ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ ᠲᠥᠯᠥᠭᠡ | ᠂ ᠬᠠᠪᠤᠷ ᠤᠨ ᠤᠯᠠᠷᠢᠯ ᠤᠨ ᠬᠢᠵᠢᠭ ᠢ ᠰᠡᠷᠭᠡᠶᠢᠯᠡᠬᠦ ᠲᠥᠪᠯᠡᠷᠡᠩᠭᠦᠢ ᠡᠭᠡᠯᠢᠯᠡᠭᠡ ᠶᠢᠨ ᠶᠠᠰᠤ ᠴᠢᠨᠠᠷ ᠪᠠ ᠨᠢᠭᠲᠠᠴᠠ ᠶᠢ ᠪᠠᠲᠤᠯᠠᠵᠤ᠂ ᠪᠦᠲᠦᠮᠵᠢᠲᠡᠶ ᠠᠮᠤᠷ ᠲᠦᠪᠰᠢᠨ ᠤ | ᠬᠠᠯᠬᠠᠪᠴᠢ ᠶᠢ ᠪᠠᠶᠢᠭᠤᠯᠤᠨ᠂ ᠮᠠᠯ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠭᠠᠨᠵᠤᠤᠷ ᠰᠤᠮᠤ ᠶᠢᠨ ᠲᠠᠷᠢᠶᠠᠯᠠᠩ | ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠠᠴᠠ ᠠᠵᠢᠯᠲᠠᠨ ᠢᠶᠠᠨ ᠵᠣᠬᠢᠶᠠᠨ ᠪᠠᠶᠢᠭᠤᠯᠵᠤ᠂ ᠬᠢᠵᠢᠭ ᠢ ᠰᠡᠷᠭᠡᠶᠢᠯᠡᠬᠦ ᠬᠢᠨᠠᠯᠲᠠ ᠲᠠᠯᠪᠢᠬᠤ ᠳᠤᠭᠤᠶᠢᠯᠠᠩ | ᠪᠠᠶᠢᠭᠤᠯᠤᠨ᠂ ᠬᠠᠷᠢᠶᠠᠲᠤ ᠣᠷᠣᠨ ᠤ ᠡᠯ᠎ᠡ ᠭᠠᠴᠠᠭ᠎ᠠ ᠳᠤ ᠭᠦᠨᠵᠡᠭᠡᠶᠢᠷᠡᠨ ᠬᠠᠪᠤᠷ ᠤᠨ ᠤᠯᠠᠷᠢᠯ ᠤᠨ ᠮᠠᠯ ᠤᠨ ᠲᠥᠪᠯᠡᠷᠡᠩᠭᠦᠢ ᠡᠭᠡᠯᠢᠯᠡᠭᠡ ᠶᠢᠨ ᠠᠵᠢᠯ ᠳᠤ ᠪᠥᠬᠦ | ᠶᠠᠪᠤᠴᠠ ᠶᠢᠨ ᠬᠢᠨᠠᠯᠲᠠ ᠲᠠᠯᠪᠢᠵᠤ ᠵᠢᠯᠣᠭᠤᠳᠪᠠ᠃ | | | | | | ᠠᠵᠢᠯᠲᠠᠳ ᠠᠮᠢᠲᠠᠨ ᠤ ᠡᠭᠡᠯᠢᠯᠡᠭᠡ ᠶᠢᠨ ᠠᠵᠢᠯᠯᠠᠭ᠎ᠠ ᠥᠷᠨᠢᠭᠦᠯᠵᠦ ᠪᠠᠶᠢᠭ᠎ᠠ ᠮᠠᠯᠴᠢᠨ ᠡᠷᠦᠬᠡ ᠶᠢ ᠰᠣᠩᠭᠤᠨ ᠪᠠᠶᠢᠴᠠᠭᠠᠵᠤ᠂ ᠲᠤᠬᠠᠢ ᠶᠢᠨ ᠲᠠᠯᠠᠪᠠᠶ ᠳᠤ | ᠬᠢᠵᠢᠭ ᠰᠡᠷᠭᠡᠶᠢᠯᠡᠭᠴᠢ ᠶᠢᠨ ᠠᠵᠢᠯᠯᠠᠭ᠎ᠠ᠂ ᠬᠤᠪᠢ ᠬᠥᠮᠥᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ᠂ ᠡᠮ ᠤᠨ ᠵᠦᠢᠯ ᠢ ᠠᠪᠴᠤ ᠶᠠᠪᠤᠬᠤ ᠬᠠᠮᠢᠶᠠᠷᠤᠯᠲᠠ᠂ | ᠠᠮᠢᠲᠠᠨ ᠤ ᠬᠢᠵᠢᠭ ᠡᠪᠡᠳᠴᠢᠨ ᠤ ᠰᠤᠳᠤᠯᠤᠯ ᠤᠨ ᠪᠠᠶᠢᠴᠠᠭᠠᠯᠲᠠ᠂ ᠦᠬᠡᠷ ᠤᠨ ᠠᠷᠠᠰᠤᠨ ᠤ ᠵᠠᠩᠭᠢᠯᠠᠭᠠᠲᠤ ᠡᠪᠡᠳᠴᠢᠨ᠂ ᠪᠣᠭᠤᠮ᠎ᠠ ᠡᠪᠡᠳᠴᠢᠨ ᠢ ᠰᠡᠷᠭᠡᠶᠢᠯᠡᠨ | ᠡᠵᠡᠮᠳᠡᠵᠦ ᠵᠢᠭᠰᠠᠭᠠᠨ ᠪᠠᠶᠢᠴᠠᠭᠠᠬᠤ ᠡᠭᠡᠯᠢᠯᠡᠭᠡ ᠵᠢᠴᠢ ᠪᠷᠦ᠋ᠼᠧᠯ ᠡᠪᠡᠳᠴᠢᠨ ᠤ ᠢᠷᠡᠯᠲᠡ ᠶᠢ ᠡᠷᠢᠵᠦ ᠴᠡᠭ ᠢ ᠤᠰᠠᠳᠬᠠᠵᠤ ᠴᠢᠰᠤ ᠠᠪᠬᠤ ᠶᠢ ᠪᠠᠶᠢᠴᠠᠭᠠᠨ ᠬᠡᠮᠵᠢᠬᠦ | ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠬᠢᠨᠠᠨ ᠪᠠᠶᠢᠴᠠᠭᠠᠵᠤ᠂ ᠬᠢᠵᠢᠭ ᠢ ᠰᠡᠷᠭᠡᠶᠢᠯᠡᠬᠦ ᠠᠵᠢᠯᠲᠠᠨ ᠤ ᠬᠠᠷᠢᠭᠤᠴᠠᠯᠭ᠎ᠠ ᠶᠢᠨ ᠦᠵᠡᠯ ᠤᠬᠠᠮᠰᠠᠷ ᠪᠠ | ᠦᠢᠯᠡᠴᠢᠯᠡᠭᠡᠨ ᠤ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠯᠦ ᠬᠠᠯᠳᠠᠭᠠᠬᠤ ᠴᠢᠨᠠᠷ ᠢ ᠪᠠᠲᠤᠯᠠᠨ᠂ ᠡᠨᠡ ᠵᠢᠯ ᠤᠨ ᠬᠠᠪᠤᠷ ᠤᠨ | ᠰᠡᠷᠭᠡᠶᠢᠯᠡᠯᠲᠡ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | | | | | | | | | ᠣᠳᠣᠬᠠᠨ ᠪᠣᠯᠲᠠᠯ᠎ᠠ᠂ ᠭᠠᠨᠵᠤᠤᠷ ᠰᠤᠮᠤᠨ ᠤ ᠬᠠᠪᠤᠷ ᠤᠨ ᠤᠯᠠᠷᠢᠯ ᠤᠨ ᠲᠥᠪᠯᠡᠷᠡᠭᠦᠯᠦᠨ ᠡᠭᠡᠯᠢᠯᠡᠬᠦ ᠠᠵᠢᠯ ᠨᠢ ᠠᠮᠢᠲᠠᠨ ᠤ ᠡᠭᠡᠯᠢᠯᠡᠭᠡ ᠶᠢ ᠨᠡᠶᠢᠲᠡ | 71753 ᠪᠡᠶᠡᠯᠡᠭᠦᠯᠵᠦ᠂ ᠡᠭᠡᠯᠢᠯᠡᠭᠡ ᠶᠢᠨ ᠠᠬᠢᠴᠠ ᠨᠢ ᠨᠢᠭᠡᠨᠲᠡ 68% ᠳᠤ ᠬᠦᠷᠴᠡᠢ᠂ ᠡᠭᠦᠨ ᠳᠤ᠄ ᠬᠤᠨᠢᠨ ᠤ ᠰᠢᠯᠦᠬᠡᠢ ᠡᠪᠡᠳᠴᠢᠨ 26868᠂ ᠬᠤᠨᠢᠨ ᠤ | ᠳᠥᠷᠪᠡᠨ ᠬᠤᠯᠪᠣᠭᠠᠲᠤ 42076᠂ ᠦᠬᠡᠷ ᠤᠨ ᠰᠢᠯᠦᠬᠡᠢ ᠡᠪᠡᠳᠴᠢᠨ 22050᠂ ᠦᠬᠡᠷ ᠤᠨ ᠬᠡᠶᠢᠲᠦ ᠬᠠᠪᠤᠩ 9468᠂ ᠦᠬᠡᠷ ᠤᠨ ᠫᠠᠰᠲ᠋ᠧᠷ ᠤᠨ ᠰᠠᠪᠬᠠᠨᠴᠢᠷ | ᠪᠠᠺᠲ᠋ᠧᠷᠢ 9468᠂ ᠦᠬᠡᠷ ᠤᠨ ᠭᠦᠪᠲᠦᠷᠦᠦ 29677᠂ ᠪᠣᠭᠤᠮ᠎ᠠ ᠦᠬᠡᠷ ᠬᠤᠨᠢ 71753 ᠪᠣᠶ᠃ | ᠳᠠᠷᠠᠭᠠᠴᠢ ᠶᠢᠨ ᠠᠯᠬᠤᠮ ᠳᠤ᠂ ᠭᠠᠨᠵᠤᠤᠷ ᠰᠤᠮᠤ ᠡᠯ᠎ᠡ ᠵᠦᠢᠯ ᠤᠨ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ | ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠱᠠᠯᠠᠪᠳᠠᠭᠤᠯᠤᠨ ᠪᠠᠶᠢᠴᠠᠭᠠᠬᠤ ᠡᠷᠴᠢᠮ ᠪᠣᠯᠣᠨ ᠤᠬᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠮᠠᠯ | ᠠᠵᠤ ᠠᠬᠤᠢ ᠶᠢᠨ ︽ᠠᠮᠤᠷ ᠲᠦᠪᠰᠢᠨ ᠤ ᠲᠣᠣᠷ︾ ᠋ ᠢ ᠪᠠᠲᠤ ᠪᠠᠶᠢᠭᠤᠯᠵᠤ᠂ ᠠᠮᠢᠲᠠᠨ ᠤ ᠬᠢᠵᠢᠭ ᠡᠪᠡᠳᠴᠢᠨ ᠡᠭᠦᠰᠬᠦ ᠲᠦᠭᠰᠢᠭᠦᠷᠢ ᠶᠢ ᠬᠠᠮᠤᠭ ᠤᠨ ᠶᠡᠭᠡ | ᠬᠡᠮᠵᠢᠶ᠎ᠡ ᠪᠠᠷ ᠪᠠᠭᠠᠰᠬᠠᠵᠤ᠂ ᠪᠦᠬᠦ ᠰᠤᠮᠤᠨ ᠤ ᠮᠠᠯ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠪᠠᠲᠤᠯᠠᠨ᠎ᠠ᠃ | | |