠠᠷ ᠵᠠᠮᠨᠠᠬᠤ ᠬᠡᠷᠡᠭᠲᠡᠢ︾᠃ ᠳᠠᠷᠠᠭᠠᠴᠢ ᠶᠢᠨ ᠠᠯᠬᠤᠮ ᠳᠤ᠂ ᠭᠠᠨᠵᠤᠤᠷ ᠰᠤᠮᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠰᠢᠨ᠎ᠡ ᠠᠶᠠᠨ ᠵᠠᠮ ᠳᠠᠭᠠᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾ ᠪᠠᠲᠤ ᠴᠢᠩᠭ᠎ᠠ ᠲᠠᠩᠭᠠᠷᠢᠭ ᠢᠶᠠᠨ ᠡᠷᠡᠰ ᠦᠢᠯᠡᠳᠦᠯᠭᠡᠵᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠬᠠᠮᠲᠤ ᠪᠠᠷ ᠣᠷᠣᠰᠢᠵᠤ ᠬᠠᠮᠲᠤ ᠪᠠᠷ ᠰᠤᠷᠤᠯᠴᠠᠬᠤ ᠳᠤᠮᠳᠠ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠵᠦ᠂ ᠪᠦᠯᠬᠦᠮᠳᠡᠨ ᠲᠡᠮᠡᠴᠡᠬᠦ ᠰᠢᠨ᠎ᠡ ᠬᠠᠭᠤᠳᠠᠰᠤ ᠶᠢ ᠭᠠᠷ ᠬᠤᠯᠪᠣᠨ ᠪᠢᠴᠢᠭᠯᠡᠨ᠎ᠡ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ