︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠲᠤᠭᠤᠷᠪᠢᠬᠤ ᠠᠵᠢᠯ ᠰᠦᠯᠵᠢᠶᠡᠨ ᠳᠡᠭᠡᠷ᠎ᠡ ᠰᠠᠨᠠᠯ ᠬᠤᠷᠢᠶᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/21
          ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 20 ᠤ ᠡᠳᠦᠷ ᠤᠨ ᠮᠡᠳᠡᠭᠡ ᠶᠡᠷᠦᠩᠬᠡᠢ ᠱᠦᠵᠢ ᠰᠢ ᠶᠢᠨ ᠫᠢᠩ ᠤᠢᠢᠷ᠎ᠠ ᠶᠢᠨ ᠡᠳᠦᠷ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠲᠤᠭᠤᠷᠪᠢᠬᠤ ᠠᠵᠢᠯ ᠳᠤ ᠴᠢᠬᠤᠯᠠ ᠵᠢᠭᠠᠪᠤᠷᠢ ᠥᠭᠴᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠪᠠᠷᠢᠮᠲᠠᠯᠠᠵᠤ᠂ ᠲᠥᠯᠥᠪᠵᠢᠭᠦᠯᠭᠡ ᠶᠢ ᠨᠠᠶᠢᠷᠠᠭᠤᠯᠤᠨ ᠲᠤᠭᠤᠷᠪᠢᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 5 ᠰᠠᠷ᠎ᠠ ᠶᠢᠨ 20 ᠤ ᠡᠳᠦᠷ ᠠᠴᠠ ᠡᠬᠢᠯᠡᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠲᠤᠭᠤᠷᠪᠢᠬᠤ ᠠᠵᠢᠯ ᠤᠨ ᠲᠤᠬᠠᠢ ᠰᠦᠯᠵᠢᠶᠡᠨ ᠳᠡᠭᠡᠷ᠎ᠡ ᠰᠠᠨᠠᠯ ᠬᠤᠷᠢᠶᠠᠬᠤ ᠠᠵᠢᠯᠯᠠᠭ᠎ᠠ ᠥᠷᠨᠢᠭᠦᠯᠪᠡ᠃          ᠲᠠᠨᠢᠯᠴᠠᠭᠤᠯᠤᠭᠰᠠᠨ ᠢᠶᠠᠷ᠂ ᠲᠣᠰ ᠤᠳᠠᠭᠠᠨ ᠤ ᠰᠦᠯᠵᠢᠶᠡᠨ ᠳᠡᠭᠡᠷ᠎ᠡ ᠰᠠᠨᠠᠯ ᠬᠤᠷᠢᠶᠠᠬᠤ ᠠᠵᠢᠯᠯᠠᠭ᠎ᠠ ᠨᠢ ᠲᠣᠰ ᠲᠣᠰ ᠠᠷᠠᠳ ᠤᠨ ᠡᠳᠦᠷ ᠤᠨ ᠰᠣᠨᠢᠨ ᠂ ᠰᠢᠨᠬᠤᠸᠠ ᠬᠤᠷᠢᠶ᠎ᠠ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ ᠶᠢᠨ ᠬᠠᠷᠢᠶ᠎ᠠ ᠠᠯᠪᠠᠨ ᠰᠦᠯᠵᠢᠶ᠎ᠡ᠂ ᠰᠣᠨᠢᠨ ᠮᠡᠳᠡᠭᠡᠨ ᠤ ᠬᠡᠷᠡᠭᠯᠡᠭᠴᠢ ᠶᠢᠨ ᠦᠵᠦᠭᠦᠷ ᠵᠢᠴᠢ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠰᠤᠷᠤᠯᠴᠠᠬᠤ ᠲᠠᠪᠴᠠᠩ ᠳᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠨᠠᠯ ᠰᠠᠨᠠᠭᠤᠯᠭ᠎ᠠ ᠳᠤᠷᠠᠳᠬᠤ ᠲᠤᠰᠬᠠᠶ ᠪᠤᠯᠤᠩ ᠭᠠᠷᠭᠠᠵᠤ᠂ ᠥᠷᠭᠡᠨ ᠣᠯᠠᠨ ᠰᠦᠯᠵᠢᠶᠡᠴᠢᠨ ᠬᠠᠮᠢᠶ᠎ᠠ ᠪᠥᠬᠦᠶ ᠨᠢᠭᠤᠷ ᠬᠠᠭᠤᠳᠠᠰᠤᠨ ᠳᠤ ᠣᠷᠣᠵᠤ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ ᠪᠣᠯᠤᠨ᠎ᠠ᠃ ᠰᠦᠯᠵᠢᠶᠡᠨ ᠳᠡᠭᠡᠷ᠎ᠡ ᠰᠠᠨᠠᠯ ᠬᠤᠷᠢᠶᠠᠬᠤ ᠠᠵᠢᠯᠯᠠᠭ᠎ᠠ 1 ᠰᠠᠷ᠎ᠠ ᠶᠢᠨ ᠬᠤᠭᠤᠴᠠᠭ᠎ᠠ ᠲᠠᠢ ᠶᠠᠪᠤᠭᠳᠠᠵᠤ᠂ ᠬᠤᠯᠪᠣᠭᠳᠠᠯ ᠪᠥᠬᠦᠶ ᠰᠠᠨᠠᠯ ᠰᠠᠨᠠᠭᠤᠯᠭ᠎ᠠ ᠶᠢ ᠬᠤᠷᠢᠶᠠᠩᠭᠤᠶᠢᠯᠠᠨ ᠡᠮᠬᠢᠳᠬᠡᠭᠰᠡᠨ ᠤ ᠳᠠᠷᠠᠭ᠎ᠠ ᠲᠥᠪ ᠬᠤᠷᠢᠶ᠎ᠠ ᠳᠤ ᠬᠠᠨᠭ᠍ᠭᠠᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠯᠠᠪᠯᠠᠯᠲᠠ ᠪᠤᠯᠭᠠᠨ᠎ᠠ᠃          ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠨᠢ ᠮᠠᠨ ᠤ ᠤᠯᠤᠰ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠠᠬᠢᠴᠠ ᠳᠤᠮᠳᠠ ᠤᠷᠢᠳᠤᠬᠢ ᠶᠢ ᠵᠠᠯᠭᠠᠮᠵᠢᠯᠠᠨ ᠢᠷᠡᠭᠡᠳᠦᠢ ᠶᠢ ᠨᠡᠭᠡᠭᠡᠵᠦ᠂ ᠴᠢᠬᠤᠯᠠ ᠶᠡᠭᠡ ᠠᠴᠢ ᠬᠤᠯᠪᠣᠭᠳᠠᠯ ᠲᠠᠢ ᠪᠣᠯᠬᠤᠷ ᠡᠷᠬᠡᠪᠰᠢ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠰᠡᠳᠤᠨ ᠲᠦᠰᠦᠪᠯᠡᠭᠦ ᠬᠡᠷᠡᠭᠲᠡᠢ᠃ ᠣᠳᠣᠬᠠᠨ ᠳᠤ ᠨᠠᠮ ᠤᠨ ᠲᠥᠪ ᠬᠤᠷᠢᠶ᠎ᠠ ᠠᠴᠠ ᠶᠠᠭ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠰᠠᠨᠠᠭᠤᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ ᠪᠠᠶᠢᠨ᠎ᠠ᠃
ᠢᠷᠡᠯᠲᠡ᠄ ᠠᠷᠠᠳ ᠤᠨ ᠰᠦᠯᠵᠢᠶ᠎ᠡ