5 ᠰᠠᠷ᠎ᠠ ᠶᠢᠨ 19 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠠᠩ ᠨᠠᠢ ᠪᠢᠨ ᠠᠷᠪᠠᠨ ᠲᠠᠪᠤᠳᠤᠭᠠᠷ ᠬᠤᠭᠤᠴᠠᠭᠠᠨ ᠤ | ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 138 ᠳ᠋ᠤᠭᠠᠷ ᠤᠳᠠᠭᠠᠨ ᠤ ᠬᠤᠷᠠᠯ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ | ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ 2 ᠳ᠋ᠤᠭᠠᠷ ᠤᠳᠠᠭᠠᠨ ᠤ ᠬᠤᠷᠠᠯ᠂ ᠬᠤᠰᠢᠭᠤᠨ ᠤ ᠨᠠᠮ ᠤᠨ | ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠬᠤᠷᠢᠶ᠎ᠠ ᠶᠢᠨ 4 ᠳ᠋ᠦ᠋ᠭᠡᠷ ᠤᠳᠠᠭᠠᠨ ᠤ ᠬᠤᠷᠠᠯ᠂ ᠬᠤᠰᠢᠭᠤᠨ ᠤ ᠨᠠᠮ ᠤᠨ ᠬᠤᠷᠢᠶ᠎ᠠ ᠶᠢᠨ ᠨᠡᠶᠢᠭᠡᠮ ᠤᠨ | ᠠᠵᠢᠯ ᠤᠨ ᠬᠤᠷᠠᠯ᠂ ᠬᠤᠰᠢᠭᠤᠨ ᠤ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ 4 ᠳ᠋ᠦ᠋ᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠪᠣᠯᠣᠨ ᠬᠤᠯᠪᠣᠭᠳᠠᠯ ᠪᠦᠬᠦᠢ | ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠦᠵᠡᠮᠵᠢ ᠶᠢᠨ ᠣᠷᠣᠨ ᠤ ᠠᠮᠤᠷ ᠲᠦᠪᠰᠢᠨ ᠤ ᠪᠦᠬᠦ ᠬᠡᠯᠬᠢᠶ᠎ᠡ ᠶᠢᠨ ᠶᠡᠭᠡ ᠪᠠᠶᠢᠴᠠᠭᠠᠯᠲᠠ ᠶᠢ | ᠥᠷᠨᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠶᠡᠷᠦᠩᠬᠡᠶᠢᠯᠡᠭᠰᠡᠨ ᠵᠠᠰᠠᠯᠲᠠ ᠶᠢ ᠭᠦᠨᠵᠡᠭᠡᠶᠢᠷᠡᠭᠦᠯᠵᠦ᠂ ᠤᠢ ᠰᠢᠭᠤᠢ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠠᠵᠢᠯ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠤᠯᠠᠨ ᠬᠠᠷᠠᠭ᠎ᠠ ᠬᠡᠪᠴᠢᠶ᠎ᠡ᠂ ᠪᠦᠬᠦ ᠬᠦᠷᠢᠶᠡᠨ ᠴᠠᠷᠠᠭ᠎ᠠ ᠪᠠᠷ ᠠᠶᠤᠯᠭᠦᠢ | ᠦᠢᠯᠡᠳᠪᠦᠷᠢᠯᠡᠯ ᠤᠨ ᠠᠵᠢᠯ ᠢ ᠪᠣᠳᠠᠲᠠᠢ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠸᠠᠩ ᠱᠧᠩ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠪᠠᠶᠢᠴᠠᠭᠠᠨ | ᠰᠤᠳᠤᠯᠤᠯᠲᠠ ᠬᠢᠬᠦ ᠳᠡᠭᠡᠨ ᠳᠤᠷᠠᠳᠤᠭᠰᠠᠨ ᠠᠵᠢᠯ ᠤᠨ ᠱᠠᠭᠠᠷᠳᠠᠯᠭ᠎ᠠ ᠶᠢ ᠤᠯᠠᠮᠵᠢᠯᠠᠨ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ | ᠬᠠᠮᠠᠭᠠᠯᠠᠯᠲᠠ᠂ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠰᠣᠶᠣᠯ ᠵᠢᠭᠤᠯᠴᠢᠯᠠᠯ ᠤᠨ ᠲᠦᠷᠦᠯ ᠵᠦᠢᠯ ᠵᠡᠷᠭᠡ ᠳᠤ | ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠡᠯ᠎ᠡ ᠵᠦᠢᠯ ᠤᠨ ᠡᠭᠦᠷᠭᠡ ᠶᠢ ᠡᠷᠴᠢᠮᠲᠡᠢ | ᠪᠥᠭᠡᠳ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠦᠬᠦ ᠣᠷᠣᠨ ᠤ ᠠᠵᠤ ᠠᠬᠤᠢ ᠶᠢᠨ ᠠᠵᠢᠯ ᠤᠨ ᠵᠠᠳᠠᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠵᠢᠴᠢ ᠪᠤᠰᠤᠳ ᠲᠦᠷᠦ ᠶᠢᠨ | ᠪᠣᠳᠣᠯᠭ᠎ᠠ ᠬᠠᠤᠯᠢ ᠲᠣᠭᠲᠠᠭᠠᠯ ᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠴᠢᠬᠤᠯᠠᠴᠢᠯᠠᠭᠰᠠᠨ | ᠨᠢ ᠨᠢᠭᠡᠳᠦᠭᠡᠷ ᠠᠵᠤ ᠦᠢᠯᠡᠰ ᠤᠨ ᠰᠠᠭᠤᠷᠢ ᠶᠢ ᠪᠠᠬᠢᠵᠢᠭᠦᠯᠵᠦ᠂ ᠬᠤᠶᠠᠳᠤᠭᠠᠷ ᠠᠵᠤ ᠦᠢᠯᠡᠰ ᠤᠨ ᠲᠤᠯᠭᠠᠭᠤᠷᠢᠯᠠᠯ ᠢ ᠴᠢᠩᠭᠠᠳᠬᠠᠵᠤ᠂ ᠭᠤᠷᠪᠠᠳᠤᠭᠠᠷ ᠠᠵᠤ | ᠦᠢᠯᠡᠰ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠥᠭᠵᠢᠯᠲᠡ ᠶᠢᠨ ᠳᠤᠲᠠᠭᠤᠳᠠᠯ ᠢ ᠨᠥᠬᠦᠪᠦᠷᠢᠯᠡᠬᠦ ᠬᠡᠷᠡᠭᠲᠡᠢ᠃ ᠭᠤᠣᠯ ᠰᠡᠳᠦᠪ ᠲᠤ ᠠᠩᠬᠠᠷᠤᠯ ᠢᠶᠠᠨ | ᠲᠥᠪᠯᠡᠷᠡᠭᠦᠯᠵᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠨ᠂ ᠪᠥᠬᠦ ᠬᠤᠰᠢᠭᠤᠨ ᠤ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭᠠᠨ ᠤ | ᠰᠤᠷᠤᠯᠴᠠᠯᠭ᠎ᠠ ᠬᠥᠮᠦᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠪᠡᠯᠡᠳᠬᠡᠮᠵᠢ᠂ ᠠᠮᠤᠷ ᠲᠦᠪᠰᠢᠨ᠂ ᠤᠬᠠᠭᠤᠯᠭ᠎ᠠ᠂ ᠡᠵᠡᠩᠨᠡᠯᠲᠡ | ᠵᠡᠷᠭᠡ ᠲᠠᠯ᠎ᠠ ᠪᠠᠷ ᠭᠤᠣᠯᠯᠠᠭᠤᠯᠤᠨ᠂ ᠨᠡᠭᠦᠳᠡᠯ ᠮᠠᠯᠵᠢᠯ ᠤᠨ ᠠᠵᠢᠯᠯᠠᠭ᠎ᠠ ᠶᠢ ᠡᠮᠬᠢ ᠵᠢᠷᠤᠮ ᠲᠠᠢ ᠰᠠᠶᠢᠲᠤᠷ ᠥᠷᠨᠢᠭᠦᠯᠬᠦ ᠬᠡᠷᠡᠭᠲᠡᠢ᠃ | ᠬᠤᠷᠠᠯ ᠠᠴᠠ ᠪᠠᠰᠠ ᠤᠯᠤᠰ ᠤᠨ ᠠᠮᠤᠷ ᠲᠦᠪᠰᠢᠨ᠂ ᠨᠡᠶᠢᠭᠡᠮ ᠤᠨ ᠠᠵᠢᠯ᠂ ᠬᠢᠨᠠᠨ ᠪᠤᠳᠤᠬᠤ ᠠᠵᠢᠯ ᠵᠡᠷᠭᠡ ᠤᠴᠢᠷ ᠶᠠᠪᠤᠳᠠᠯ ᠢ ᠰᠤᠳᠤᠯᠵᠤ᠂ | ᠲᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠤᠭᠰᠠᠨ ᠪᠥᠭᠡᠳ ᠪᠤᠰᠤᠳ ᠬᠤᠯᠪᠣᠭᠳᠠᠯ ᠪᠦᠬᠦᠢ ᠤᠴᠢᠷ ᠶᠠᠪᠤᠳᠠᠯ ᠢ ᠬᠢᠨᠠᠨ | ᠶᠠᠷᠢᠯᠴᠠᠪᠠ᠃ |