ᠵᠠᠮ ᠢᠶᠠᠨ ᠬᠠᠶᠢᠷᠠᠯᠠᠵᠤ ᠵᠠᠮ ᠢᠶᠠᠨ ᠬᠠᠮᠠᠭᠠᠯᠠᠬᠤ ᠳᠤ ᠥᠪᠡᠷ ᠤᠨ ᠪᠡᠶ᠎ᠡ ᠠᠴᠠ ᠪᠠᠨ ᠡᠬᠢᠯᠡᠵᠦ ᠬᠢᠶ᠎ᠡ ︱ ᠴᠠᠭᠠᠨ ᠪᠠᠯᠭᠠᠰᠤᠨ ᠤ ᠰᠤᠷᠭᠠᠭᠤᠯᠢ ᠵᠠᠮ ᠢᠶᠠᠨ ᠬᠠᠶᠢᠷᠠᠯᠠᠵᠤ ᠵᠠᠮ ᠢᠶᠠᠨ ᠬᠠᠮᠠᠭᠠᠯᠠᠬᠤ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/20
          ᠪᠠᠭᠰᠢ ᠰᠤᠷᠤᠭᠴᠢᠳ ᠤᠨ ᠲᠡᠮᠦᠷ ᠵᠠᠮ ᠤᠨ ᠠᠮᠤᠷ ᠲᠦᠪᠰᠢᠨ ᠪᠣᠯᠣᠨ ᠬᠠᠤᠯᠢᠵᠢᠯ ᠤᠨ ᠤᠬᠠᠮᠰᠠᠷ ᠢ ᠴᠢᠩᠭᠠᠳᠬᠠᠵᠤ᠂ ᠲᠡᠮᠦᠷ ᠵᠠᠮ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ ᠲᠥᠯᠥᠭᠡ᠂ 5 ᠰᠠᠷ᠎ᠠ ᠶᠢᠨ 19  ᠤ ᠡᠳᠦᠷ᠂ ᠴᠠᠭᠠᠨ ᠪᠠᠯᠭᠠᠰᠤᠨ ᠤ ᠰᠤᠷᠭᠠᠭᠤᠯᠢ ᠬᠠᠶᠢᠯᠠᠷ ᠤᠨ ᠲᠡᠮᠦᠷ ᠵᠠᠮ ᠤᠨ ᠳᠣᠲᠣᠭᠠᠳᠤ ᠶᠢ ᠬᠠᠮᠠᠭᠠᠯᠠᠬᠤ ᠭᠠᠵᠠᠷ ᠤᠨ ᠵᠠᠯᠠᠶᠢᠨᠠᠭᠤᠷ ᠦᠷᠳᠡᠭᠡ ᠶᠢᠨ ᠲᠣᠮᠢᠯᠠᠭᠰᠠᠨ ᠰᠠᠯᠪᠤᠷᠢ ᠲᠠᠢ ᠬᠠᠮᠲᠤᠷᠠᠨ᠂ ︽ᠵᠠᠮ ᠢᠶᠠᠨ ᠬᠠᠶᠢᠷᠠᠯᠠᠵᠤ ᠵᠠᠮ ᠢᠶᠠᠨ ᠬᠠᠮᠠᠭᠠᠯᠠᠵᠤ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠬᠦ︾ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠪᠦᠬᠦ ᠰᠤᠷᠭᠠᠭᠤᠯᠢ ᠶᠢᠨ ᠪᠠᠭᠰᠢ ᠰᠤᠷᠤᠭᠴᠢᠳ ᠬᠠᠮᠲᠤᠪᠠᠷ ᠣᠷᠣᠯᠴᠠᠵᠤ᠂ ᠲᠡᠮᠦᠷ ᠵᠠᠮ ᠤᠨ ᠠᠮᠤᠷ ᠲᠦᠪᠰᠢᠨ ᠤ ᠠᠮᠢ ᠨᠠᠰᠤᠨ ᠤ ᠱᠤᠭᠤᠮ ᠢ ᠰᠠᠬᠢᠨ ᠬᠠᠮᠠᠭᠠᠯᠠᠪᠠ᠃
26.jpg
          ᠠᠵᠢᠯᠯᠠᠭ᠎ᠠ ᠨᠢ ᠰᠦᠷ ᠵᠢᠪᠬᠤᠯᠠᠩᠲᠤ ᠭᠤᠣᠯ ᠰᠡᠳᠦᠪᠲᠦ ᠲᠤᠭ ᠮᠠᠨᠳᠤᠭᠤᠯᠬᠤ ᠶᠣᠰᠣᠯᠠᠯ ᠢᠶᠠᠷ ᠬᠥᠰᠢᠭᠡ ᠪᠠᠨ ᠰᠡᠬᠦᠪᠡ᠃ ᠦᠳᠡ ᠶᠢᠨ ᠡᠮᠦᠨᠡᠬᠢ ᠠᠷᠪᠠᠨ ᠴᠠᠭ ᠲᠤ᠂ ᠪᠦᠬᠦ ᠰᠤᠷᠭᠠᠭᠤᠯᠢ ᠶᠢᠨ ᠪᠠᠭᠰᠢ ᠰᠤᠷᠤᠭᠴᠢᠳ ᠲᠠᠮᠢᠷ ᠤᠨ ᠲᠠᠯᠠᠪᠠᠢ ᠳᠤ ᠲᠡᠷᠢ ᠲᠡᠭᠰᠢ ᠵᠢᠭᠰᠠᠵᠤ᠂ ᠣᠷᠭᠢᠯᠤᠮ᠎ᠠ ᠬᠠᠯᠠᠭᠤᠨ ᠤᠯᠤᠰ ᠤᠨ ᠰᠦᠯᠳᠡ ᠳᠠᠭᠤᠤ ᠶᠢᠨ ᠳᠤᠮᠳᠠ ᠲᠠᠪᠤᠨ ᠣᠳᠣᠲᠤ ᠤᠯᠠᠭᠠᠨ ᠲᠤᠭ ᠠᠯᠭᠤᠷᠬᠠᠨ ᠮᠠᠨᠳᠤᠪᠠ᠃ ᠵᠠᠯᠠᠶᠢᠨᠠᠭᠤᠷ ᠥᠷᠲᠡᠭᠡ ᠶᠢᠨ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠨᠠᠷ ︽ᠲᠡᠮᠦᠷ ᠵᠠᠮ ᠤᠨ ᠠᠮᠢᠨ ᠰᠤᠳᠠᠰᠤ ᠶᠢ ᠰᠠᠬᠢᠨ ᠬᠠᠮᠠᠭᠠᠯᠠᠵᠤ᠂ ᠲᠡᠮᠦᠷ ᠵᠠᠮ ᠤᠨ ᠪᠢᠴᠢᠬᠠᠨ ᠬᠠᠮᠠᠭᠠᠯᠠᠭᠴᠢ ᠪᠣᠯᠬᠤ ᠪᠠᠷ ᠴᠢᠷᠮᠠᠶᠢᠶ᠎ᠠ︾ ᠭᠡᠬᠦ ᠰᠡᠳᠦᠪ ᠢᠶᠠᠷ ᠤᠯᠤᠰ ᠤᠨ ᠲᠤᠭ ᠤᠨ ᠳᠣᠣᠷ᠎ᠠ ᠶᠠᠷᠢᠶ᠎ᠠ ᠲᠠᠯᠪᠢᠵᠤ᠂ ᠰᠢᠨ᠎ᠡ ᠰᠣᠷᠭᠤᠭ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠲᠡᠮᠦᠷ ᠵᠠᠮ ᠤᠨ ᠠᠮᠤᠷ ᠲᠦᠪᠰᠢᠨ ᠢ ᠡᠪᠳᠡᠭᠰᠡᠨ ᠬᠦᠨᠳᠦ ᠨᠣᠴᠢᠲᠠᠢ ᠦᠷ᠎ᠡ ᠳ᠋ᠦᠩ ᠢ ᠵᠠᠳᠠᠯᠤᠨ ᠰᠢᠨᠵᠢᠯᠡᠵᠦ᠂ ᠰᠤᠷᠤᠭᠴᠢᠳ ᠢ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠲᠡᠮᠦᠷ ᠵᠠᠮ ᠤᠨ ᠠᠮᠤᠷ ᠲᠦᠪᠰᠢᠨ ᠤ ᠬᠠᠤᠯᠢ ᠲᠣᠭᠲᠠᠭᠠᠯ ᠢ ᠴᠢᠩᠭ᠎ᠠ ᠰᠠᠬᠢᠵᠤ᠂  ᠠᠶᠠᠨ ᠵᠠᠮ ᠤᠨ ᠬᠠᠮᠠᠭᠠᠯᠠᠯᠲᠠ ᠶᠢᠨ ︽ᠪᠢᠴᠢᠬᠠᠨ ᠵᠢᠱᠢᠶᠡᠴᠢ︾ ᠪᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠤᠷᠢᠶᠠᠯᠠᠵᠠᠢ           ᠳᠠᠷᠠᠭ᠎ᠠ ᠨᠢ᠂ ᠴᠠᠭᠠᠨ ᠪᠠᠯᠭᠠᠰᠤᠨ ᠤ ᠰᠤᠷᠭᠠᠭᠤᠯᠢ ᠶᠢᠨ ᠤᠳᠤᠷᠢᠳᠤᠯᠭ᠎ᠠ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ︽ᠵᠠᠮ ᠢᠶᠠᠨ ᠬᠠᠶᠢᠷᠠᠯᠠᠵᠤ ᠵᠠᠮ ᠢᠶᠠᠨ ᠬᠠᠮᠠᠭᠠᠯᠠᠬᠤ ᠪᠣᠯ ᠠᠷᠠᠳ ᠢᠷᠭᠡᠨ ᠨᠢᠭᠡᠪᠦᠷᠢ ᠶᠢᠨ ᠬᠠᠷᠢᠭᠤᠴᠠᠯᠭ᠎ᠠ ᠮᠥᠨ︾ ᠭᠡᠵᠦ ᠴᠢᠬᠤᠯᠠᠴᠢᠯᠠᠨ᠂ ᠪᠥᠬᠦ ᠪᠠᠭᠰᠢ ᠰᠤᠷᠤᠭᠴᠢᠳ ᠢ ᠠᠮᠤᠷ ᠲᠦᠪᠰᠢᠨ ᠤ ᠤᠬᠠᠮᠰᠠᠷ ᠢᠶᠠᠨ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠲᠡᠮᠦᠷ ᠵᠠᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠲᠣᠣᠷ ᠢ ᠬᠠᠮᠲᠤ ᠪᠠᠷ ᠪᠠᠶᠢᠭᠤᠯᠬᠤ ᠬᠡᠷᠡᠭᠲᠡᠢ ᠭᠡᠵᠦ ᠤᠷᠢᠶᠠᠯᠠᠵᠠᠢ᠃ ᠲᠠᠪᠤᠨ ᠣᠳᠣᠲᠤ ᠤᠯᠠᠭᠠᠨ ᠲᠤᠭ ᠤᠨ ᠳᠣᠣᠷ᠎ᠠ᠂ ᠢᠳᠡ ᠬᠦᠴᠦᠲᠡᠢ ᠰᠠᠨᠠᠭᠠᠴᠢᠯᠠᠭ᠎ᠠ ᠨᠢ ︽ᠠᠮᠤᠷ ᠲᠦᠪᠰᠢᠨ ᠢ ᠮᠡᠳᠡᠬᠦ᠂ ᠬᠠᠤᠯᠢ ᠳᠦᠷᠢᠮ ᠢ ᠰᠠᠬᠢᠬᠤ᠂ ᠲᠡᠮᠦᠷ ᠵᠠᠮ ᠢ ᠬᠠᠮᠠᠭᠠᠯᠠᠬᠤ︾ ᠣᠶᠢᠯᠠᠭᠠᠭᠳᠠᠬᠤᠨ ᠢ ᠪᠠᠭᠰᠢ ᠰᠤᠷᠤᠭᠴᠢᠳ ᠤᠨ ᠰᠡᠳᠬᠢᠯ ᠳᠤ ᠭᠦᠨ ᠬᠠᠳᠠᠩᠰᠢᠭᠤᠯᠵᠠᠢ᠃           ᠤᠯᠤᠰ ᠤᠨ ᠲᠤᠭ ᠮᠠᠨᠳᠤᠭᠤᠯᠬᠤ ᠶᠣᠰᠣᠯᠠᠯ ᠳᠠᠭᠤᠰᠤᠭᠰᠠᠨ ᠤ ᠳᠠᠷᠠᠭ᠎ᠠ᠂ ᠠᠵᠢᠯᠯᠠᠭ᠎ᠠ ᠶᠢᠨ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠥᠷᠭᠡᠳᠬᠡᠬᠦ ᠶᠢᠨ ᠲᠥᠯᠥᠭᠡ᠂ ᠲᠡᠮᠦᠷ ᠵᠠᠮ ᠤᠨ ᠰᠠᠯᠠᠭ᠎ᠠ ᠮᠥᠴᠢᠷ ᠤᠨ ᠠᠵᠢᠯᠲᠠᠳ ᠪᠠᠭᠰᠢ ᠰᠤᠷᠤᠭᠴᠢᠳ ᠲᠤ ᠨᠠᠷᠢᠨ ᠨᠢᠮᠪᠠᠢ ᠵᠣᠬᠢᠶᠠᠭᠰᠠᠨ ᠵᠠᠮ ᠬᠠᠶᠢᠷᠠᠯᠠᠨ ᠬᠠᠮᠠᠭᠠᠯᠠᠬᠤ ᠤᠬᠠᠭᠤᠯᠭ᠎ᠠ ᠶᠢᠨ ᠳᠡᠪᠲᠡᠷ ᠲᠠᠷᠬᠠᠭᠠᠵᠠᠢ᠃ ᠤᠬᠠᠭᠤᠯᠭ᠎ᠠ ᠶᠢᠨ ᠳᠡᠪᠲᠡᠷ ᠤᠨ ᠠᠭᠤᠯᠭ᠎ᠠ ᠨᠢ ᠡᠯᠪᠡᠭ ᠪᠠᠶᠠᠯᠢᠭ ᠪᠠᠶᠢᠵᠤ᠂ ᠲᠡᠮᠦᠷ ᠵᠠᠮ ᠤᠨ ᠠᠮᠤᠷ ᠲᠦᠪᠰᠢᠨ ᠤ ᠬᠠᠤᠯᠢ ᠲᠣᠭᠲᠠᠭᠠᠯ᠂ ᠴᠠᠭᠠᠵᠠᠯᠠᠬᠤ ᠦᠶᠯᠡ ᠠᠵᠢᠯᠯᠠᠭ᠎ᠠ ᠶᠢᠨ ᠵᠢᠷᠤᠭ ᠢᠶᠠᠷ ᠢᠯᠡᠳᠬᠡᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠵᠡᠷᠭᠡ ᠮᠡᠳᠡᠯᠭᠡ ᠶᠢ ᠬᠠᠮᠤᠷᠴᠤ᠂ ᠵᠢᠷᠤᠭ ᠪᠢᠴᠢᠭ ᠢ ᠬᠤᠣᠰᠯᠠᠭᠤᠯᠤᠭᠰᠠᠨ ᠬᠡᠯᠪᠡᠷᠢ ᠪᠠᠷ ᠢᠯᠡᠷᠡᠭᠦᠯᠵᠦ᠂ ᠣᠶᠢᠯᠠᠭᠠᠬᠤ ᠪᠠ ᠴᠡᠭᠡᠵᠢᠯᠡᠬᠦ ᠳᠤ ᠲᠥᠬᠦᠮ ᠪᠣᠯᠭᠠᠵᠠᠢ᠃ ᠰᠤᠷᠤᠭᠴᠢᠳ ᠭᠠᠷ ᠳᠡᠪᠲᠡᠷ ᠢᠶᠠᠨ ᠣᠯᠣᠭᠰᠠᠨ ᠤ ᠳᠠᠷᠠᠭ᠎ᠠ᠂ ᠲᠡᠰᠬᠡᠯ ᠦᠭᠡᠢ ᠰᠤᠷᠤᠯᠴᠠᠯᠭ᠎ᠠ ᠪᠠᠨ ᠤᠷᠪᠠᠭᠤᠯᠤᠨ ᠦᠵᠡᠵᠦ᠂ ᠠᠵᠢᠯᠲᠠᠳ ᠪᠠᠰᠠ ᠬᠠᠵᠠᠭᠤ ᠳᠤᠨᠢ ᠬᠦᠯᠢᠴᠡᠩᠭᠦᠢ ᠪᠠᠷ ᠠᠰᠠᠭᠤᠯᠲᠠ ᠪᠠᠨ ᠬᠠᠷᠢᠭᠤᠯᠵᠤ ᠪᠠᠶᠢᠯ᠎ᠠ᠃ ᠰᠤᠷᠭᠠᠭᠤᠯᠢ  ᠠᠴᠠ ᠰᠤᠷᠤᠭᠴᠢᠳ  ᠢ ᠤᠬᠠᠭᠤᠯᠭ᠎ᠠ  ᠶᠢᠨ ᠳᠡᠪᠲᠡᠷ  ᠢᠶᠠᠨ ᠭᠡᠷ ᠲᠡᠭᠡᠨ ᠠᠪᠠᠴᠢᠵᠤ᠂ ᠭᠡᠷ ᠤᠨ ᠬᠥᠮᠥᠰ ᠲᠠᠢ ᠪᠠᠨ ᠬᠠᠮᠲᠤ ᠪᠠᠷ ᠰᠤᠷᠤᠯᠴᠠᠵᠤ᠂ ︽ᠨᠢᠭᠡ ᠰᠤᠷᠤᠭᠴᠢ  ᠶᠢ ᠬᠥᠮᠥᠵᠢᠭᠦᠯᠵᠦ᠂ ᠨᠢᠭᠡ ᠭᠡᠷ ᠪᠦᠯᠢ ᠶᠢ ᠳᠠᠶᠢᠴᠢᠯᠠᠨ᠂ ᠪᠦᠬᠦ ᠨᠡᠶᠢᠭᠡᠮ  ᠢ ᠨᠥᠯᠥᠭᠡᠯᠡᠬᠦ︾ ᠤᠬᠠᠭᠤᠯᠭ᠎ᠠ  ᠶᠢᠨ ᠬᠠᠷᠠᠯᠲᠠ  ᠶᠢ ᠪᠡᠶᠡᠯᠡᠭᠦᠯᠵᠦ᠂ ᠵᠠᠮ  ᠢ ᠬᠠᠶᠢᠷᠠᠯᠠᠵᠤ ᠵᠠᠮ  ᠢ ᠬᠠᠮᠠᠭᠠᠯᠠᠬᠤ ᠣᠶᠢᠯᠠᠭᠠᠭᠳᠠᠬᠤᠨ  ᠢ ᠨᠡᠩ ᠬᠤᠯᠠ ᠳᠠᠮᠵᠢᠭᠤᠯᠬᠤ   ᠶᠢ ᠰᠠᠨᠠᠭᠠᠴᠢᠯᠠᠵᠠᠢ᠃           ᠲᠣᠰ ᠤᠳᠠᠭᠠᠨ ᠤ ︽ᠵᠠᠮ ᠢᠶᠠᠨ ᠬᠠᠶᠢᠷᠠᠯᠠᠵᠤ ᠵᠠᠮ ᠢᠶᠠᠨ ᠬᠠᠮᠠᠭᠠᠯᠠᠬᠤ ᠳᠤ ᠥᠪᠡᠷ ᠤᠨ ᠪᠡᠶ᠎ᠡ ᠠᠴᠠ ᠪᠠᠨ ᠡᠬᠢᠯᠡᠨ ᠬᠢᠬᠦ︾ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠪᠠᠷ ᠳᠡᠮᠵᠢᠨ᠂ ᠪᠥᠬᠦ ᠰᠤᠷᠭᠠᠭᠤᠯᠢ ᠶᠢᠨ ᠪᠠᠭᠰᠢ ᠰᠤᠷᠤᠭᠴᠢᠳ ᠤᠨ ᠵᠠᠮ ᠢᠶᠠᠨ ᠬᠠᠶᠢᠷᠠᠯᠠᠵᠤ ᠵᠠᠮ ᠢᠶᠠᠨ ᠬᠠᠮᠠᠭᠠᠯᠠᠬᠤ ᠤᠬᠠᠮᠰᠠᠷ ᠢᠯᠡᠳᠲᠡ ᠳᠡᠭᠡᠭᠰᠢᠯᠡᠵᠦ᠂ ︽ᠨᠢᠭᠡ ᠰᠣᠷᠣᠭᠴᠢ ᠶᠢ ᠬᠥᠮᠥᠵᠢᠭᠦᠯᠬᠦ᠂ ᠨᠢᠭᠡ ᠭᠡᠷ ᠪᠦᠯᠢ ᠶᠢ ᠨᠥᠯᠥᠭᠡᠯᠡᠬᠦ᠂ ᠪᠥᠬᠦ ᠨᠡᠶᠢᠭᠡᠮ ᠢ ᠳᠠᠶᠢᠴᠢᠯᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ ᠬᠤᠶᠢᠰᠢᠳᠠ ᠴᠠᠭᠠᠨ ᠪᠠᠯᠭᠠᠰᠤᠨ ᠤ ᠰᠤᠷᠭᠠᠭᠤᠯᠢ ᠨᠤᠭᠤᠳ ᠵᠠᠮ ᠢᠶᠠᠨ ᠬᠠᠶᠢᠷᠠᠯᠠᠵᠤ ᠵᠠᠮ ᠢᠶᠠᠨ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠠᠵᠢᠯ ᠢᠶᠠᠨ ᠦᠷᠭᠦᠯᠵᠢᠯᠡᠨ ᠴᠢᠩᠭᠠᠳᠬᠠᠵᠤ᠂ ᠲᠡᠮᠦᠷ ᠵᠠᠮ ᠤᠨ ᠠᠮᠤᠷ ᠲᠦᠪᠰᠢᠨ ᠢ ᠬᠠᠮᠠᠭᠠᠯᠠᠬᠤ ᠳᠤ ᠬᠦᠴᠦᠨ ᠴᠢᠳᠠᠯ ᠢᠶᠠᠨ ᠡᠷᠭᠦᠨ᠎ᠡ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ