5 ᠰᠠᠷ᠎ᠠ ᠶᠢᠨ 20 ᠤ ᠡᠳᠦᠷ᠂ ᠰᠢᠨ᠎ᠡ ᠪᠠᠷᠭᠤ ᠵᠡᠭᠦᠨ ᠬᠤᠰᠢᠭᠤ ᠭᠠᠳᠠᠨ᠎ᠠ ᠠᠴᠠ ᠢᠷᠡᠭᠰᠡᠨ ᠮᠠᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ | ᠴᠢᠩᠭᠠᠳᠬᠠᠬᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠂ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ | ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠬᠠᠳᠠ ᠡᠷᠭᠢᠯᠡᠵᠦ᠂ ᠲᠤᠰ ᠤᠳᠠᠭᠠᠨ ᠤ ᠬᠤᠷᠠᠯ ᠤᠨ ᠵᠣᠷᠢᠯᠭ᠎ᠠ ᠨᠢ ᠣᠶᠢᠷ᠎ᠠ ᠶᠢᠨ ᠬᠤᠭᠤᠴᠠᠭᠠᠨ ᠤ | ᠭᠠᠳᠠᠨ᠎ᠠ ᠠᠴᠠ ᠢᠷᠡᠭᠰᠡᠨ ᠮᠠᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠤ᠂ ᠠᠵᠢᠯ ᠤᠨ | ᠡᠮᠬᠢ ᠵᠢᠷᠤᠮ ᠲᠠᠢ ᠪᠥᠭᠡᠳ ᠥᠨᠳᠥᠷ ᠪᠦᠲᠦᠮᠵᠢᠲᠡᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ ᠶᠤᠮ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ᠂ ︽ᠴᠡᠭ︾ ᠤᠨ ᠲᠠᠯ᠎ᠠ ᠪᠠᠷ᠂ ᠪᠣᠭᠤᠮᠲᠠ ᠶᠢᠨ ᠵᠢᠵᠢᠭᠦᠷᠯᠡᠭᠴᠢ ᠰᠡᠵᠢᠭ ᠲᠠᠢ ᠬᠥᠮᠥᠰ ᠢ ᠵᠢᠭᠰᠠᠭᠠᠨ | ᠪᠠᠶᠢᠴᠠᠭᠠᠬᠤ ᠪᠠᠨ ᠴᠢᠩᠭᠠᠳᠬᠠᠵᠤ᠂ ᠬᠡᠪ ᠤᠨ ᠪᠤᠰᠤ ᠦᠶᠯᠡ ᠠᠵᠢᠯᠯᠠᠭ᠎ᠠ ᠲᠠᠢ ᠬᠥᠮᠥᠰ ᠢ ᠣᠯᠵᠤ ᠮᠡᠳᠡᠪᠡᠯ᠂ ᠴᠠᠭ ᠲᠤᠬᠠᠢ ᠳᠤᠨᠢ ᠪᠢᠴᠢᠭ ᠮᠠᠲ᠋ᠧᠷᠢᠶᠠᠯ ᠤᠨ | ᠬᠡᠯᠪᠡᠷᠢ ᠪᠠᠷ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠤᠨ ᠳᠤᠭᠤᠶᠢᠯᠠᠩ ᠳᠤ ᠮᠡᠳᠡᠭᠦᠯᠦᠨ ᠬᠦᠷᠭᠡᠵᠦ ᠤᠯᠠᠮ ᠨᠢᠭᠡ ᠠᠯᠬᠤᠮ | ᠰᠢᠢᠳᠪᠦᠷᠢᠯᠡᠭᠦᠯᠬᠦ ᠬᠡᠷᠡᠭᠲᠡᠢ᠃ ᠬᠤᠶᠠᠷ ᠲᠤ᠂ ︽ᠱᠤᠭᠤᠮ︾ ᠤᠨ ᠲᠠᠯ᠎ᠠ ᠪᠠᠷ᠂ ᠣᠯᠠᠨ ᠰᠠᠯᠠᠭ᠎ᠠ ᠮᠥᠴᠢᠷ ᠬᠠᠮᠵᠢᠯᠴᠠᠨ᠂ ᠵᠠᠩᠭᠢᠯᠠᠭ᠎ᠠ ᠶᠢᠨ ᠴᠠᠭ ᠪᠠ | ᠵᠠᠩᠭᠢᠯᠠᠭ᠎ᠠ ᠶᠢᠨ ᠪᠠᠶᠢᠷᠢᠨ ᠳᠤ ᠠᠩᠬᠠᠷᠤᠯ ᠢᠶᠠᠨ ᠲᠥᠪᠯᠡᠷᠡᠭᠦᠯᠵᠦ᠂ ᠡᠳᠦᠷ ᠲᠤᠲᠤᠮ ᠤᠨ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠦᠷᠭᠦᠯᠵᠢᠯᠡᠨ | ᠥᠷᠨᠢᠭᠦᠯᠵᠦ᠂ ᠭᠠᠳᠠᠨ᠎ᠠ ᠠᠴᠠ ᠢᠷᠡᠭᠰᠡᠨ ᠮᠠᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠳᠤᠮᠳᠠᠬᠢ ᠳᠤᠲᠠᠭᠳᠠᠯ ᠢ ᠪᠦᠲᠦᠮᠵᠢᠲᠡᠶ ᠰᠡᠷᠭᠡᠶᠢᠯᠡᠨ᠎ᠡ᠃ | ᠭᠤᠷᠪᠠ ᠳᠤ᠂ ︽ᠨᠢᠭᠤᠷ︾ ᠤᠨ ᠲᠠᠯ᠎ᠠ ᠪᠠᠷ᠂ ᠭᠠᠳᠠᠨ᠎ᠠ ᠠᠴᠠ ᠢᠷᠡᠭᠰᠡᠨ ᠮᠠᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠳᠤᠮᠳᠠᠬᠢ ᠰᠦᠪᠡᠭᠴᠢ ᠮᠡᠳᠡᠭᠡ ᠶᠢ | ᠴᠤᠭᠯᠠᠭᠤᠯᠵᠤ᠂ ᠠᠵᠢᠯ ᠳᠤ ᠪᠠᠶᠢᠭ᠎ᠠ ᠬᠥᠮᠥᠰ ᠤᠨ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠳᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠴᠢᠩᠭ᠎ᠠ | ᠨᠠᠶᠢᠳᠠᠪᠤᠷᠢᠵᠢᠭᠤᠯᠵᠤ᠂ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ |