ᠰᠢᠨ᠎ᠡ ᠴᠠᠭ ᠦᠶ᠎ᠡ ᠶᠢᠨ ︽ᠹᠧᠩᠴᠢ᠊ᠶᠤᠤ ᠶᠢᠨ ᠲᠤᠷᠰᠢᠯᠭ᠎ᠠ︾ ᠶᠢ ᠦᠢᠯᠡᠳᠦᠯᠭᠡᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠬᠠᠮᠲᠤᠷᠠᠯ ᠤᠨ | ᠬᠦᠴᠦᠨ ᠢ ᠨᠢᠭᠲᠠᠷᠠᠭᠤᠯᠵᠤ᠂ ᠬᠢᠯᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ ᠲᠥᠯᠥᠭᠡ᠂ 2025 ᠣᠨ ᠤ 5 ᠰᠠᠷ᠎ᠠ ᠶᠢᠨ 20 | ᠋ ᠤ ᠡᠳᠦᠷ᠂ ᠭᠠᠨᠵᠤᠤᠷ ᠤᠨ ᠬᠠᠤᠯᠢ ᠴᠠᠭᠠᠵᠠ ᠶᠢᠨ ᠭᠠᠵᠠᠷ ᠬᠠᠷᠢᠶᠠᠲᠤ ᠣᠷᠣᠨ ᠤ ᠬᠢᠯᠢ ᠶᠢᠨ ᠲᠣᠮᠢᠯᠠᠭᠰᠠᠨ ᠰᠠᠯᠪᠤᠷᠢ ᠲᠠᠢ ᠬᠠᠮᠲᠤᠷᠠᠭᠰᠠᠨ ᠬᠤᠷᠠᠯ | ᠬᠤᠷᠠᠯᠳᠤᠭᠤᠯᠵᠤ᠂ ᠬᠤᠯᠪᠤᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠢᠳᠡᠪᠬᠢᠲᠡᠢ ᠪᠠᠶᠢᠭᠤᠯᠵᠤ᠂ ᠳᠠᠪᠠᠭᠤᠯᠢᠭ ᠬᠦᠴᠦᠨ ᠢ ᠨᠢᠭᠡᠳᠦᠯᠲᠡᠢ ᠲᠥᠯᠥᠪᠵᠢᠭᠦᠯᠦᠨ | ᠦᠨᠳᠦᠰᠦᠨ ᠱᠠᠲᠤᠨ ᠤ ᠵᠠᠰᠠᠯᠲᠠ ᠳᠤ ᠣᠷᠣᠯᠴᠠᠭᠤᠯᠵᠤ᠂ ᠬᠠᠷᠢᠶᠠᠲᠤ ᠣᠷᠣᠨ ᠤ ᠥᠷᠭᠡᠨ ᠤᠯᠠᠨ ᠲᠦᠮᠡᠨ ᠳᠤ ᠤᠯᠠᠨ ᠡᠰᠢᠴᠢᠯᠡᠨ ᠦᠢᠯᠡᠴᠢᠯᠡᠵᠦ᠂ ᠦᠨᠳᠦᠰᠦᠨ | ᠱᠠᠲᠤᠨ ᠤ ᠵᠠᠰᠠᠯᠲᠠ ᠶᠢᠨ︽ᠢᠵᠢᠯ ᠲᠥᠪᠲᠦ ᠲᠣᠭᠤᠷᠢᠭ︾ ᠢ ᠬᠠᠮᠲᠤᠪᠠᠷ ᠵᠢᠷᠤᠭᠯᠠᠪᠠ᠃ | | | | | | | | | ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ᠂ ᠬᠢᠯᠢ ᠶᠢᠨ | ᠠᠮᠤᠷ ᠢ ᠬᠠᠮᠠᠭᠠᠯᠠᠬᠤ ᠬᠠᠮᠢᠶᠠᠷᠤᠯᠲᠠ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃ ᠬᠢᠯᠢ ᠬᠢᠵᠠᠭᠠᠷ ᠣᠷᠣᠨ ᠳᠤ | ᠠᠮᠠᠷᠬᠠᠨ ᠭᠠᠷᠳᠠᠭ ᠨᠤᠲᠤᠭ ᠪᠡᠯᠴᠢᠭᠡᠷ ᠤᠨ ᠵᠢᠭᠤᠷᠠᠯᠳᠤᠭᠠᠨ᠂ ᠬᠥᠷᠰᠢ ᠵᠡᠷᠭᠡᠯᠡᠳᠡᠭᠡ ᠶᠢᠨ ᠵᠥᠷᠢᠴᠡᠯ ᠵᠡᠷᠭᠡ ᠠᠰᠠᠭᠤᠳᠠᠯ ᠳᠤ ᠴᠢᠭᠯᠡᠭᠦᠯᠦᠨ᠂ ᠬᠤᠶᠠᠷ ᠲᠠᠯ᠎ᠠ ᠪᠠᠷ ᠢᠶᠠᠨ | ︽ᠮᠡᠳᠡᠭᠡ ᠵᠠᠩᠭᠢ ᠨᠡᠪᠲᠡᠷᠡᠯᠴᠡᠬᠦ᠂ ᠬᠠᠮᠲᠤᠷᠠᠨ ᠡᠶᠡᠳᠡᠭᠦᠯᠬᠦ︾ ᠲᠣᠭᠲᠠᠴᠠ ᠶᠢ ᠪᠠᠶᠢᠭᠤᠯᠵᠤ᠂ ᠬᠠᠤᠯᠢ ᠪᠠᠷᠢᠬᠤ ᠭᠠᠵᠠᠷ ᠤᠨ ᠬᠢᠨ ᠠᠷᠠᠳ ᠤᠨ ᠡᠶᠡᠳᠡᠭᠦᠯᠭᠡ᠂ ᠬᠠᠤᠯᠢ | ᠴᠠᠭᠠᠵᠠ ᠶᠢᠨ ᠦᠢᠯᠡᠴᠢᠯᠡᠭᠡᠨ ᠤ ᠳᠠᠪᠠᠭᠤᠯᠢᠭ ᠢᠶᠠᠨ ᠪᠠᠳᠠᠷᠠᠭᠤᠯᠵᠤ᠂ ᠲᠣᠮᠢᠯᠠᠭᠰᠠᠨ ᠰᠠᠯᠪᠤᠷᠢ ᠶᠢᠨ ᠬᠢᠨ ᠴᠠᠭᠳᠠᠭᠠᠨ ᠤ ᠶᠠᠪᠤᠳᠠᠯ ᠤᠨ ᠬᠦᠴᠦᠨ ᠪᠠ ᠠᠮᠤᠷ ᠢ | ᠬᠠᠮᠠᠭᠠᠯᠠᠬᠤ ᠬᠠᠮᠢᠶᠠᠷᠤᠯᠲᠠ ᠶᠢᠨ ᠲᠤᠷᠰᠢᠯᠭ᠎ᠠ ᠳᠤ ᠲᠦᠰᠢᠭᠯᠡᠨ᠂ ᠵᠥᠷᠢᠴᠡᠯ ᠵᠢᠭᠤᠷᠠᠯᠳᠤᠭᠠᠨ ᠢ ᠪᠥᠬᠦ ᠬᠡᠯᠬᠢᠶ᠎ᠡ ᠪᠠᠷ ᠰᠢᠢᠳᠪᠦᠷᠢᠯᠡᠬᠦ ᠪᠢᠲᠡᠭᠦᠦ ᠴᠠᠭᠠᠷᠢᠭ ᠢ ᠪᠣᠶ | ᠪᠣᠯᠭᠠᠵᠤ᠂ ︽ᠪᠠᠭ᠎ᠠ ᠶᠠᠪᠤᠳᠠᠯ ᠢ ᠭᠠᠴᠠᠭ᠎ᠠ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠰᠤᠮᠤ ᠠᠴᠠ ᠭᠠᠷᠭᠠᠬᠤ ᠦᠭᠡᠢ︾ ᠪᠠᠶᠢᠬᠤ ᠶᠢ ᠦᠨᠡᠨ ᠬᠦ ᠪᠠᠲᠤᠯᠠᠪᠠ᠃ | ᠡᠭᠦᠨ ᠤ ᠬᠠᠮᠲᠤ᠂ ᠬᠤᠯᠪᠤᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠨᠢᠭᠡ ᠳᠤ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠯᠴᠡᠵᠦ ᠬᠠᠮᠲᠤ ᠪᠠᠷ | ᠡᠳ᠋ᠯᠡᠵᠦ᠂ ᠡᠬᠢ ᠪᠠᠶᠠᠯᠢᠭ ᠢ ᠬᠠᠤᠯᠢ ᠶᠣᠰᠣᠭᠠᠷ ᠬᠠᠮᠲᠤ ᠪᠠᠷ ᠡᠳ᠋ᠯᠡᠵᠦ᠂ ᠬᠦᠴᠢᠷ ᠲᠦᠪᠡᠭᠲᠡᠢ ᠵᠢᠭᠤᠷᠠᠯᠳᠤᠭᠠᠨ ᠪᠠ ᠭᠡᠨᠡᠳᠲᠡ ᠶᠢᠨ ᠬᠡᠷᠡᠭ ᠢ ᠴᠠᠭ ᠲᠤᠬᠠᠢ ᠳᠤᠨᠢ | ᠨᠡᠪᠲᠡᠷᠡᠯᠴᠡᠵᠦ᠂ ᠭᠤᠣᠯᠳᠠᠯᠭ᠎ᠠ ᠲᠠᠢ ᠬᠥᠮᠥᠰ ᠤᠨ ᠮᠡᠳᠡᠭᠡ ᠵᠠᠩᠭᠢ ᠶᠢ ᠵᠠᠷᠯᠠᠨ ᠮᠡᠳᠡᠭᠳᠡᠵᠦ᠂ ᠲᠦᠷᠭᠡᠨ ᠳᠠᠭᠠᠬᠤ ᠶᠢ ᠪᠡᠶᠡᠯᠡᠭᠦᠯᠦᠨ᠎ᠡ︔ ᠬᠤᠶᠠᠷ ᠲᠤ ᠬᠠᠮᠲᠤᠷᠠᠭᠰᠠᠨ | ᠬᠤᠷᠠᠯᠳᠤᠭᠠᠨ ᠤ ᠳᠦᠷᠢᠮ ᠢ ᠪᠠᠶᠢᠭᠤᠯᠵᠤ᠂ ᠠᠵᠢᠯ ᠤᠨ ᠠᠬᠢᠴᠠ ᠪᠠᠨ ᠲᠣᠭᠲᠠᠮᠠᠯ ᠬᠤᠭᠤᠴᠠᠭ᠎ᠠ ᠲᠠᠢ ᠪᠠᠷ ᠰᠣᠯᠢᠯᠴᠠᠵᠤ᠂ ᠠᠮᠤᠷ ᠢ ᠬᠠᠮᠠᠭᠠᠯᠠᠬᠤ ᠪᠠᠶᠢᠳᠠᠯ ᠪᠣᠯᠣᠨ | ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠵᠤ᠂ ᠤᠷᠢᠳᠴᠢᠯᠠᠨ ᠰᠡᠷᠭᠡᠶᠢᠯᠡᠵᠦ ᠠᠷᠭᠠᠴᠠᠬᠤ ᠠᠷᠭ᠎ᠠ ᠬᠡᠮᠵᠢᠶ᠎ᠡ ᠲᠣᠭᠲᠠᠭᠠᠵᠤ᠂ ᠠᠷᠠᠳ ᠤᠨ ᠡᠶᠡᠳᠡᠭᠦᠯᠭᠡ ᠪᠣᠯᠣᠨ | ᠳᠣᠲᠣᠭᠠᠳᠤ ᠶᠢ ᠬᠠᠮᠠᠭᠠᠯᠠᠬᠤ ᠬᠠᠤᠯᠢ ᠬᠡᠷᠡᠭᠵᠢᠭᠦᠯᠬᠦ ᠳᠠᠪᠠᠭᠤᠯᠢᠭ ᠢ ᠨᠡᠶᠢᠯᠡᠭᠦᠯᠵᠦ᠂ ᠠᠷᠠᠳ ᠤᠨ ᠬᠤᠭᠤᠷᠣᠨᠳᠣᠬᠢ ᠵᠢᠭᠤᠷᠠᠯᠳᠤᠭᠠᠨ ᠢ ᠥᠨᠳᠥᠷ ᠪᠦᠲᠦᠮᠵᠢᠲᠡᠶ ᠪᠠᠷ | ᠠᠷᠢᠯᠭᠠᠨ᠎ᠠ︔ ᠭᠤᠷᠪᠠ ᠳᠤ ᠬᠠᠮᠲᠤᠷᠠᠨ ᠬᠥᠳᠡᠯᠦᠯᠴᠡᠬᠦ ᠬᠦᠷᠢᠶ᠎ᠡ ᠶᠢ ᠥᠷᠭᠡᠳᠬᠡᠵᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ | ᠪᠠ ᠬᠠᠤᠯᠢ ᠪᠠᠷ ᠵᠠᠰᠠᠬᠤ ᠬᠥᠮᠦᠵᠢᠯ ᠢ ᠬᠠᠮᠲᠤᠷᠠᠨ ᠥᠷᠨᠢᠭᠦᠯᠵᠦ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠳᠤ ᠣᠷᠣᠯᠴᠠᠵᠤ᠂ | ᠵᠠᠩᠭᠢᠯᠠᠭ᠎ᠠ ᠶᠢᠨ ᠴᠡᠭ ᠢ ᠠᠰᠢᠭᠯᠠᠨ ᠬᠠᠤᠯᠢ ᠴᠠᠭᠠᠵᠠ ᠬᠠᠤᠯᠢ ᠲᠣᠭᠲᠠᠭᠠᠯ ᠢ ᠤᠯᠠᠨ ᠠᠷᠭ᠎ᠠ ᠵᠠᠮ ᠢᠶᠠᠷ ᠤᠬᠠᠭᠤᠯᠵᠤ᠂ ᠤᠯᠠᠨ ᠲᠦᠮᠡᠨ ᠤ ᠬᠠᠤᠯᠢ ᠪᠠᠷ ᠵᠠᠰᠠᠬᠤ | ᠤᠬᠠᠮᠰᠠᠷ ᠢ ᠳᠡᠭᠡᠭᠰᠢᠯᠡᠭᠦᠯᠦᠨ᠎ᠡ᠃ | ᠲᠣᠰ ᠤᠳᠠᠭᠠᠨ ᠤ ᠬᠠᠮᠲᠤᠷᠠᠭᠰᠠᠨ ᠬᠤᠷᠠᠯ ᠤᠨ ᠬᠤᠷᠠᠯᠳᠤᠭᠰᠠᠨ ᠨᠢ ᠭᠠᠨᠵᠤᠤᠷ ᠣᠷᠣᠨ ᠤ ︽ᠬᠠᠤᠯᠢ ᠪᠠᠷᠢᠬᠤ + ᠴᠠᠭᠳᠠᠭᠠᠨ ᠤ ᠶᠠᠪᠤᠳᠠᠯ︾ ᠤᠨ | ᠬᠠᠮᠵᠢᠯᠴᠠᠨ ᠵᠠᠰᠠᠬᠤ ᠵᠠᠭᠪᠤᠷ ᠰᠢᠨ᠎ᠡ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠬᠤᠶᠠᠷ ᠲᠠᠯ᠎ᠠ ᠪᠠᠷ ᠢᠶᠠᠨ ᠲᠤᠰ | ᠤᠳᠠᠭ᠎ᠠ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠬᠠᠮᠵᠢᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠠᠵᠢᠯ ᠤᠨ | ᠬᠠᠮᠲᠤᠷᠠᠯᠴᠠᠭ᠎ᠠ᠂ ᠬᠦᠴᠢᠷ ᠠᠰᠠᠭᠤᠳᠠᠯ ᠢ ᠬᠠᠮᠲᠤᠪᠠᠷ ᠰᠢᠢᠳᠪᠦᠷᠢᠯᠡᠬᠦ ᠶᠢ ᠠᠬᠢᠭᠤᠯᠵᠤ᠂ ᠬᠢᠯᠢ ᠬᠢᠵᠠᠭᠠᠷ ᠣᠷᠣᠨ ᠤ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠪᠣᠯᠣᠨ | ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃ | | |