ᠬᠠᠷᠢᠶᠠᠲᠤ ᠣᠷᠣᠨ ᠤ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠦᠨᠡᠨᠬᠦ ᠬᠠᠮᠠᠭᠠᠯᠠᠬᠤ ᠶᠢᠨ ᠲᠥᠯᠥᠭᠡ᠂ ᠡᠯ᠎ᠡ ᠲᠥᠷᠥᠯ ᠤᠨ ᠵᠥᠷᠢᠴᠡᠯ | ᠵᠠᠭᠤᠷᠠᠯᠳᠤᠭᠠᠨ ᠤ ᠳᠠᠯᠳᠠ ᠭᠡᠮ ᠢ ᠴᠠᠭ ᠲᠤᠬᠠᠢ ᠳᠤᠨᠢ ᠠᠷᠢᠯᠭᠠᠵᠤ ᠰᠢᠨ᠎ᠡ ᠪᠠᠷᠭᠤ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠨᠳᠠᠭᠠᠢ ᠶᠢᠨ | ᠬᠠᠤᠯᠢ ᠴᠠᠭᠠᠵᠠ ᠶᠢᠨ ᠰᠠᠯᠪᠤᠷᠢ ᠶᠢᠨ ᠬᠢᠨ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠭᠦᠷᠭᠡ ᠴᠢᠳᠠᠪᠬᠢ ᠶᠢᠨ ᠦᠢᠯᠡᠳᠦᠯ ᠢᠶᠠᠨ | ᠭᠦᠢᠴᠡᠳ ᠪᠠᠳᠠᠷᠠᠭᠤᠯᠵᠤ᠂ 5 ᠰᠠᠷ᠎ᠠ ᠶᠢᠨ 17 ᠠᠴᠠ 5 ᠰᠠᠷ᠎ᠠ ᠶᠢᠨ 20 ᠤ ᠡᠳᠦᠷ ᠪᠣᠯᠲᠠᠯ᠎ᠠ᠂ ᠬᠦᠴᠦᠨ ᠢᠶᠠᠨ ᠵᠣᠬᠢᠶᠠᠨ ᠪᠠᠶᠢᠭᠤᠯᠵᠤ ᠨᠡᠶᠢᠭᠡᠮ ᠲᠣᠭᠤᠷᠢᠭ ᠤᠨ | ᠵᠠᠯᠠᠷᠠᠭᠤᠯᠬᠤ ᠡᠲᠡᠭᠡᠳ᠂ ᠲᠥᠪᠬᠢᠨᠡᠭᠦᠯᠵᠦ ᠬᠠᠪᠰᠤᠷᠤᠨ ᠰᠤᠷᠭᠠᠬᠤ ᠵᠡᠷᠭᠡ ᠭᠤᠣᠯᠳᠠᠯᠭ᠎ᠠ ᠲᠠᠢ ᠬᠥᠮᠥᠰ ᠲᠤ ︽ᠨᠢᠭᠤᠷᠳᠠᠨ ᠪᠠᠶᠢᠴᠠᠭᠠᠬᠤ︾ ᠵᠥᠷᠢᠴᠡᠯ | ᠵᠠᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠲᠤᠰᠬᠠᠢ ᠠᠵᠢᠯᠯᠠᠭ᠎ᠠ ᠶᠢ ᠥᠷᠨᠢᠭᠦᠯᠵᠦ᠂ ︽ᠥᠴᠥᠬᠡᠨ ᠴᠦ ᠵᠠᠢ ᠦᠭᠡᠢ︾ ᠪᠠᠷ ᠤᠯᠠᠨ ᠲᠦᠮᠡᠨ ᠲᠠᠢ ᠣᠶᠢᠷᠠᠲᠤᠬᠤ᠂ | ︽ᠨᠢᠭᠤᠷᠳᠠᠨ ᠶᠠᠷᠢᠯᠴᠠᠬᠤ︾ ᠪᠠᠷ ᠳᠠᠮᠵᠢᠨ ᠬᠦᠰᠡᠯ ᠱᠠᠭᠠᠷᠳᠠᠯᠭ᠎ᠠ ᠶᠢ ᠰᠣᠨᠣᠰᠴᠤ᠂ ᠵᠥᠷᠢᠴᠡᠯ ᠵᠠᠭᠤᠷᠠᠯᠳᠤᠭᠠᠨ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠪᠦᠲᠦᠮᠵᠢᠲᠡᠢ | ᠰᠢᠢᠳᠪᠦᠷᠢᠯᠡᠪᠡ᠃ | ᠠᠵᠢᠯᠲᠠᠳ ᠰᠦᠯᠵᠢᠶᠡᠨ ᠤ ᠠᠵᠢᠯᠲᠠᠨ᠂ ᠲᠣᠰᠬᠤᠨ ᠤ ᠺᠠᠳ᠋ᠷᠴᠤᠳ ᠲᠠᠢ ᠬᠠᠮᠲᠤᠷᠠᠨ᠂ ᠡᠷᠦᠬᠡ ᠳᠤ ᠬᠦᠷᠴᠦ ᠰᠤᠷᠪᠤᠯᠵᠢᠯᠠᠬᠤ᠂ ᠬᠥᠷᠰᠢ | ᠵᠡᠷᠭᠡᠯᠡᠳᠡᠭᠡ ᠠᠴᠠ ᠪᠠᠨ ᠯᠠᠪᠯᠠᠨ ᠠᠰᠠᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠤᠣᠯᠳᠠᠯᠭ᠎ᠠ ᠲᠠᠢ ᠬᠥᠮᠥᠰ ᠤᠨ ᠭᠡᠷ ᠪᠦᠯᠢ ᠶᠢᠨ ᠬᠠᠷᠢᠴᠠᠭ᠎ᠠ᠂ ᠠᠵᠤ | ᠠᠬᠤᠢ ᠶᠢᠨ ᠪᠠᠶᠢᠳᠠᠯ ᠵᠡᠷᠭᠡ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠨ ᠪᠠᠶᠢᠴᠠᠭᠠᠵᠤ᠂ ᠳᠠᠯᠳᠠ ᠵᠥᠷᠢᠴᠡᠯ ᠤᠨ ᠳᠠᠯᠳᠠ ᠬᠡᠮ ᠢ ᠡᠮᠬᠢᠯᠡᠨ ᠳᠢᠭᠯᠡᠬᠦ ᠶᠢᠨ ᠬᠠᠮᠲᠤ ᠡᠬᠡ | ᠲᠠᠩᠰᠠ ᠪᠠᠶᠢᠭᠤᠯᠵᠤ᠂ ᠨᠡᠶᠢᠲᠡ 2 ᠤᠳᠠᠭᠠᠨ ᠤ ᠵᠠᠭᠤᠷᠠᠯᠳᠤᠭᠠᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠭᠠᠷᠭᠠᠪᠠ᠂ ᠡᠨᠡ ᠨᠢ ᠭᠡᠷ ᠪᠦᠯᠢ᠂ ᠨᠤᠲᠤᠭ | ᠪᠡᠯᠴᠢᠭᠡᠷ ᠵᠡᠷᠭᠡ ᠬᠦᠷᠢᠶ᠎ᠡ ᠴᠠᠷᠠᠭ᠎ᠠ ᠳᠤ ᠬᠤᠯᠪᠣᠭᠳᠠᠨ᠎ᠠ᠃ ᠵᠢᠭᠰᠠᠭᠠᠨ ᠪᠠᠶᠢᠴᠠᠭᠠᠬᠤ ᠶᠠᠪᠤᠴᠠ ᠳᠤ᠂ ᠬᠠᠤᠯᠢ ᠴᠠᠭᠠᠵᠠ ᠶᠢᠨ ᠰᠠᠯᠪᠤᠷᠢ ᠶᠢᠨ ᠬᠢᠨ ᠣᠯᠠᠨ ᠡᠰᠢᠲᠦ | ᠡᠶᠡᠳᠡᠭᠦᠯᠬᠦ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ ᠡᠩ ᠤᠨ ᠵᠠᠭᠤᠷᠠᠯᠳᠤᠭᠠᠨ ᠢ ᠲᠤᠬᠠᠢ ᠶᠢᠨ ᠭᠠᠵᠠᠷ ᠲᠤᠨᠢ ᠡᠶᠡᠳᠡᠭᠦᠯᠬᠦ᠂ ᠪᠤᠳᠤᠯᠢᠶᠠᠨᠲᠠᠢ ᠠᠰᠠᠭᠤᠳᠠᠯ ᠢ | ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠵᠥᠪᠳᠡᠯᠴᠡᠨ ᠰᠢᠢᠳᠪᠦᠷᠢᠯᠡᠵᠦ᠂ ᠣᠳᠣᠬᠠᠨ ᠳᠤ ᠨᠢᠭᠡᠨᠲᠡ 5 ᠤᠳᠠᠭᠠᠨ ᠤ ᠵᠠᠭᠤᠷᠠᠯᠳᠤᠭᠠᠨ ᠢ ᠠᠮᠵᠢᠯᠲᠠ ᠲᠠᠢ ᠪᠠᠷ | ᠰᠢᠢᠳᠪᠦᠷᠢᠯᠡᠵᠡᠢ᠃ ᠡᠭᠦᠨ ᠤ ᠬᠠᠮᠲᠤ᠂ ᠠᠵᠢᠯᠲᠠᠳ ᠵᠢᠭᠰᠠᠭᠠᠨ ᠪᠠᠶᠢᠴᠠᠭᠠᠬᠤ ᠲᠠᠢ ᠤᠶᠠᠯᠳᠤᠭᠤᠯᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠨᠢᠭᠦᠯᠵᠦ᠂ | 80 ᠬᠤᠪᠢ ᠮᠠᠲ᠋ᠧᠷᠢᠶᠠᠯ ᠲᠠᠷᠬᠠᠭᠠᠨ᠂ 3 ᠤᠳᠠᠭ᠎ᠠ ᠠᠰᠠᠭᠤᠨ ᠯᠠᠪᠯᠠᠵᠤ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠶᠣᠰᠣᠭᠠᠷ ᠡᠷᠬᠡ ᠪᠠᠨ | ᠬᠠᠮᠠᠭᠠᠯᠠᠭᠤᠯᠪᠠ᠃ | ᠵᠠᠯᠭᠠᠭᠠᠳ ᠬᠠᠨᠳᠠᠭᠠᠢ ᠶᠢᠨ ᠬᠠᠤᠯᠢ ᠴᠠᠭᠠᠵᠠ ᠶᠢᠨ ᠰᠠᠯᠪᠤᠷᠢ ᠶᠢᠨ ᠬᠢᠨ ᠵᠥᠷᠢᠴᠡᠯ ᠢ ᠳᠠᠷᠠᠭᠠᠯᠠᠨ ᠪᠠᠶᠢᠴᠠᠭᠠᠬᠤ ᠪᠠ ᠬᠥᠳᠡᠯᠦᠩᠭᠦᠢ ᠬᠠᠮᠢᠶᠠᠷᠤᠨ | ᠡᠵᠡᠮᠳᠡᠬᠦ ᠶᠢ ᠦᠷᠭᠦᠯᠵᠢᠯᠡᠨ ᠴᠢᠩᠭᠠᠳᠬᠠᠵᠤ᠂ ᠬᠠᠷᠢᠶ᠎ᠠ ᠣᠷᠣᠨ ᠤ ᠠᠮᠤᠷ ᠲᠦᠪᠰᠢᠨ ᠤ ᠪᠠᠶᠢᠭᠤᠯᠤᠯᠲᠠ ᠳᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃ | | | | | | | | | | |