ᠤᠯᠤᠰ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠳᠤ ᠭᠠᠷᠴᠤ ᠡᠯᠧᠺᠲᠷᠣᠨ ᠤᠷᠤᠭ ᠤᠨ ᠦᠨᠡᠮᠯᠡᠯ ᠬᠢᠯᠭᠡᠵᠦ ᠠᠪᠬᠤ ᠪᠠᠨ ᠪᠢᠳᠡᠭᠡᠢ | ᠮᠠᠷᠳᠠᠭᠠᠷᠠᠢ᠂ ᠬᠤᠷᠢᠮᠯᠠᠭᠰᠠᠨ ᠬᠦᠮᠦᠰ ᠴᠤ ᠠᠪᠴᠤ ᠪᠣᠯᠤᠨ᠎ᠠ᠃ ᠣᠳᠣᠬᠠᠨ ᠳᠤ ᠣᠷᠤᠭ ᠤᠨ ᠪᠠᠳᠤᠯᠠᠪᠤᠷᠢ ᠶᠢᠨ ᠡᠯᠧᠺᠲᠷᠣᠨ ᠦᠨᠡᠮᠯᠡᠯ ᠢ ᠨᠢᠭᠡᠨᠲᠡ ᠡᠷᠦᠬᠡ | ᠠᠮᠠ ᠶᠢᠨ ᠳᠡᠩᠰᠡᠯᠡᠯᠲᠡ ᠬᠢᠯᠭᠡᠬᠦ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠬᠢᠯᠭᠡᠬᠦ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ | ᠭᠤᠶᠤᠴᠢᠯᠠᠬᠤ᠂ ᠬᠡᠷ ᠪᠠᠶᠢᠰᠢᠩ ᠬᠤᠳᠠᠯᠳᠤᠨ ᠠᠪᠬᠤ ᠬᠢᠷᠢ ᠬᠡᠮ ᠢ ᠬᠢᠨᠠᠨ ᠬᠠᠷᠭᠤᠭᠤᠯᠬᠤ ᠵᠡᠷᠭᠡ ᠪᠠᠶᠢᠳᠠᠯ ᠳᠤ ᠭᠡᠷᠡᠭᠯᠡᠬᠦ ᠪᠤᠯᠵᠤ᠂ ᠠᠵᠢᠯ ᠶᠠᠪᠤᠳᠠᠯ | ᠬᠦᠶᠴᠡᠳᠭᠡᠭᠴᠢ ᠨᠢ ᠳᠡᠭᠡᠷ᠎ᠡ ᠳᠤᠷᠠᠳᠤᠭᠰᠠᠨ ᠲᠤᠬᠠᠶᠢᠯᠠᠭᠰᠠᠨ ᠠᠵᠢᠯ ᠢ ᠭᠦᠶᠴᠡᠳᠬᠡᠬᠦ ᠦᠶ᠎ᠡ ᠳᠤ ᠲᠠᠨ ᠤ ᠨᠡᠷ᠎ᠡ ᠳᠤᠤᠷᠠᠬᠢ ᠣᠷᠤᠭ ᠤᠨ ᠪᠠᠳᠤᠯᠠᠪᠤᠷᠢ ᠶᠢᠨ | ᠡᠯᠧᠺᠲᠷᠣᠨ ᠦᠨᠡᠮᠯᠡᠯ ᠢ ᠴᠢᠨᠢ ᠰᠢᠯᠵᠢᠭᠦᠯᠦᠨ ᠠᠪᠴᠤ ᠬᠡᠷᠡᠭᠯᠡᠨ᠂ ᠪᠤᠳᠠᠳᠠᠢ ᠬᠦᠮᠦᠨ ᠨᠢ ᠭᠡᠷᠡᠴᠢ ᠦᠨᠡᠮᠯᠡᠯ ᠢᠶᠠᠨ ᠲᠤᠰᠢᠶᠠᠬᠤ ᠥᠬᠡᠶ ᠴᠤ ᠬᠡᠰᠡᠨ ︽ᠨᠢᠭᠡ ᠯᠡ | ᠨᠣᠮᠧᠷ ᠢᠶᠠᠷ ᠬᠡᠷᠡᠭ ᠡᠷᠭᠢᠯᠡᠬᠦ︾ ᠶᠢ ᠪᠡᠶᠡᠯᠡᠭᠦᠯᠵᠦ ᠪᠠᠶᠢᠨ᠎ᠠ᠃ | ᠠᠵᠢᠯᠯᠠᠬᠤ ᠠᠯᠬᠤᠮ ᠳᠠᠷᠠᠭ᠎ᠠ᠄ | ᠸᠢᠴᠠᠲ ᠠᠴᠠ ᠪᠠᠨ ︽ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ︾ ᠢ ᠡᠷᠢᠵᠦ ᠭᠠᠷᠭᠠᠭᠠᠳ ᠲᠤᠷᠤᠬᠰᠢ ᠭᠤᠯᠭᠤᠯᠵᠤ ︽ | ᠮᠢᠨᠦ ᠦᠨᠡᠮᠯᠡᠯ︾ ︵"我的证照"︶ ᠢ ᠤᠯᠤᠭᠠᠳ᠂︽ᠪᠥᠬᠦᠳᠡ︾ ︵"全部"︶ ᠬᠡᠰᠡᠨ ᠦᠰᠦᠭ ᠢ ᠲᠣᠪᠰᠢᠵᠦ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠣᠷᠤᠭ ᠤᠨ ᠪᠠᠳᠤᠯᠠᠪᠤᠷᠢ ᠶᠢᠨ ᠦᠨᠡᠮᠯᠡᠯ︾ ᠢ ᠰᠣᠩᠭᠤᠨ᠎ᠠ᠃ | |