ᠳᠣᠲᠣᠭᠠᠳᠤ ᠶᠢᠨ ᠬᠢᠨᠠᠨ ᠪᠤᠳᠤᠬᠤ ᠡᠭᠦᠷᠭᠡ ᠴᠢᠳᠠᠪᠤᠷᠢ ᠶᠢ ᠴᠢᠩᠭᠠᠳᠬᠠᠬᠤ ᠶᠢᠨ ᠲᠥᠯᠥᠭᠡ᠂ ᠰᠢᠨ᠎ᠡ ᠪᠠᠷᠭᠤ ᠵᠡᠭᠦᠨ ᠬᠤᠰᠢᠭᠤᠨ ᠤ ᠬᠢᠨᠠᠨ ᠪᠤᠳᠤᠬᠤ | ᠲᠣᠪᠴᠢᠶ᠎ᠠ 2025 ᠣᠨ ᠤ ᠳᠣᠲᠣᠭᠠᠳᠤ ᠶᠢᠨ ᠬᠢᠨᠠᠨ ᠪᠤᠳᠤᠬᠤ ᠠᠵᠢᠯ ᠤᠨ ᠬᠤᠷᠠᠯ ᠬᠤᠷᠠᠯᠳᠤᠭᠤᠯᠵᠤ᠂ ᠡᠯ᠎ᠡ ᠨᠢᠭᠡᠴᠢ ᠶᠢᠨ ᠳᠣᠲᠣᠭᠠᠳᠤ ᠶᠢᠨ ᠬᠢᠨᠠᠨ ᠪᠤᠳᠤᠬᠤ | ᠬᠠᠷᠢᠭᠤᠴᠠᠯᠭᠠᠲᠠᠨ ᠵᠢᠴᠢ ᠭᠤᠣᠯᠯᠠᠭᠴᠢ ᠬᠤᠷᠠᠯ ᠳᠤ ᠣᠷᠣᠯᠴᠠᠵᠤ᠂ ᠳᠣᠲᠣᠭᠠᠳᠤ ᠶᠢᠨ ᠬᠢᠨᠠᠨ ᠪᠠᠶᠢᠴᠠᠭᠠᠯᠲᠠ ᠶᠢᠨ ᠬᠥᠭᠵᠢᠯᠲᠡ ᠶᠢᠨ ᠴᠢᠭᠯᠡᠯ ᠢ ᠬᠠᠮᠲᠤᠪᠠᠷ | ᠵᠥᠪᠳᠡᠯᠴᠡᠪᠡ᠃ | | | | | | ᠬᠤᠷᠠᠯ ᠠᠴᠠ ᠡᠩ ᠲᠡᠷᠢᠭᠦᠨ ᠳᠤ ᠰᠢᠨ᠎ᠡ ᠪᠠᠷᠭᠤ ᠵᠡᠭᠦᠨ ᠬᠤᠰᠢᠭᠤᠨ ᠤ 2024 ᠣᠨ ᠤ ᠳᠣᠲᠣᠭᠠᠳᠤ ᠬᠢᠨᠠᠯᠲᠠ ᠶᠢᠨ ᠠᠵᠢᠯ ᠢ ᠳ᠋ᠦᠩᠨᠡᠵᠦ᠂ ᠪᠠᠭᠤᠷᠠᠢ | ᠭᠤᠭᠴᠤᠭ᠎ᠠ ᠳᠤ ᠰᠢᠭᠤᠳ ᠬᠠᠨᠳᠤᠵᠤ᠂ ᠬᠢᠨᠠᠨ ᠪᠣᠳᠣᠯᠲᠠ ᠶᠢᠨ ᠪᠦᠷᠬᠦᠴᠡ ᠶᠢᠨ ᠥᠷᠭᠡᠴᠡ᠂ ᠳᠦᠷᠢᠮ ᠤᠨ ᠪᠠᠶᠢᠭᠤᠯᠤᠯᠲᠠ ᠠᠴᠠ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠵᠡᠷᠭᠡ ᠠᠰᠠᠭᠤᠳᠠᠯ ᠢ ᠭᠦᠨᠵᠡᠭᠡᠢ ᠵᠠᠳᠠᠯᠤᠨ ᠰᠢᠨᠵᠢᠯᠡᠬᠦ ᠶᠢᠨ ᠬᠠᠮᠲᠤ ᠴᠢᠭᠯᠡᠭᠦᠯᠬᠦ ᠴᠢᠨᠠᠷᠲᠠᠢ ᠰᠠᠶᠢᠵᠢᠷᠠᠭᠤᠯᠬᠤ ᠠᠷᠭ᠎ᠠ ᠪᠣᠳᠣᠯᠭ᠎ᠠ ᠶᠢ | ᠳᠤᠷᠠᠳᠴᠠᠢ᠃ | ᠬᠤᠷᠠᠯ ᠠᠴᠠ ᠭᠤᠷᠪᠠᠨ ᠵᠦᠢᠯ ᠤᠨ ᠠᠵᠢᠯ ᠤᠨ ᠱᠠᠭᠠᠷᠳᠠᠯᠭ᠎ᠠ ᠶᠢ ᠴᠢᠬᠤᠯᠠᠴᠢᠯᠠᠪᠠ᠄ ᠨᠢᠭᠡ ᠳᠤ᠂ ᠨᠠᠮ ᠤᠨ ᠳᠣᠲᠣᠭᠠᠳᠤ ᠶᠢᠨ ᠬᠢᠨᠠᠨ ᠪᠤᠳᠤᠬᠤ | ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠶᠢ ᠬᠢᠨᠠᠨ ᠪᠤᠳᠤᠬᠤ ᠪᠦᠬᠦ ᠶᠠᠪᠤᠴᠠ ᠳᠤ | ᠲᠤᠭᠤᠰᠢᠯᠠᠭᠤᠯᠵᠤ᠂ ᠬᠢᠨᠠᠨ ᠪᠤᠳᠤᠬᠤ ᠡᠷᠬᠡ ᠰᠦᠷᠲᠦ ᠴᠢᠨᠠᠷ ᠢ ᠳᠡᠭᠡᠭᠰᠢᠯᠡᠭᠦᠯᠵᠦ᠂ ᠲᠦᠷᠦ ᠶᠢᠨ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠤᠨᠢᠨ ᠳᠡᠭᠡᠷ᠎ᠡ ᠨᠢ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ︔ ᠬᠤᠶᠠᠷ ᠲᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠨ | ᠪᠣᠳᠣᠯᠲᠠ ᠶᠢᠨ ᠮᠡᠷᠭᠡᠵᠢᠯ ᠤᠨ ᠠᠷᠭ᠎ᠠ ᠶᠢ ᠰᠢᠯᠢᠳᠡᠭᠵᠢᠭᠦᠯᠵᠦ᠂ ᠬᠢᠨᠠᠨ ᠪᠣᠳᠣᠯᠲᠠ ᠶᠢᠨ ᠪᠦᠷᠬᠦᠴᠡ ᠶᠢ ᠥᠷᠭᠡᠳᠬᠡᠵᠦ᠂ ᠬᠢᠨᠠᠯᠲᠠ ᠲᠠᠯᠪᠢᠬᠤ ᠣᠨᠣᠪᠴᠢ ᠶᠢᠨ | ᠬᠡᠮᠵᠢᠶ᠎ᠡ ᠶᠢ ᠳᠡᠭᠡᠭᠰᠢᠯᠡᠭᠦᠯᠵᠦ᠂ ᠬᠢᠨᠠᠨ ᠪᠣᠳᠣᠯᠲᠠ ᠶᠢᠨ ᠶᠠᠰᠤ ᠴᠢᠨᠠᠷ ᠪᠣᠯᠣᠨ ᠦᠷ᠎ᠡ ᠠᠰᠢᠭ ᠤᠨ ᠬᠤᠣᠰ ᠳᠡᠭᠡᠭᠰᠢᠯᠡᠯᠲᠡ ᠶᠢ ᠪᠡᠶᠡᠯᠡᠭᠦᠯᠦᠨ᠎ᠡ︔ ᠭᠤᠷᠪᠠ ᠳᠤ᠂ ᠬᠢᠨᠠᠨ | ᠪᠤᠳᠤᠵᠤ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠨᠢᠭᠡᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠲᠣᠳᠣᠷᠬᠠᠶᠢᠯᠠᠵᠤ᠂ ᠪᠢᠲᠡᠭᠦᠦ ᠴᠠᠭᠠᠷᠢᠭ ᠢᠶᠠᠷ ᠮᠥᠷᠳᠡᠵᠦ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠵᠤ᠂ ᠬᠢᠨᠠᠭᠰᠠᠨ ᠦᠷ᠎ᠡ ᠪᠦᠲᠦᠭᠡᠯ ᠢ ᠥᠨᠳᠥᠷ | ᠪᠦᠲᠦᠮᠵᠢᠲᠡᠢ ᠪᠠᠷ ᠬᠤᠪᠢᠷᠠᠭᠤᠯᠤᠨ ᠬᠡᠷᠡᠭᠯᠡᠬᠦ ᠶᠢ ᠠᠬᠢᠭᠤᠯᠤᠨ᠎ᠠ᠃ ᠡᠳᠡᠭᠡᠷ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠳᠣᠲᠣᠭᠠᠳᠤ ᠬᠢᠨᠠᠯᠲᠠ ᠶᠢᠨ ᠲᠣᠭᠲᠠᠴᠠ ᠶᠢ ᠨᠡᠩ | ᠪᠦᠷᠢᠨᠰᠢᠭᠦᠯᠬᠦ᠂ ᠶᠠᠰᠤ ᠴᠢᠨᠠᠷ ᠢ ᠨᠡᠩ ᠵᠢᠷᠤᠮᠵᠢᠭᠤᠯᠬᠤ᠂ ᠦᠷ᠎ᠡ ᠪᠦᠲᠦᠭᠡᠯ ᠢ ᠨᠡᠩ ᠭᠦᠨᠵᠡᠭᠡᠶᠢᠷᠡᠭᠦᠯᠬᠦ᠂ ᠡᠩᠨᠡᠭᠡᠨ ᠤ ᠪᠠᠶᠢᠭᠤᠯᠤᠯᠲᠠ ᠶᠢ ᠨᠡᠩ ᠲᠤᠰᠬᠠᠢ ᠮᠡᠷᠭᠡᠵᠢᠯ ᠲᠠᠢ᠂ | ᠬᠢᠨᠠᠯᠲᠠ ᠵᠢᠯᠣᠭᠤᠳᠤᠯᠭ᠎ᠠ ᠶᠢ ᠨᠡᠩ ᠬᠦᠴᠦᠲᠡᠢ ᠪᠣᠯᠭᠠᠬᠤ ᠶᠢ ᠲᠦᠯᠬᠢᠨ ᠠᠬᠢᠭᠤᠯᠵᠤ᠂ ᠳᠣᠲᠣᠭᠠᠳᠤ ᠬᠢᠨᠠᠯᠲᠠ ᠶᠢᠨ ᠠᠵᠢᠯ ᠤᠨ ᠰᠢᠨ᠎ᠡ ᠪᠠᠶᠢᠳᠠᠯ ᠢ ᠪᠦᠬᠦ ᠲᠠᠯ᠎ᠠ ᠪᠠᠷ | ᠪᠤᠢ ᠪᠣᠯᠭᠠᠨ᠎ᠠ᠃ | ᠲᠣᠰ ᠤᠳᠠᠭᠠᠨ ᠤ ᠬᠤᠷᠠᠯ ᠨᠢ 2025 ᠣᠨ ᠤ ᠬᠠᠷᠢᠶᠠᠲᠤ ᠣᠷᠣᠨ ᠤ ᠳᠣᠲᠣᠭᠠᠳᠤ ᠶᠢᠨ ᠬᠢᠨᠠᠨ ᠪᠤᠳᠤᠬᠤ ᠠᠵᠢᠯ ᠳᠤ ᠵᠠᠮ ᠱᠤᠭᠤᠮ ᠢ ᠵᠢᠭᠠᠨ | ᠥᠭᠴᠦ᠂ ᠳᠣᠲᠣᠭᠠᠳᠤ ᠶᠢᠨ ᠬᠢᠨᠠᠨ ᠪᠠᠶᠢᠴᠠᠭᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ | ᠦᠢᠯᠡᠴᠢᠯᠡᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | |