ᠲᠠᠷᠢᠶᠠᠯᠠᠩ ᠮᠠᠯ ᠠᠵᠤ ᠠᠬᠤᠢ ᠶᠢᠨ ᠣᠨ ᠤ ᠮᠡᠳᠡᠭᠦᠯᠦᠯᠲᠡ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨ ᠬᠦ | ᠳᠡᠭᠡᠭᠰᠢᠯᠡᠭᠦᠯᠵᠦ᠂ ᠲᠤᠭ᠎ᠠ ᠪᠦᠷᠢᠳᠬᠡᠯ ᠤᠨ ᠠᠵᠢᠯ ᠤᠨ ᠰᠠᠭᠤᠷᠢ ᠶᠢ ᠪᠠᠲᠤᠳᠬᠠᠨ᠂ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠪᠠ ᠣᠨᠣᠪᠴᠢᠲᠤ ᠴᠢᠨᠠᠷ ᠢ | ᠦᠨᠡᠨ ᠬᠦ ᠪᠠᠲᠤᠯᠠᠬᠤ ᠶᠢᠨ ᠲᠥᠯᠥᠭᠡ᠂ 5 ᠰᠠᠷ᠎ᠠ ᠶᠢᠨ 16 ᠤ ᠡᠳᠦᠷ ᠠᠴᠠ 19 ᠤ ᠡᠳᠦᠷ ᠪᠣᠯᠲᠠᠯ᠎ᠠ᠂ ᠰᠢᠨ᠎ᠡ ᠪᠠᠷᠭᠤ ᠵᠡᠭᠦᠨ ᠬᠤᠰᠢᠭᠤᠨ ᠤ ᠲᠤᠭ᠎ᠠ | ᠪᠦᠷᠢᠳᠬᠡᠯ ᠤᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠪᠦᠷᠢᠳᠬᠡᠯ ᠤᠨ ᠠᠵᠢᠯᠲᠠᠳ ᠢ ᠳᠠᠭᠠᠭᠤᠯᠤᠨ | ᠠᠮᠤᠭᠤᠯᠠᠩ ᠪᠠᠯᠭᠠᠰᠤ᠂ ᠴᠠᠭᠠᠨ ᠪᠠᠯᠭᠠᠰᠤᠨ ᠳᠤ ᠬᠦᠷᠴᠦ ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠪᠦᠷᠢᠳᠬᠡᠯ ᠤᠨ ᠣᠨ ᠤ ᠮᠡᠳᠡᠭᠦᠯᠦᠯᠲᠡ ᠶᠢᠨ | ᠬᠦᠰᠦᠨᠦᠭᠲᠦ ᠶᠢᠨ ᠲᠤᠭ᠎ᠠ ᠪᠠᠷᠢᠮᠲᠠ ᠶᠢ ᠲᠤᠬᠠᠢ ᠶᠢᠨ ᠭᠠᠵᠠᠷ ᠲᠤᠨᠢ ᠬᠢᠨᠠᠨ ᠬᠠᠷᠭᠤᠭᠤᠯᠬᠤ ᠠᠵᠢᠯ ᠢ ᠥᠷᠨᠢᠭᠦᠯᠪᠡ᠃ | | | | | | ᠲᠤᠬᠠᠢ ᠶᠢᠨ ᠭᠠᠵᠠᠷ ᠲᠤᠨᠢ ᠬᠢᠨᠠᠨ ᠬᠠᠷᠭᠤᠭᠤᠯᠬᠤ ᠶᠠᠪᠤᠴᠠ ᠳᠤ᠂ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠠᠵᠢᠯᠲᠠᠳ ᠬᠠᠮᠢᠶ᠎ᠠ | ᠪᠦᠬᠦᠢ ᠲᠠᠷᠢᠶᠠᠯᠠᠩ ᠮᠠᠯ ᠠᠵᠤ ᠠᠬᠤᠢ ᠶᠢᠨ ᠣᠨ ᠤ ᠮᠡᠳᠡᠭᠦᠯᠦᠯᠲᠡ ᠶᠢᠨ ᠲᠤᠭ᠎ᠠ ᠪᠦᠷᠢᠳᠬᠡᠯ ᠤᠨ ᠳᠦᠷᠢᠮ ᠪᠠ ᠵᠢᠷᠤᠮᠵᠢᠯ ᠢ ᠴᠢᠩᠭ᠎ᠠ ᠵᠢᠷᠤᠮᠯᠠᠨ᠂ ᠠᠮᠤᠭᠤᠯᠠᠩ | ᠪᠠᠯᠭᠠᠰᠤ᠂ ᠴᠠᠭᠠᠨ ᠪᠠᠯᠭᠠᠰᠤᠨ ᠤ ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠪᠦᠷᠢᠳᠬᠡᠯ ᠤᠨ ᠡᠬᠡ ᠲᠠᠩᠰᠠ᠂ ᠮᠡᠳᠡᠭᠦᠯᠦᠯᠲᠡ ᠶᠢᠨ ᠬᠦᠰᠦᠨᠦᠭᠲᠦ ᠵᠢᠴᠢ ᠬᠠᠮᠢᠶ᠎ᠠ | ᠪᠦᠬᠦᠢ ᠮᠠᠲ᠋ᠧᠷᠢᠶᠠᠯ ᠳᠤ ᠨᠠᠷᠢᠨ ᠨᠢᠮᠪᠠᠢ ᠪᠠᠶᠢᠴᠠᠭᠠᠯᠲᠠ ᠬᠢᠵᠡᠢ᠃ ᠲᠥᠬᠦᠭᠡᠷᠦᠮᠵᠢᠲᠦ ᠲᠠᠷᠢᠶᠠᠯᠠᠩ ᠤᠨ ᠦᠢᠯᠡᠳᠪᠦᠷᠢᠯᠡᠯ ᠤᠨ ᠪᠠᠶᠢᠳᠠᠯ᠂ ᠠᠵᠤ ᠠᠬᠤᠢ ᠶᠢᠨ | ᠲᠠᠷᠢᠮᠠᠯ ᠤᠨ ᠦᠢᠯᠡᠳᠪᠦᠷᠢᠯᠡᠯ ᠤᠨ ᠪᠠᠶᠢᠳᠠᠯ ᠵᠡᠷᠭᠡ ᠮᠡᠳᠡᠭᠦᠯᠦᠯᠲᠡ ᠶᠢᠨ ᠬᠦᠰᠦᠨᠦᠭᠲᠦ ᠶᠢᠨ ᠲᠤᠭ᠎ᠠ ᠪᠠᠷᠢᠮᠲᠠ ᠶᠢ ᠭᠤᠣᠯᠳᠠᠯᠭ᠎ᠠ ᠲᠠᠢ ᠬᠢᠨᠠᠨ ᠬᠠᠷᠭᠤᠭᠤᠯᠪᠠ᠃ | | | | | | ᠬᠢᠨᠠᠨ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ | ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠴᠠᠭ ᠲᠤᠬᠠᠢ ᠳᠤᠨᠢ ᠠᠮᠤᠭᠤᠯᠠᠩ ᠪᠠᠯᠭᠠᠰᠤ᠂ ᠴᠠᠭᠠᠨ ᠪᠠᠯᠭᠠᠰᠤᠨ ᠤ ᠲᠤᠭ᠎ᠠ ᠪᠦᠷᠢᠳᠬᠡᠯ ᠤᠨ ᠬᠤᠪᠢᠳᠠᠨ | ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠲᠤᠭ᠎ᠠ ᠪᠦᠷᠢᠳᠬᠡᠯ ᠤᠨ ᠲᠤᠰᠠᠯᠠᠭᠴᠢ ᠲᠠᠢ ᠨᠡᠪᠲᠡᠷᠡᠯᠴᠡᠵᠦ ᠬᠠᠷᠢᠭᠤ ᠲᠤᠰᠬᠠᠪᠠ᠃ ᠬᠤᠰᠢᠭᠤᠨ ᠤ ᠲᠤᠭ᠎ᠠ ᠪᠦᠷᠢᠳᠬᠡᠯ ᠤᠨ | ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠪᠦᠷᠢᠳᠬᠡᠯ ᠤᠨ ᠠᠵᠢᠯᠲᠠᠨ ᠲᠤᠬᠠᠢ ᠶᠢᠨ ᠲᠠᠯᠠᠪᠠᠶ ᠳᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ | ᠥᠭᠴᠦ᠂ ᠴᠡᠭᠴᠡᠯᠡᠨ ᠰᠠᠶᠢᠵᠢᠷᠠᠭᠤᠯᠬᠤ ᠰᠠᠨᠠᠯ ᠪᠠ ᠰᠠᠨᠠᠭᠤᠯᠭ᠎ᠠ ᠳᠤᠷᠠᠳᠪᠠ᠃ ᠬᠤᠯᠪᠣᠭᠳᠠᠯ ᠪᠦᠬᠦᠢ ᠬᠥᠮᠥᠰ ᠢ ᠡᠷᠬᠡᠪᠰᠢ ᠲᠤᠭ᠎ᠠ ᠪᠠᠷᠢᠮᠲᠠ ᠶᠢᠨ ᠶᠠᠰᠤ ᠴᠢᠨᠠᠷ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠤᠨ ᠲᠤᠭ᠎ᠠ ᠪᠦᠷᠢᠳᠬᠡᠯ ᠤᠨ ᠴᠤᠪᠤᠷᠠᠯ ᠪᠠ ᠲᠤᠭ᠎ᠠ ᠪᠦᠷᠢᠳᠬᠡᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ | ᠠᠵᠢᠯ ᠢᠶᠠᠨ ᠥᠷᠨᠢᠭᠦᠯᠵᠦ᠂ ᠲᠤᠭ᠎ᠠ ᠪᠦᠷᠢᠳᠬᠡᠯ ᠤᠨ ᠦᠨᠳᠦᠰᠦ ᠪᠠᠷᠢᠮᠲᠠ ᠲᠠᠢ᠂ ᠨᠢᠭᠡᠳᠬᠡᠪᠡᠰᠦ ᠵᠣᠬᠢᠬᠤ ᠶᠢ ᠨᠢ ᠴᠥᠮ ᠨᠢᠭᠡᠳᠬᠡᠬᠦ ᠶᠢ ᠪᠡᠶᠡᠯᠡᠭᠦᠯᠬᠦ ᠬᠡᠷᠡᠭᠲᠡᠢ | ᠭᠡᠵᠦ ᠱᠠᠭᠠᠷᠳᠠᠪᠠ᠃ | | |