ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 15 ᠤ ᠴᠠᠭᠢᠯᠭᠠᠨ ᠮᠡᠳᠡᠭᠡ ᠬᠤᠲᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠬᠦ ᠪᠣᠯ | ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ | ᠴᠢᠬᠤᠯᠠ ᠠᠷᠭ᠎ᠠ ᠬᠡᠮᠵᠢᠶ᠎ᠡ ᠮᠥᠨ᠃ ᠬᠤᠲᠠ ᠶᠢ ᠰᠢᠨᠡᠳᠬᠡᠬᠦ ᠠᠵᠢᠯᠯᠠᠭ᠎ᠠ ᠶᠢ ᠦᠷᠭᠦᠯᠵᠢᠯᠡᠨ ᠠᠬᠢᠭᠤᠯᠬᠤ ᠶᠢᠨ ᠲᠤᠰᠠᠳᠠ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠤᠲᠠ ᠶᠢᠨ ᠠᠵᠢᠯ ᠤᠨ ᠲᠤᠬᠠᠢ ᠴᠢᠬᠤᠯᠠ | ᠥᠭᠦᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ | ᠬᠤᠲᠠ ᠶᠢᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠠᠷᠭ᠎ᠠ ᠭᠡᠯᠪᠡᠷᠢ ᠶᠢ ᠬᠤᠪᠢᠷᠠᠭᠤᠯᠵᠤ᠂ ᠦᠷᠭᠦᠯᠵᠢᠯᠡᠬᠦᠶᠢᠴᠡ ᠬᠤᠲᠠ ᠶᠢ ᠰᠢᠨᠡᠳᠬᠡᠬᠦ ᠵᠠᠭᠪᠤᠷ ᠪᠣᠯᠣᠨ | ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠪᠠᠶᠢᠭᠤᠯᠵᠤ᠂ ᠬᠤᠲᠠ ᠶᠢ ᠰᠢᠨᠡᠳᠬᠡᠬᠦ ᠶᠢ ᠶᠡᠭᠡ ᠪᠠᠷ ᠬᠡᠷᠡᠭᠵᠢᠭᠦᠯᠵᠦ᠂ ᠬᠤᠲᠠ ᠶᠢᠨ ᠪᠦᠲᠦᠴᠡ ᠶᠢ ᠰᠢᠯᠢᠳᠡᠭᠵᠢᠭᠦᠯᠬᠦ᠂ | ᠴᠢᠳᠠᠮᠵᠢ ᠶᠢ ᠲᠡᠭᠦᠯᠳᠡᠷᠵᠢᠭᠦᠯᠬᠦ᠂ ᠰᠣᠶᠣᠯ ᠤᠨ ᠤᠯᠠᠮᠵᠢᠯᠠᠯ ᠢ ᠦᠷᠭᠦᠯᠵᠢᠯᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠭᠦ ᠶᠢ ᠠᠬᠢᠭᠤᠯᠵᠤ᠂ ᠣᠷᠣᠰᠢᠨ ᠰᠠᠭᠤᠬᠤ ᠳᠤ | ᠲᠣᠬᠢᠷᠠᠮᠵᠢᠲᠠᠢ᠂ ᠤᠶᠠᠨ ᠬᠠᠲᠠᠨ ᠴᠢᠨᠠᠷ ᠲᠠᠢ᠂ ᠣᠶᠤᠨᠲᠤ ᠬᠤᠲᠠ ᠶᠢ ᠴᠣᠭᠴᠠᠯᠠᠨ ᠪᠠᠶᠢᠭᠤᠯᠤᠨ᠎ᠠ᠃ | ᠠᠵᠢᠯ ᠤᠨ ᠳᠤᠮᠳᠠ ᠪᠠᠨ ᠳᠣᠣᠷᠠᠬᠢ ᠶᠠᠪᠤᠳᠠᠯ ᠢ ᠪᠡᠶᠡᠯᠡᠭᠦᠯᠬᠦ ᠬᠡᠷᠡᠭᠲᠡᠢ᠄ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠤ | ᠬᠤᠲᠠ ᠶᠢᠨ ᠣᠶᠢᠯᠠᠭᠠᠭᠳᠠᠬᠤᠨ ᠢ ᠪᠦᠭᠦ ᠲᠠᠯ᠎ᠠ ᠪᠠᠷ ᠦᠢᠯᠡᠳᠦᠯᠭᠡᠵᠢᠭᠦᠯᠵᠦ᠂ ᠰᠠᠶᠢᠨ ᠭᠡᠷ ᠪᠠᠶᠢᠰᠢᠩ᠂ ᠰᠠᠶᠢᠨ ᠰᠠᠭᠤᠭᠠᠯᠢ ᠠᠷᠠᠳ ᠤᠨ ᠲᠣᠭᠤᠷᠢᠭ᠂ ᠰᠠᠶᠢᠨ ᠨᠡᠶᠢᠭᠡᠮ | ᠲᠣᠭᠤᠷᠢᠭ᠂ ᠰᠠᠶᠢᠨ ᠬᠤᠲᠠ ᠶᠢᠨ ᠲᠣᠭᠤᠷᠢᠭ ᠢ ᠪᠦᠲᠦᠭᠡᠨ ᠪᠠᠶᠢᠭᠤᠯᠤᠨ᠎ᠠ︔ ᠰᠢᠰᠲ᠋ᠧᠮ ᠤᠨ ᠦᠵᠡᠯᠲᠡ ᠶᠢ ᠪᠠᠷᠢᠮᠲᠠᠯᠠᠨ᠂ ᠬᠤᠲᠠ ᠶᠢᠨ ᠬᠥᠭᠵᠢᠯᠲᠡ ᠶᠢᠨ ᠵᠢᠮ᠎ᠡ | ᠶᠣᠰᠣ ᠶᠢ ᠭᠦᠨᠳᠦᠳᠭᠡᠵᠦ᠂ ᠪᠦᠭᠦ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢᠨ ᠦᠵᠡᠯ ᠤᠬᠠᠮᠰᠠᠷ ᠢ ᠪᠤᠶ ᠪᠤᠯᠭᠠᠵᠤ᠂ ᠬᠤᠲᠠ ᠶᠢᠨ ᠰᠢᠰᠲ᠋ᠧᠮᠲᠦ ᠴᠢᠨᠠᠷ᠂ | ᠪᠦᠬᠦᠯᠢ ᠴᠣᠭᠴᠠᠲᠤ ᠴᠢᠨᠠᠷ᠂ ᠵᠣᠬᠢᠴᠠᠩᠭᠤᠢ ᠴᠢᠨᠠᠷ ᠢ ᠲᠠᠰᠤᠷᠠᠯᠲᠠ ᠦᠭᠡᠢ ᠨᠡᠮᠡᠭᠳᠡᠭᠦᠯᠦᠨ᠎ᠡ︔ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ | ᠬᠥᠭᠵᠢᠯᠲᠡ ᠶᠢᠨ ᠲᠥᠯᠦᠪᠵᠢᠭᠦᠯᠭᠡ ᠶᠢᠨ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠵᠤ᠂ ᠤᠯᠤᠰ ᠤᠨ ᠨᠤᠲᠤᠭ ᠳᠡᠪᠢᠰᠬᠡᠷ ᠤᠨ | ᠣᠷᠣᠨ ᠵᠠᠢ ᠶᠢᠨ ᠲᠥᠯᠦᠪᠵᠢᠭᠦᠯᠭᠡ ᠶᠢᠨ ᠰᠠᠭᠤᠷᠢ ᠦᠢᠯᠡᠳᠦᠯ ᠢ ᠴᠢᠩᠭᠠᠳᠬᠠᠵᠤ᠂ ᠲᠤᠰᠬᠠᠢ ᠲᠥᠯᠦᠪᠵᠢᠭᠦᠯᠭᠡ ᠶᠢ ᠬᠡᠷᠡᠭᠵᠢᠭᠦᠯᠬᠦ ᠲᠤᠯᠭᠠᠭᠤᠷᠢᠯᠠᠬᠤ ᠦᠢᠯᠡᠳᠦᠯ ᠢ | ᠴᠢᠩᠭᠠᠳᠬᠠᠨ᠎ᠠ︔ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ ᠬᠤᠲᠠ ᠶᠢᠨ ᠠᠵᠢᠯᠯᠠᠭᠠᠨ ᠳᠤᠮᠳᠠᠬᠢ ᠠᠶᠤᠯ ᠲᠦᠭᠰᠢᠭᠦᠷᠢ | ᠥᠷᠢᠰᠦᠯᠳᠦᠭᠡᠨ ᠢ ᠰᠡᠷᠭᠡᠶᠢᠯᠡᠨ ᠠᠷᠭᠠᠴᠠᠭᠠᠵᠤ᠂ ᠬᠤᠲᠠ ᠶᠢᠨ ᠤᠶᠠᠨ ᠬᠠᠲᠠᠨ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ︔ ᠬᠠᠮᠠᠭᠠᠯᠠᠬᠤ ᠶᠢ ᠲᠡᠷᠢᠭᠦᠨ ᠳᠤ | ᠲᠠᠯᠪᠢᠬᠤ᠂ ᠬᠠᠮᠠᠭᠠᠯᠠᠬᠤ ᠶᠣᠰᠣᠲᠠᠢ ᠶᠢ ᠨᠢ ᠪᠦᠭᠦᠨ ᠢ ᠬᠠᠮᠠᠭᠠᠯᠠᠬᠤ᠂ ᠬᠡᠷᠡᠭᠯᠡᠬᠦ ᠪᠠᠷ ᠬᠠᠮᠠᠭᠠᠯᠠᠬᠤ ᠶᠢ ᠠᠬᠢᠭᠤᠯᠬᠤ ᠶᠢ ᠪᠠᠷᠢᠮᠲᠠᠯᠠᠵᠤ᠂ ᠬᠤᠳᠠ ᠶᠢ ᠰᠢᠨᠡᠳᠬᠡᠬᠦ ᠪᠦᠭᠦ | ᠶᠠᠪᠤᠴᠠ᠂ ᠡᠯ᠎ᠡ ᠭᠤᠭᠴᠤᠭ᠎ᠠ ᠳᠤ ᠬᠤᠳᠠ ᠶᠢᠨ ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠨ᠎ᠠ︔ ᠦᠨᠡᠨ ᠠᠴᠠ ᠵᠥᠪ ᠢ ᠡᠷᠢᠬᠦ᠂ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠬᠤ᠂ ᠴᠢᠳᠠᠯ ᠢᠶᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠠᠷᠠᠳ ᠢ ᠵᠦᠳᠡᠭᠡᠵᠦ ᠡᠳ᠋ ᠢ ᠰᠦᠢᠳᠬᠡᠬᠦ | ︽ᠨᠢᠭᠤᠷ ᠲᠠᠯ᠎ᠠ ᠶᠢᠨ ᠢᠨᠵᠧᠨᠧᠷᠢᠩ︾᠂ ︽ᠳᠦᠷᠢ ᠲᠥᠷᠬᠦ ᠶᠢᠨ ᠢᠨᠵᠧᠨᠧᠷᠢᠩ︾ ᠢ ᠬᠢᠬᠦ ᠦᠭᠡᠢ ᠪᠠᠶᠢᠬᠤ ᠬᠡᠷᠡᠭᠲᠡᠢ᠃ | ᠭᠤᠣᠯ ᠬᠠᠷᠠᠯᠲᠠ ᠪᠣᠯ᠄ 2030 ᠣᠨ ᠪᠤᠯᠬᠤ ᠳᠤ᠂ ᠬᠤᠲᠠ ᠶᠢ ᠰᠢᠨᠡᠳᠬᠡᠬᠦ ᠠᠵᠢᠯᠯᠠᠭ᠎ᠠ ᠶᠢᠨ ᠬᠡᠷᠡᠭᠵᠢᠭᠦᠯᠦᠯᠲᠡ ᠶᠢ ᠴᠢᠬᠤᠯᠠ ᠠᠬᠢᠴᠠ ᠲᠠᠢ ᠪᠤᠯᠭᠠᠵᠤ᠂ | ᠬᠤᠲᠠ ᠶᠢ ᠰᠢᠨᠡᠳᠬᠡᠬᠦ ᠪᠠᠶᠢᠭᠤᠯᠤᠯ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠤᠲᠠ ᠶᠢᠨ ᠨᠡᠭᠡᠭᠡᠨ ᠬᠥᠭᠵᠢᠭᠦᠯᠦᠯᠲᠡ ᠶᠢᠨ ᠪᠦᠲᠦᠭᠡᠨ | ᠪᠠᠶᠢᠭᠤᠯᠤᠯᠲᠠ ᠶᠢᠨ ᠠᠷᠭ᠎ᠠ ᠭᠡᠯᠪᠡᠷᠢ ᠶᠢ ᠬᠤᠪᠢᠷᠠᠭᠤᠯᠬᠤ ᠠᠵᠢᠯ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ᠂ ᠠᠮᠤᠷ ᠲᠦᠪᠰᠢᠨ ᠬᠥᠭᠵᠢᠯᠲᠡ ᠶᠢᠨ ᠰᠠᠭᠤᠷᠢ ᠶᠢ | ᠨᠡᠩ ᠪᠠᠬᠢᠵᠢᠭᠦᠯᠵᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠢᠯᠡᠳᠲᠡ ᠰᠠᠶᠢᠵᠢᠷᠠᠭᠤᠯᠵᠤ᠂ ᠠᠵᠤ ᠠᠬᠤᠢ ᠶᠢᠨ ᠡᠵᠡᠩᠨᠡᠯᠲᠡ ᠶᠢᠨ ᠭᠡᠯᠪᠡᠷᠢ ᠶᠢ ᠨᠡᠩ ᠪᠠᠶᠠᠯᠢᠭᠵᠢᠭᠤᠯᠵᠤ᠂ ᠰᠣᠶᠣᠯ ᠤᠨ ᠥᠪ ᠢ ᠪᠦᠲᠦᠮᠵᠢᠲᠡᠢ ᠬᠠᠮᠠᠭᠠᠯᠠᠵᠤ᠂ ᠬᠡᠪ | ᠨᠠᠮᠪᠠᠭ᠎ᠠ ᠣᠨᠴᠠᠯᠢᠭ ᠢ ᠨᠡᠩ ᠢᠯᠡᠷᠡᠭᠦᠯᠵᠦ᠂ ᠬᠤᠲᠠ ᠶᠢ ᠠᠷᠠᠳ ᠤᠯᠠᠨ ᠤ ᠴᠢᠨᠠᠷ ᠰᠠᠶᠢᠲᠠᠢ ᠠᠮᠢᠳᠤᠷᠠᠯ ᠤᠨ ᠣᠷᠣᠨ ᠵᠠᠢ ᠪᠣᠯᠭᠠᠨ᠎ᠠ᠃ | ᠬᠤᠶᠠᠷ᠂ ᠭᠤᠣᠯ ᠡᠭᠦᠷᠭᠡ | ︵ᠨᠢᠭᠡ︶ ᠨᠢᠭᠡᠨᠲᠡ ᠪᠠᠶᠢᠭ᠎ᠠ ᠪᠠᠷᠢᠯᠭ᠎ᠠ ᠶᠢ ᠥᠭᠡᠷᠡᠴᠢᠯᠡᠨ ᠠᠰᠢᠭᠯᠠᠬᠤ ᠶᠢ ᠴᠢᠩᠭᠠᠳᠬᠠᠨ᠎ᠠ᠃ ᠠᠶᠤᠯᠲᠠᠢ ᠣᠷᠣᠨ ᠰᠠᠭᠤᠴᠠ ᠶᠢ ᠥᠭᠡᠷᠡᠴᠢᠯᠡᠨ | ᠰᠢᠨᠡᠳᠬᠡᠬᠦ ᠶᠢ ᠯᠠᠪᠳᠠᠭᠤᠨ ᠢᠶᠠᠷ ᠠᠬᠢᠭᠤᠯᠵᠤ᠂ D ᠲᠠᠰ ᠤᠨ ᠠᠶᠤᠯᠲᠠᠢ ᠣᠷᠣᠨ ᠰᠠᠭᠤᠴᠠ ᠶᠢ ᠨᠤᠷᠠᠭᠠᠵᠤ ᠥᠭᠡᠷᠡᠴᠢᠯᠡᠨ ᠰᠢᠨᠡᠳᠬᠡᠬᠦ ᠶᠢ ᠲᠦᠷᠭᠡᠳᠬᠡᠵᠦ᠂ | ᠪᠠᠬᠢᠵᠢᠭᠦᠯᠬᠦ᠂ ᠥᠭᠡᠷᠡᠴᠢᠯᠡᠨ ᠪᠠᠶᠢᠭᠤᠯᠬᠤ᠂ ᠳᠠᠭᠢᠨ ᠪᠠᠶᠢᠭᠤᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠯᠤᠰ ᠤᠨ ᠥᠮᠴᠢᠯᠡᠯᠲᠦ ᠭᠠᠵᠠᠷ | ᠰᠢᠷᠣᠢ ᠳᠡᠭᠡᠷᠡᠬᠢ C ᠲᠠᠰ ᠤᠨ ᠠᠶᠤᠯᠲᠠᠢ ᠣᠷᠣᠨ ᠰᠠᠭᠤᠴᠠ ᠪᠣᠯᠣᠨ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠢᠵᠢ | ᠪᠦᠷᠢᠳᠦᠭᠦᠯᠬᠦ ᠪᠤᠰᠤ ᠣᠷᠣᠨ ᠰᠠᠭᠤᠴᠠ ᠶᠢ ᠥᠭᠡᠷᠡᠴᠢᠯᠡᠨ ᠰᠢᠨᠡᠳᠬᠡᠬᠦ ᠶᠢ ᠢᠳᠡᠪᠬᠢᠲᠡᠢ ᠯᠠᠪᠳᠠᠭᠤᠨ ᠢᠶᠠᠷ ᠬᠡᠷᠡᠭᠵᠢᠭᠦᠯᠦᠨ᠎ᠡ᠃ ᠲᠥᠷᠥᠯ ᠪᠦᠯᠦᠭ ᠬᠤᠪᠢᠶᠠᠵᠤ | ᠪᠠᠶᠢᠭᠠᠳ ᠭᠠᠵᠠᠷ ᠬᠥᠳᠡᠯᠦᠯᠲᠡ ᠶᠢ ᠳᠠᠭᠠᠭᠠᠬᠤ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠭ᠎ᠠ ᠮᠥᠷᠲᠡᠭᠡᠨ ᠪᠠᠬᠢᠵᠢᠭᠦᠯᠬᠦ ᠦᠨ᠎ᠡ ᠥᠷᠲᠡᠭ ᠲᠠᠢ ᠬᠤᠲᠠ | ᠪᠠᠯᠭᠠᠰᠤ ᠶᠢᠨ ᠭᠡᠷ ᠪᠠᠶᠢᠰᠢᠩ ᠳᠤ ᠭᠠᠵᠠᠷ ᠬᠥᠳᠡᠯᠦᠯᠲᠡ ᠶᠢ ᠳᠠᠭᠠᠭᠠᠬᠤ ᠪᠠᠬᠢᠵᠢᠭᠦᠯᠦᠯᠲᠡ ᠬᠢᠨ᠎ᠡ᠃ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ | ᠵᠦᠢᠯᠡᠰ᠂ ᠲᠡᠦᠬᠡ ᠶᠢᠨ ᠪᠠᠷᠢᠯᠭ᠎ᠠ ᠵᠡᠷᠭᠡ ᠬᠠᠮᠠᠭᠠᠯᠠᠬᠤ ᠡᠲᠡᠭᠡᠳ ᠲᠤ ᠬᠤᠯᠪᠣᠭᠳᠠᠭᠰᠠᠨ ᠪᠠᠶᠢᠪᠠᠯ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ | ᠬᠠᠮᠠᠭᠠᠯᠠᠬᠤ ᠪᠠ ᠬᠡᠷᠡᠭᠯᠡᠵᠦ᠂ ︽ᠨᠢᠭᠡ ᠪᠠᠶᠢᠰᠢᠩ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠥᠭᠡᠷᠡᠴᠢᠯᠡᠨ ᠰᠢᠨᠡᠳᠬᠡᠬᠦ ᠲᠥᠰᠥᠯ ᠳᠤᠷᠠᠳᠴᠤ᠂ ᠠᠶᠤᠯᠲᠠᠢ | ᠣᠷᠣᠨ ᠰᠠᠭᠤᠴᠠ ᠶᠢᠨ ᠨᠡᠷ᠎ᠡ ᠪᠠᠷ ᠬᠠᠤᠯᠢ ᠲᠣᠭᠲᠠᠭᠠᠯ ᠠᠴᠠ ᠵᠥᠷᠢᠴᠡᠨ ᠲᠡᠦᠬᠡ ᠰᠣᠶᠣᠯ ᠤᠨ ᠵᠡᠭᠡᠯᠢ ᠲᠣᠭᠤᠷᠢᠭ᠂ ᠤᠯᠠᠮᠵᠢᠯᠠᠯᠲᠤ ᠠᠶᠢᠯ ᠲᠣᠰᠬᠤᠨ᠂ ᠲᠡᠦᠬᠡ ᠶᠢᠨ | ᠳᠤᠷᠠᠰᠬᠠᠯᠲᠤ ᠵᠦᠢᠯᠡᠰ᠂ ᠲᠡᠦᠬᠡ ᠶᠢᠨ ᠪᠠᠷᠢᠯᠭ᠎ᠠ ᠶᠢ ᠨᠤᠷᠠᠭᠠᠵᠤ ᠥᠭᠡᠷᠡᠴᠢᠯᠡᠨ ᠰᠢᠨᠡᠳᠬᠡᠬᠦ ᠶᠢ ᠴᠢᠩᠭ᠎ᠠ ᠴᠠᠭᠠᠵᠠᠯᠠᠨ᠎ᠠ᠃ | ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠪᠠ ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠦᠷᠭᠦᠯᠵᠢᠯᠡᠨ | ᠠᠬᠢᠭᠤᠯᠵᠤ᠂ ᠪᠠᠷᠢᠯᠭ᠎ᠠ ᠶᠢᠨ ᠳᠤᠯᠠᠭᠠᠨ ᠢ ᠪᠠᠲᠤᠯᠠᠬᠤ ᠮᠠᠲ᠋ᠧᠷᠢᠶᠠᠯ ᠤᠨ ᠬᠠᠮᠢᠶᠠᠷᠤᠯᠲᠠ ᠶᠢ ᠴᠢᠩᠭᠠᠳᠬᠠᠨ᠂ ᠰᠠᠭᠤᠭᠠᠯᠢ ᠠᠷᠠᠳ ᠤᠨ ᠬᠤᠲᠠ ᠪᠠᠯᠭᠠᠰᠤ ᠶᠢᠨ ᠣᠷᠣᠨ | ᠰᠠᠭᠤᠴᠠ ᠶᠢᠨ ᠭᠡᠷ ᠳᠣᠲᠣᠷᠠᠬᠢ ᠵᠠᠰᠠᠵᠤ ᠴᠢᠮᠡᠭᠯᠡᠬᠦ ᠠᠵᠢᠯ ᠥᠷᠨᠢᠭᠦᠯᠬᠦ ᠶᠢ ᠵᠣᠷᠢᠭᠵᠢᠭᠤᠯᠤᠨ᠎ᠠ᠃ ᠬᠠᠭᠤᠴᠢᠨ ᠦᠢᠯᠡᠳᠪᠦᠷᠢ ᠶᠢᠨ ᠭᠡᠷ ᠪᠠᠶᠢᠰᠢᠩ᠂ ᠦᠷ᠎ᠡ | ᠠᠰᠢᠭ ᠢᠶᠠᠷ ᠳᠣᠣᠷ᠎ᠠ ᠠᠰᠠᠷ ᠪᠠᠶᠢᠰᠢᠩ᠂ ᠤᠯᠠᠮᠵᠢᠯᠠᠯᠲᠤ ᠬᠤᠳᠠᠯᠳᠤᠭᠠᠨ ᠤ ᠲᠥᠬᠦᠭᠡᠷᠦᠮᠵᠢ ᠵᠡᠷᠭᠡ ᠦᠯᠡᠳᠡᠭᠡᠯ ᠭᠡᠷ ᠪᠠᠶᠢᠰᠢᠩ ᠢ ᠥᠭᠡᠷᠡᠴᠢᠯᠡᠨ ᠠᠰᠢᠭᠯᠠᠬᠤ ᠶᠢ | ᠴᠢᠩᠭᠠᠳᠬᠠᠵᠤ᠂ ᠪᠠᠷᠢᠯᠭ᠎ᠠ ᠶᠢᠨ ᠴᠢᠳᠠᠮᠵᠢ ᠶᠢ ᠬᠤᠪᠢᠷᠠᠭᠤᠯᠬᠤ ᠪᠠ ᠬᠤᠯᠢᠯᠳᠤᠭᠤᠯᠤᠨ ᠠᠰᠢᠭᠯᠠᠬᠤ ᠶᠢ ᠠᠬᠢᠭᠤᠯᠤᠨ᠂ ᠪᠠᠷᠢᠯᠭ᠎ᠠ ᠶᠢᠨ ᠭᠤᠣᠯᠯᠠᠬᠤ ᠴᠢᠳᠠᠮᠵᠢ ᠶᠢ | ᠦᠨᠳᠦᠰᠦᠯᠡᠨ ᠭᠠᠵᠠᠷ ᠰᠢᠷᠣᠢ ᠶᠢᠨ ᠬᠡᠷᠡᠭᠴᠡᠭᠡ ᠶᠢ ᠬᠠᠤᠯᠢ ᠲᠣᠭᠲᠠᠭᠠᠯ ᠶᠣᠰᠣᠭᠠᠷ ᠵᠦᠢ ᠵᠣᠬᠢᠰᠲᠠᠢ ᠬᠤᠪᠢᠷᠠᠭᠤᠯᠤᠨ᠎ᠠ᠃ | ︵ᠬᠤᠶᠠᠷ︶ ᠬᠤᠲᠠ ᠪᠠᠯᠭᠠᠰᠤ ᠶᠢᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠴᠡᠭᠴᠡᠯᠡᠨ ᠵᠠᠰᠠᠬᠤ ᠶᠢ ᠠᠬᠢᠭᠤᠯᠤᠨ᠎ᠠ᠃ ᠰᠠᠭᠤᠭᠠᠯᠢ ᠠᠷᠠᠳ ᠤᠨ | ᠲᠣᠭᠤᠷᠢᠭ ᠤᠨ ᠰᠢᠲᠠᠮᠠᠬᠠᠢ ᠬᠡᠢ ᠵᠡᠷᠭᠡ ᠬᠠᠭᠤᠴᠢᠷᠠᠭᠰᠠᠨ ᠬᠤᠭᠤᠯᠠᠢ ᠭᠤᠤᠷᠰᠤ ᠶᠢ ᠰᠢᠨᠡᠳᠬᠡᠨ ᠥᠭᠡᠷᠡᠴᠢᠯᠡᠵᠦ᠂ ᠠᠰᠠᠷ ᠤᠨ ᠳᠣᠲᠣᠷᠠᠬᠢ ᠶᠠᠪᠠᠭᠠᠨ ᠬᠥᠮᠥᠨ ᠤ | ᠶᠠᠪᠤᠬᠤ ᠵᠠᠮ᠂ ᠰᠠᠯᠬᠢ ᠨᠡᠪᠲᠡᠷᠡᠬᠦ ᠣᠲᠤᠭ᠎ᠠ ᠭᠠᠷᠭᠠᠬᠤ ᠵᠠᠮ᠂ ᠰᠠᠯᠬᠢ ᠨᠡᠪᠲᠡᠷᠡᠭᠦᠯᠬᠦ ᠬᠤᠳᠳᠤᠭ ᠵᠡᠷᠭᠡ ᠶᠢ ᠴᠡᠭᠴᠡᠯᠡᠨ ᠵᠠᠰᠠᠵᠤ᠂ ᠠᠮᠤᠷ ᠲᠦᠪᠰᠢᠨ ᠤ ᠭᠡᠮ ᠰᠣᠭᠤᠭ ᠢ | ᠪᠦᠭᠦ ᠬᠦᠴᠦᠨ ᠢᠶᠠᠷ ᠠᠷᠢᠯᠭᠠᠨ᠂ ᠨᠥᠬᠦᠴᠡᠯ ᠲᠠᠢ ᠠᠰᠠᠷ ᠲᠤ ᠴᠠᠭᠢᠯᠭᠠᠨ ᠱᠠᠲᠤ ᠨᠡᠮᠡᠵᠦ ᠤᠭᠰᠠᠷᠠᠬᠤ ᠶᠢ ᠳᠡᠮᠵᠢᠨ᠎ᠡ᠃ ᠰᠠᠭᠤᠭᠠᠯᠢ ᠠᠷᠠᠳ ᠤᠨ ᠲᠣᠭᠤᠷᠢᠭ ᠵᠢᠴᠢ | ᠡᠷᠭᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠵᠤ᠂ ᠰᠠᠭᠤᠭᠠᠯᠢ ᠠᠷᠠᠳ ᠤᠨ ᠲᠣᠭᠤᠷᠢᠭ ᠤᠨ ᠲᠡᠷᠭᠡ ᠵᠣᠬᠰᠣᠬᠤ᠂ ᠴᠠᠭᠢᠯᠭᠠᠨ ᠴᠡᠨᠡᠭᠯᠡᠬᠦ᠂ ᠭᠠᠯ | ᠰᠡᠷᠭᠡᠶᠢᠯᠡᠬᠦ ᠭᠠᠯ ᠤᠨᠲᠠᠷᠠᠭᠠᠬᠤ᠂ ᠴᠢᠮᠡᠭᠡ ᠬᠤᠯᠪᠤᠭ᠎ᠠ ᠵᠡᠷᠭᠡ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠬᠤᠭᠤᠯᠠ ᠤᠮᠳᠠ ᠳᠤ | ᠲᠤᠰᠠᠯᠠᠬᠤ᠂ ᠭᠡᠷ ᠤᠨ ᠶᠠᠪᠤᠳᠠᠯ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠨᠡᠮᠡᠵᠦ ᠪᠠᠶᠢᠷᠢᠯᠠᠭᠤᠯᠤᠨ᠎ᠠ᠃ ᠬᠠᠭᠤᠴᠢᠨ ᠰᠠᠭᠤᠭᠠᠯᠢ ᠠᠷᠠᠳ ᠤᠨ | ᠲᠣᠭᠤᠷᠢᠭ ᠢ ᠥᠭᠡᠷᠡᠴᠢᠯᠡᠨ ᠰᠢᠨᠡᠳᠬᠡᠬᠦ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠪᠦᠲᠦᠭᠡᠨ ᠪᠠᠶᠢᠭᠤᠯᠤᠯᠲᠠ ᠳᠤ | ᠣᠷᠣᠯᠴᠠᠬᠰᠠᠨ ᠨᠢᠭᠡᠴᠢ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠥᠭᠡᠷᠡᠴᠢᠯᠡᠨ ᠰᠢᠨᠡᠳᠬᠡᠬᠦ ᠲᠠᠢ ᠤᠶᠠᠯᠳᠤᠭᠤᠯᠤᠨ ᠰᠠᠭᠤᠭᠠᠯᠢ ᠠᠷᠠᠳ ᠤᠨ ᠲᠣᠭᠤᠷᠢᠭ ᠤᠨ | ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠣᠷᠤᠯᠴᠠᠬᠤ ᠪᠠ ᠬᠢᠨᠠᠯᠲᠠ ᠲᠠᠯᠪᠢᠬᠤ ᠶᠢ | ᠬᠥᠲᠥᠯᠥᠨ ᠵᠢᠯᠤᠭᠤᠳᠬᠤ ᠶᠢ ᠴᠢᠬᠤᠯᠠᠴᠢᠯᠠᠵᠤ᠂ ᠥᠭᠡᠷᠡᠴᠢᠯᠡᠨ ᠰᠢᠨᠡᠳᠬᠡᠬᠦ ᠦᠷ᠎ᠡ ᠪᠦᠲᠦᠭᠡᠯ ᠢ ᠬᠠᠮᠲᠤ ᠪᠠᠷ ᠬᠠᠮᠠᠭᠠᠯᠠᠨ᠎ᠠ᠃ ᠬᠠᠭᠤᠴᠢᠨ ᠰᠠᠭᠤᠭᠠᠯᠢ ᠠᠷᠠᠳ ᠤᠨ | ᠲᠣᠭᠤᠷᠢᠭ᠂ ᠨᠤᠷᠠᠬᠤ ᠠᠶᠤᠯᠲᠠᠢ ᠣᠷᠣᠨ ᠰᠠᠭᠤᠴᠠ ᠶᠢ ᠥᠭᠡᠷᠡᠴᠢᠯᠡᠬᠦ ᠶᠢ ᠨᠢᠭᠡᠳᠦᠯᠲᠡᠢ ᠲᠥᠯᠥᠪᠯᠡᠨ ᠬᠡᠷᠡᠭᠵᠢᠭᠦᠯᠵᠦ᠂ ᠰᠣᠶᠣᠯ ᠤᠨ ᠥᠪ ᠤᠨ ᠥᠷᠲᠡᠭ ᠢ | ᠠᠭᠤᠳᠠᠯᠬᠤ᠂ ᠤᠯᠠᠮᠵᠢᠯᠠᠯᠲᠤ ᠬᠡᠪ ᠨᠠᠮᠪᠠ ᠶᠢ ᠬᠠᠮᠠᠭᠠᠯᠠᠭᠰᠠᠨ ᠰᠠᠭᠤᠷᠢᠨ ᠳᠡᠭᠡᠷ᠎ᠡ ᠶᠡᠷᠦᠩᠬᠡᠶᠢᠯᠡᠭᠰᠡᠨ ᠴᠢᠨᠠᠷᠲᠠᠢ ᠬᠠᠮᠠᠭᠠᠯᠠᠬᠤ᠂ ᠰᠡᠯᠪᠢᠨ ᠵᠠᠰᠠᠬᠤ᠂ ᠥᠭᠡᠷᠡᠴᠢᠯᠡᠬᠦ | ᠲᠥᠰᠥᠯ ᠢ ᠲᠣᠭᠲᠠᠭᠠᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠣᠷᠣᠰᠢᠨ ᠰᠠᠭᠤᠬᠤ ᠣᠷᠴᠢᠨ ᠲᠣᠭᠤᠷᠢᠨ᠂ ᠲᠥᠬᠦᠭᠡᠷᠦᠮᠵᠢ ᠨᠥᠬᠦᠴᠡᠯ᠂ | ᠦᠢᠯᠡᠴᠢᠯᠡᠭᠡᠨ ᠤ ᠴᠢᠳᠠᠮᠵᠢ ᠪᠠ ᠰᠣᠶᠣᠯ ᠤᠨ ᠥᠷᠲᠡᠭ ᠢ ᠦᠷᠭᠦᠯᠵᠢᠯᠡᠨ ᠳᠡᠭᠡᠭᠰᠢᠯᠡᠭᠦᠯᠦᠨ᠎ᠡ᠃ | ︵ᠭᠤᠷᠪᠠ︶ ᠪᠦᠷᠢᠨ ᠪᠦᠲᠦᠨ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢ ᠥᠷᠨᠢᠭᠦᠯᠦᠨ᠎ᠡ᠃ ᠨᠡᠶᠢᠭᠡᠮ ᠲᠣᠭᠤᠷᠢᠭ ᠤᠨ ᠦᠨᠳᠦᠰᠦᠨ ᠣᠯᠠᠨ | ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ᠂ ᠠᠷᠠᠳ ᠲᠤ ᠳᠥᠭᠦᠮ ᠦᠵᠡᠭᠦᠯᠭᠦ ᠬᠤᠳᠠᠯᠳᠤᠭᠠᠨ ᠤ ᠦᠢᠯᠡᠴᠢᠯᠡᠭᠡᠨ ᠤ ᠲᠥᠬᠦᠭᠡᠷᠦᠮᠵᠢ᠂ ᠣᠯᠠᠨ ᠨᠡᠶᠢᠲᠡ ᠶᠢᠨ | ᠠᠵᠢᠯᠯᠠᠭᠠᠨ ᠤ ᠲᠠᠯᠠᠪᠤᠷ ᠵᠡᠷᠭᠡ ᠶᠢ ᠲᠡᠭᠦᠯᠳᠡᠷᠵᠢᠭᠦᠯᠵᠦ᠂ ᠠᠮᠤᠷ ᠲᠦᠪᠰᠢᠨ ᠡᠷᠡᠭᠦᠯ ᠮᠡᠨᠳᠦ᠂ ᠲᠥᠬᠦᠭᠡᠷᠦᠮᠵᠢ ᠪᠦᠷᠢᠨ ᠲᠡᠭᠦᠯᠳᠡᠷ᠂ ᠬᠠᠮᠢᠶᠠᠷᠤᠯᠲᠠ ᠡᠮᠬᠢ ᠵᠢᠷᠤᠮ ᠲᠠᠢ | ᠪᠦᠷᠢᠨ ᠪᠦᠲᠦᠨ ᠨᠡᠶᠢᠭᠡᠮ ᠲᠣᠭᠤᠷᠢᠭ ᠢ ᠪᠦᠲᠦᠭᠡᠨ ᠪᠠᠶᠢᠭᠤᠯᠵᠤ᠂ ᠬᠤᠲᠠ ᠶᠢᠨ ᠨᠢᠭᠡ ᠮᠥᠴᠡ ᠶᠢᠨ ᠠᠷᠠᠳ ᠲᠤ ᠳᠥᠭᠦᠮ ᠦᠵᠡᠭᠦᠯᠭᠦ ᠠᠮᠢᠳᠤᠷᠠᠯ ᠤᠨ ᠲᠣᠭᠤᠷᠢᠭ ᠢ | ᠴᠣᠭᠴᠠᠯᠠᠨ ᠪᠠᠶᠢᠭᠤᠯᠤᠨ᠎ᠠ᠃ ᠬᠤᠲᠠ ᠶᠢᠨ ᠨᠡᠶᠢᠭᠡᠮ ᠲᠣᠭᠤᠷᠢᠭ ᠤᠨ ᠰᠢᠭᠢᠳᠭᠡᠯᠳᠦ ᠮᠠᠶ᠋ᠢᠭ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠥᠷᠨᠢᠭᠦᠯᠵᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ | ᠳᠤᠲᠠᠭᠤᠳᠠᠯ ᠢ ᠨᠥᠬᠦᠪᠦᠷᠢᠯᠡᠨ᠂ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠠᠶᠢᠷᠢᠰᠢᠭᠤᠯᠤᠯ ᠢ ᠰᠢᠯᠢᠳᠡᠭᠵᠢᠭᠦᠯᠦᠨ᠎ᠡ᠃ ᠰᠠᠭᠤᠭᠠᠯᠢ ᠠᠷᠠᠳ᠂ | ᠲᠥᠯᠥᠪᠵᠢᠭᠦᠯᠦᠭᠴᠢ᠂ ᠵᠢᠷᠤᠭ ᠲᠥᠯᠥᠪᠯᠡᠭᠴᠢ ᠵᠡᠷᠭᠡ ᠶᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ | ᠣᠷᠣᠯᠴᠠᠭᠤᠯᠤᠨ᠎ᠠ᠃ | ︵ᠳᠥᠷᠪᠡ︶ ᠬᠠᠭᠤᠴᠢᠨ ᠵᠡᠭᠡᠯᠢ ᠲᠣᠭᠤᠷᠢᠭ᠂ ᠬᠠᠭᠤᠴᠢᠨ ᠦᠢᠯᠡᠳᠪᠦᠷᠢ ᠶᠢᠨ ᠲᠣᠭᠤᠷᠢᠭ᠂ ᠬᠤᠲᠠᠨ ᠳᠤᠮᠳᠠᠬᠢ ᠲᠣᠰᠬᠤᠨ ᠵᠡᠷᠭᠡ ᠶᠢ ᠰᠢᠨᠡᠳᠬᠡᠨ | ᠥᠭᠡᠷᠡᠴᠢᠯᠡᠬᠦ ᠶᠢ ᠠᠬᠢᠭᠤᠯᠤᠨ᠎ᠠ᠃ ᠬᠠᠭᠤᠴᠢᠨ ᠵᠡᠭᠡᠯᠢ ᠲᠣᠭᠤᠷᠢᠭ ᠤᠨ ᠴᠢᠳᠠᠪᠬᠢ ᠶᠢ ᠬᠤᠪᠢᠷᠠᠭᠤᠯᠬᠤ᠂ ᠡᠵᠡᠩᠨᠡᠯᠲᠡ ᠶᠢᠨ ᠭᠡᠯᠪᠡᠷᠢ ᠶᠢ ᠲᠡᠰ ᠳᠡᠪᠰᠢᠭᠦᠯᠬᠦ᠂ | ᠠᠮᠢᠵᠢᠷᠠᠯ ᠤᠨ ᠬᠦᠴᠦᠨ ᠢ ᠳᠡᠭᠡᠭᠰᠢᠯᠡᠭᠦᠯᠭᠦ ᠶᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠨᠢᠭᠡ ᠪᠦᠯᠦᠭ ᠠᠮᠢᠵᠢᠷᠠᠯ ᠤᠨ ᠬᠦᠴᠦᠨ ᠲᠠᠢ | ᠵᠡᠭᠡᠯᠢ ᠲᠣᠭᠤᠷᠢᠭ ᠢ ᠪᠠᠶᠢᠭᠤᠯᠤᠨ᠎ᠠ᠃ ᠬᠤᠳᠠᠯᠳᠤᠭᠠᠨ ᠤ ᠶᠠᠪᠠᠭᠠᠨ ᠵᠡᠭᠡᠯᠢ ᠪᠠ ᠬᠠᠭᠤᠴᠢᠨ ᠬᠤᠳᠠᠯᠳᠤᠭᠠᠨ ᠤ ᠵᠡᠭᠡᠯᠢ ᠲᠣᠭᠤᠷᠢᠭ ᠢ ᠥᠭᠡᠷᠡᠴᠢᠯᠡᠨ ᠳᠡᠭᠡᠭᠰᠢᠯᠡᠭᠦᠯᠵᠦ᠂ | ᠢᠵᠢ ᠪᠦᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠵᠠᠮ ᠬᠠᠷᠢᠯᠴᠠᠭᠠᠨ ᠤ ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠵᠦ᠂ ᠣᠯᠠᠨ ᠨᠡᠶᠢᠲᠡ ᠶᠢᠨ ᠣᠷᠣᠨ | ᠵᠠᠢ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠬᠤᠳᠠᠯᠳᠤᠭᠠᠨ ᠤ ᠡᠵᠡᠩᠨᠡᠯᠲᠡ ᠶᠢᠨ ᠭᠡᠯᠪᠡᠷᠢ ᠪᠠᠶᠢᠳᠠᠯ ᠢ ᠪᠠᠶᠠᠯᠢᠭᠵᠢᠭᠤᠯᠵᠤ᠂ ᠬᠡᠷᠡᠭᠯᠡᠭᠡ ᠶᠢᠨ ᠠᠬᠤᠢ ᠪᠠᠶᠢᠳᠠᠯ ᠢ | ᠰᠢᠨᠡᠴᠢᠯᠡᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠢᠶᠠᠷ ᠬᠤᠲᠠ ᠶᠢᠨ ᠰᠢᠨᠡᠴᠢᠯᠡᠯᠲᠡ ᠳᠤ ᠬᠦᠴᠦᠨ ᠨᠡᠮᠡᠷᠢᠯᠡᠬᠦ ᠶᠢ ᠠᠬᠢᠭᠤᠯᠤᠨ᠎ᠠ᠃ ᠬᠠᠭᠤᠴᠢᠨ | ᠦᠢᠯᠡᠳᠪᠦᠷᠢ ᠶᠢᠨ ᠲᠣᠭᠤᠷᠢᠭ ᠢ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠰᠢᠨᠡᠳᠬᠡᠨ ᠥᠭᠡᠷᠡᠴᠢᠯᠡᠬᠦ ᠶᠢ ᠠᠬᠢᠭᠤᠯᠬᠤ ᠶᠢ ᠵᠣᠷᠢᠭᠵᠢᠭᠤᠯᠵᠤ᠂ ᠠᠵᠤ | ᠦᠢᠯᠡᠳᠪᠦᠷᠢ ᠶᠢᠨ ᠥᠪ ᠬᠥᠷᠥᠩᠭᠡ ᠶᠢ ᠬᠠᠮᠠᠭᠠᠯᠠᠨ ᠠᠰᠢᠭᠯᠠᠬᠤ ᠶᠢ ᠴᠢᠩᠭᠠᠳᠬᠠᠨ᠂ ᠰᠤᠯᠠ ᠲᠠᠯᠪᠢᠭᠳᠠᠵᠤ ᠪᠠᠶᠢᠭ᠎ᠠ ᠦᠷ᠎ᠡ ᠠᠰᠢᠭ ᠢᠶᠠᠷ ᠳᠣᠣᠷ᠎ᠠ ᠦᠢᠯᠡᠳᠪᠦᠷᠢ ᠶᠢᠨ | ᠲᠣᠭᠤᠷᠢᠭ᠂ ᠦᠢᠯᠡᠳᠪᠦᠷᠢ ᠶᠢᠨ ᠭᠡᠷ ᠪᠠᠶᠢᠰᠢᠩ ᠪᠠ ᠲᠥᠬᠦᠭᠡᠷᠦᠮᠵᠢ ᠶᠢ ᠠᠮᠢᠳᠤᠯᠢᠭᠵᠢᠭᠤᠯᠤᠨ ᠠᠰᠢᠭᠯᠠᠵᠤ᠂ ᠰᠢᠨ᠎ᠡ ᠡᠵᠡᠩᠨᠡᠯᠲᠡ ᠶᠢᠨ ᠪᠠᠶᠢᠳᠠᠯ ᠰᠢᠨ᠎ᠡ ᠴᠢᠳᠠᠮᠵᠢ ᠳᠤ | ᠣᠷᠣᠭᠤᠯᠤᠨ᠎ᠠ᠃ ᠬᠤᠲᠠᠨ ᠳᠤᠮᠳᠠᠬᠢ ᠲᠣᠰᠬᠤᠨ ᠤ ᠥᠭᠡᠷᠡᠴᠢᠯᠡᠯᠲᠡ ᠶᠢ ᠢᠳᠡᠪᠬᠢᠲᠡᠢ ᠪᠠᠷ ᠠᠬᠢᠭᠤᠯᠵᠤ᠂ ᠲᠡᠦᠬᠡ ᠰᠣᠶᠣᠯ ᠤᠨ ᠳᠦᠷᠰᠦ ᠪᠠᠶᠢᠳᠠᠯ ᠢ ᠬᠠᠮᠠᠭᠠᠯᠠᠬᠤ | ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠵᠦ᠂ ᠶᠡᠭᠡ ᠪᠠᠷ ᠨᠤᠷᠠᠭᠠᠵᠤ ᠶᠡᠭᠡ ᠪᠠᠷ ᠪᠠᠶᠢᠭᠤᠯᠬᠤ ᠦᠭᠡᠢ᠂ ︽ᠨᠢᠭᠡ ᠲᠣᠰᠬᠤᠨ ᠳᠤ ᠨᠢᠭᠡ ᠲᠥᠷᠥ ᠶᠢᠨ ᠪᠣᠳᠣᠯᠭ᠎ᠠ︾ | ᠠᠪᠤᠨ ᠨᠤᠷᠠᠭᠠᠵᠤ ᠰᠢᠨ᠎ᠡ ᠪᠠᠷ ᠪᠠᠶᠢᠭᠤᠯᠬᠤ᠂ ᠴᠡᠭᠴᠡᠯᠡᠨ ᠵᠠᠰᠠᠵᠤ ᠳᠡᠭᠡᠭᠰᠢᠯᠡᠭᠦᠯᠭᠦ᠂ ᠨᠤᠷᠠᠭᠠᠵᠤ ᠴᠡᠭᠴᠡᠯᠡᠬᠦ ᠶᠢ ᠤᠶᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ | ᠥᠭᠡᠷᠡᠴᠢᠯᠡᠨ ᠪᠠᠶᠢᠭᠤᠯᠵᠤ᠂ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠭᠡᠮ ᠢ ᠦᠨᠡᠨ ᠬᠦ ᠠᠷᠢᠯᠭᠠᠨ᠂ ᠣᠷᠣᠰᠢᠨ ᠰᠠᠭᠤᠬᠤ ᠨᠥᠬᠦᠴᠡᠯ ᠪᠣᠯᠣᠨ ᠠᠮᠢᠳᠤᠷᠠᠯ ᠤᠨ | ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ ᠣᠯᠠᠨ ᠲᠦᠮᠡᠨ ᠤ ᠥᠭᠡᠷᠡᠴᠢᠯᠡᠨ ᠰᠢᠨᠡᠳᠬᠡᠬᠦ ᠬᠦᠰᠡᠯ ᠡᠷᠡᠮᠡᠯᠵᠡᠯ ᠢᠶᠠᠷ ᠴᠢᠩᠭ᠎ᠠ᠂ ᠬᠤᠲᠠ ᠶᠢᠨ ᠪᠡᠯᠡ ᠮᠥᠩᠭᠦ ᠶᠢᠨ | ᠴᠢᠳᠠᠪᠤᠷᠢ ᠲᠡᠩᠴᠡᠭᠦᠷᠢᠲᠡᠢ᠂ ᠲᠠᠲᠠᠪᠤᠷᠢᠯᠠᠬᠤ ᠨᠥᠬᠦᠪᠦᠷᠢᠯᠡᠬᠦ ᠲᠥᠰᠥᠯ ᠪᠣᠯᠪᠠᠰᠤᠷᠠᠩᠭᠤᠢ ᠪᠠᠶᠢᠳᠠᠭ ᠬᠤᠲᠠᠨ ᠳᠤᠮᠳᠠᠬᠢ ᠲᠣᠰᠬᠤᠨ ᠤ ᠥᠭᠡᠷᠡᠴᠢᠯᠡᠨ ᠰᠢᠨᠡᠳᠬᠡᠬᠦ | ᠲᠥᠷᠥᠯ ᠵᠦᠢᠯ ᠢ ᠲᠦᠷᠭᠡᠨ ᠬᠡᠷᠡᠭᠵᠢᠭᠦᠯᠦᠨ᠎ᠡ᠃ ᠬᠠᠭᠤᠴᠢᠨ ᠭᠠᠯᠲᠤ ᠲᠡᠷᠭᠡᠨ ᠥᠷᠲᠡᠭᠡ ᠪᠣᠯᠣᠨ ᠡᠷᠭᠢᠨ ᠲᠣᠭᠤᠷᠢᠨ ᠤ ᠬᠠᠭᠤᠴᠢᠨ ᠵᠡᠭᠡᠯᠢ ᠲᠣᠭᠤᠷᠢᠭ ᠢ | ᠨᠢᠭᠡᠳᠦᠯᠲᠡᠢ ᠲᠥᠯᠥᠪᠵᠢᠭᠦᠯᠦᠨ ᠰᠢᠨᠡᠳᠬᠡᠨ ᠥᠭᠡᠷᠡᠴᠢᠯᠡᠬᠦ ᠶᠢ ᠠᠬᠢᠭᠤᠯᠤᠨ᠎ᠠ᠃ | ︵ᠲᠠᠪᠤ︶ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠦᠨ᠎ᠡ᠃ ᠣᠯᠠᠨ ᠱᠠᠲᠤ ᠳᠠᠪᠬᠤᠷᠭ᠎ᠠ ᠲᠠᠢ᠂ ᠪᠦᠭᠦᠨ ᠢ ᠬᠠᠮᠤᠷᠤᠭᠰᠠᠨ ᠣᠯᠠᠨ ᠨᠡᠶᠢᠲᠡ ᠶᠢᠨ | ᠦᠢᠯᠡᠴᠢᠯᠡᠭᠡᠨ ᠤ ᠲᠣᠣᠷ ᠢ ᠪᠠᠶᠢᠭᠤᠯᠤᠨ ᠪᠦᠷᠢᠨᠰᠢᠭᠦᠯᠵᠦ᠂ ᠦᠯᠡᠳᠡᠭᠡᠯ ᠰᠤᠯᠠ ᠲᠠᠯᠪᠢᠭᠳᠠᠵᠤ ᠪᠠᠶᠢᠭ᠎ᠠ ᠭᠡᠷ ᠪᠠᠶᠢᠰᠢᠩ ᠪᠠ ᠦᠷ᠎ᠡ ᠠᠰᠢᠭ ᠢᠶᠠᠷ ᠳᠣᠣᠷ᠎ᠠ ᠬᠡᠷᠡᠭᠯᠡᠬᠦ | ᠭᠠᠵᠠᠷ ᠢ ᠭᠦᠢᠴᠡᠳ ᠠᠰᠢᠭᠯᠠᠨ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠳᠤᠲᠠᠭᠤᠳᠠᠯ ᠢ | ᠤᠷᠢᠳ ᠢᠶᠠᠷ ᠨᠥᠬᠦᠪᠦᠷᠢᠯᠡᠵᠦ᠂ ᠠᠷᠠᠳ ᠣᠯᠠᠨ ᠤ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠵᠦᠢ ᠵᠣᠬᠢᠰᠲᠠᠢ ᠬᠠᠩᠭᠠᠨ᠎ᠠ᠃ ︽ᠡᠩ ᠤᠨ ᠦᠶ᠎ᠡ ᠪᠠ ᠪᠠᠴᠢᠮ | ᠦᠶ᠎ᠡ ᠶᠢᠨ ᠬᠤᠶᠠᠷ ᠬᠡᠷᠡᠭᠴᠡᠭᠡᠲᠦ︾ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠯᠠᠪᠳᠠᠭᠤᠨ ᠠᠬᠢᠭᠤᠯᠤᠨ᠎ᠠ᠃ | ᠬᠤᠲᠠ ᠶᠢᠨ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠭᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠲᠦᠷ ᠴᠠᠭ ᠲᠥᠪᠬᠢᠨᠡᠭᠦᠯᠬᠦ᠂ ᠪᠠᠴᠢᠮ ᠪᠠᠶᠢᠳᠠᠯ ᠢ | ᠠᠷᠭᠠᠴᠠᠭᠠᠬᠤ ᠡᠳ᠋ ᠪᠠᠷᠠᠭ᠎ᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠨᠠᠰᠤᠲᠠᠶᠢᠴᠤᠳ ᠲᠤ ᠲᠣᠬᠢᠷᠠᠬᠤ᠂ ᠬᠡᠦᠬᠡᠳ ᠤᠳ ᠲᠤ ᠲᠣᠬᠢᠷᠠᠬᠤ ᠥᠭᠡᠷᠡᠴᠢᠯᠡᠯᠲᠡ ᠶᠢ | ᠠᠬᠢᠭᠤᠯᠵᠤ᠂ ᠣᠯᠠᠨ ᠨᠡᠶᠢᠲᠡ ᠶᠢᠨ ᠲᠠᠯᠠᠪᠤᠷ ᠤᠨ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠲᠦᠷᠭᠡᠳᠬᠡᠨ᠎ᠡ᠃ | ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠵᠦ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ᠂ ᠲᠦᠭᠡᠮᠡᠯ | ᠬᠠᠷᠠᠭᠠᠯᠵᠠᠯᠲᠤ ᠭᠡᠯᠪᠡᠷᠢ ᠶᠢᠨ᠂ ᠣᠯᠠᠨ ᠶᠠᠩᠵᠤ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠥᠭᠵᠢᠭᠦᠯᠦᠨ᠎ᠡ᠃ ᠲᠤᠬᠠᠢ ᠶᠢᠨ ᠭᠠᠵᠠᠷ ᠣᠷᠣᠨ ᠤ ᠪᠠᠶᠢᠳᠠᠯ | ᠳᠤᠨᠢ ᠲᠣᠬᠢᠷᠠᠭᠤᠯᠤᠨ ᠣᠯᠠᠨ ᠲᠦᠮᠡᠨ ᠤ ᠳᠡᠷᠭᠡᠳᠡᠬᠢ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠭᠠᠵᠠᠷ ᠲᠠᠯᠠᠪᠠᠶ ᠶᠢᠨ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ | ᠥᠭᠡᠷᠡᠴᠢᠯᠡᠨ᠎ᠡ᠃ ᠬᠡᠷᠡᠭᠯᠡᠭᠡᠨ ᠤ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠲᠡᠰ ᠳᠡᠪᠰᠢᠭᠦᠯᠬᠦ ᠶᠢ ᠠᠬᠢᠭᠤᠯᠤᠨ᠎ᠠ᠃ ᠬᠤᠳᠠ ᠶᠢᠨ ᠤᠯᠠᠨ ᠨᠡᠶᠢᠲᠡ ᠶᠢᠨ ᠣᠷᠣᠨ | ᠵᠠᠢ ᠶᠢ ᠢᠳᠡᠪᠬᠢᠲᠡᠢ ᠥᠷᠭᠡᠳᠬᠡᠵᠦ᠂ ᠰᠢᠨ᠎ᠡ ᠮᠠᠶ᠋ᠢᠭ ᠤᠨ ᠤᠯᠠᠨ ᠨᠡᠶᠢᠲᠡ ᠶᠢᠨ ᠰᠣᠶᠣᠯ ᠤᠨ ᠣᠷᠣᠨ ᠵᠠᠢ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠤᠨ᠎ᠠ᠃ | ︵ᠵᠢᠷᠭᠤᠭ᠎ᠠ︶ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠥᠭᠡᠷᠡᠴᠢᠯᠡᠯᠲᠡ ᠶᠢ ᠴᠢᠩᠭᠠᠳᠬᠠᠨ᠎ᠠ᠃ ᠬᠤᠲᠠ ᠶᠢᠨ ᠰᠠᠭᠤᠷᠢ | ᠲᠥᠬᠦᠭᠡᠷᠦᠮᠵᠢ ᠶᠢᠨ ᠲᠦᠭᠰᠢᠭᠦᠷᠢ ᠳᠠᠯᠳᠠ ᠭᠡᠮ ᠢ ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠨ᠎ᠠ᠃ ᠭᠠᠵᠠᠷ ᠳᠣᠣᠷᠠᠬᠢ ᠣᠷᠣᠨ ᠵᠠᠢ ᠶᠢ ᠨᠢᠭᠡᠳᠦᠯᠲᠡᠢ ᠲᠥᠯᠥᠪᠵᠢᠭᠦᠯᠦᠨ | ᠨᠡᠭᠡᠭᠡᠨ ᠬᠥᠭᠵᠢᠭᠦᠯᠬᠦ ᠪᠠ ᠶᠡᠷᠦᠩᠬᠡᠶᠢᠯᠡᠨ ᠠᠰᠢᠭᠯᠠᠬᠤ ᠶᠢ ᠠᠬᠢᠭᠤᠯᠤᠨ᠎ᠠ᠃ ᠬᠤᠲᠠ ᠶᠢᠨ ᠰᠢᠲᠠᠮᠠᠬᠠᠢ ᠬᠡᠢ᠂ ᠤᠰᠤ ᠬᠠᠩᠭᠠᠬᠤ᠂ ᠤᠰᠤ ᠭᠠᠳᠠᠭᠰᠢᠯᠠᠭᠤᠯᠬᠤ᠂ ᠪᠣᠬᠢᠷ | ᠤᠰᠤ᠂ ᠢᠯᠴᠢ ᠬᠠᠩᠭᠠᠬᠤ ᠵᠡᠷᠭᠡ ᠭᠠᠵᠠᠷ ᠳᠣᠣᠷᠠᠬᠢ ᠬᠤᠭᠤᠯᠠᠢ ᠤᠲᠠᠰᠤ ᠬᠤᠭᠤᠯᠠᠢ ᠲᠣᠣᠷ ᠪᠣᠯᠣᠨ ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠢ ᠶᠢᠨ | ᠬᠤᠩᠭᠢᠯ ᠤᠨ ᠪᠦᠲᠦᠭᠡᠨ ᠪᠠᠶᠢᠭᠤᠯᠤᠯᠲᠠ ᠥᠭᠡᠷᠡᠴᠢᠯᠡᠯᠲᠡ ᠶᠢ ᠲᠦᠷᠭᠡᠳᠬᠡᠵᠦ᠂ ᠪᠦᠲᠦᠭᠡᠨ ᠪᠠᠶᠢᠭᠤᠯᠵᠤ ᠠᠵᠢᠯᠯᠠᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ | ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠬᠤᠲᠠ ᠶᠢᠨ ᠤᠰᠤ ᠬᠠᠩᠭᠠᠬᠤ ᠲᠥᠬᠦᠭᠡᠷᠦᠮᠵᠢ ᠶᠢᠨ ᠥᠭᠡᠷᠡᠴᠢᠯᠡᠯᠲᠡ ᠶᠢᠨ ᠪᠠᠷᠢᠮᠵᠢᠶ᠎ᠠ ᠶᠢ | ᠳᠡᠭᠡᠭᠰᠢᠯᠡᠭᠦᠯᠭᠦ ᠶᠢ ᠠᠬᠢᠭᠤᠯᠵᠤ᠂ ᠬᠤᠲᠠ ᠶᠢᠨ ᠠᠮᠢᠳᠤᠷᠠᠯ ᠤᠨ ᠪᠣᠬᠢᠷ ᠤᠰᠤ ᠶᠢ ᠴᠤᠭᠯᠠᠭᠤᠯᠬᠤ᠂ ᠰᠢᠢᠳᠪᠦᠷᠢᠯᠡᠬᠦ ᠪᠠ ᠳᠠᠭᠢᠨ ᠠᠰᠢᠭᠯᠠᠬᠤ ᠵᠢᠴᠢ ᠪᠣᠬᠢᠷ ᠰᠢᠪᠠᠷ ᠢ | ᠰᠢᠢᠳᠪᠦᠷᠢᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠥᠭᠡᠷᠡᠴᠢᠯᠡᠯᠲᠡ ᠶᠢ ᠴᠢᠩᠭᠠᠳᠬᠠᠨ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠲᠣᠣᠷ ᠢ | ᠨᠢᠭᠡ ᠴᠣᠭᠴᠠᠵᠢᠭᠤᠯᠤᠨ ᠪᠦᠲᠦᠭᠡᠨ ᠪᠠᠶᠢᠭᠤᠯᠵᠤ ᠠᠵᠢᠯᠯᠠᠭᠤᠯᠬᠤ ᠲᠣᠭᠲᠠᠴᠠ ᠶᠢ ᠲᠦᠷᠭᠡᠨ ᠪᠠᠶᠢᠭᠤᠯᠤᠨ᠎ᠠ᠃ ᠬᠤᠳᠠ ᠶᠢᠨ ᠦᠶᠡᠷ ᠢ ᠰᠡᠷᠭᠡᠶᠢᠯᠡᠬᠦ ᠪᠠ ᠤᠰᠤᠲᠤᠯ ᠢ | ᠵᠠᠰᠠᠬᠤ ᠠᠵᠢᠯ ᠢ ᠨᠢᠭᠡᠳᠦᠯᠲᠡᠢ ᠲᠥᠯᠥᠪᠵᠢᠭᠦᠯᠵᠦ᠂ ᠬᠤᠳᠠ ᠶᠢᠨ ᠲᠣᠭᠤᠷᠢᠭ ᠤᠨ ᠤᠰᠤᠨ ᠰᠢᠰᠲ᠋ᠧᠮ᠂ ᠤᠰᠤ ᠭᠠᠳᠠᠭᠰᠢᠯᠠᠭᠤᠯᠬᠤ ᠬᠤᠭᠤᠯᠠᠢ ᠶᠢᠨ ᠲᠣᠣᠷ ᠬᠢᠭᠡᠳ | ᠡᠷᠭᠢᠨ ᠲᠣᠭᠤᠷᠢᠨ ᠤ ᠭᠤᠣᠯ ᠮᠥᠷᠡᠨ ᠨᠠᠭᠤᠷ ᠲᠠᠩᠭᠢᠰ᠂ ᠤᠰᠤᠨ ᠴᠥᠭᠦᠷᠥᠮ ᠵᠡᠷᠭᠡ ᠶᠢ ᠬᠤᠯᠪᠤᠭᠠᠯᠠᠨ ᠵᠠᠯᠠᠵᠤ ᠬᠤᠯᠪᠤᠭᠠᠯᠠᠨ ᠲᠣᠬᠢᠷᠠᠭᠤᠯᠬᠤ ᠠᠵᠢᠯᠯᠠᠭᠠᠨ ᠤ | ᠬᠠᠮᠢᠶᠠᠷᠤᠯᠲᠠ ᠶᠢᠨ ᠵᠠᠭᠪᠤᠷ ᠢ ᠪᠠᠶᠢᠭᠤᠯᠤᠨ ᠲᠡᠭᠦᠯᠳᠡᠷᠵᠢᠭᠦᠯᠵᠦ᠂ ᠤᠰᠤ ᠵᠠᠯᠠᠵᠤ ᠤᠰᠤᠲᠤᠯ ᠢ ᠰᠡᠷᠭᠡᠶᠢᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ | ᠥᠭᠡᠷᠡᠴᠢᠯᠡᠯᠲᠡ ᠶᠢ ᠲᠦᠷᠭᠡᠳᠬᠡᠵᠦ᠂ ᠬᠤᠳᠠ ᠶᠢᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠪᠦᠷᠢᠨ ᠲᠡᠭᠦᠯᠳᠡᠷ ᠰᠢᠰᠲ᠋ᠧᠮ ᠢ ᠪᠠᠶᠢᠭᠤᠯᠵᠤ᠂ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠥᠬᠦᠭᠡᠷᠦᠮᠵᠢ ᠶᠢ ᠥᠭᠡᠷᠡᠴᠢᠯᠡᠨ ᠲᠡᠰ | ᠳᠡᠪᠰᠢᠭᠦᠯᠬᠦ ᠶᠢ ᠠᠬᠢᠭᠤᠯᠤᠨ᠎ᠠ᠃ ᠣᠯᠠᠨ ᠨᠡᠶᠢᠲᠡ ᠶᠢᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠭᠠᠮᠰᠢᠭ ᠢ ᠰᠡᠷᠭᠡᠶᠢᠯᠡᠬᠦ ᠢᠨᠵᠧᠨᠧᠷᠢᠩ ᠢ ᠵᠣᠬᠢᠬᠤ ᠬᠡᠮᠵᠢᠶ᠎ᠡ ᠪᠠᠷ ᠤᠷᠢᠳᠴᠢᠯᠠᠨ ᠪᠦᠲᠦᠭᠡᠨ ᠪᠠᠶᠢᠭᠤᠯᠤᠨ᠎ᠠ᠃ ᠬᠤᠲᠠ ᠶᠢᠨ ᠵᠠᠮ ᠬᠠᠷᠢᠯᠴᠠᠭᠠᠨ ᠤ ᠰᠠᠭᠤᠷᠢ | ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠲᠦᠷᠭᠡᠨ ᠬᠤᠷᠳᠤᠴᠠᠲᠤ ᠭᠤᠣᠯ ᠵᠠᠮ ᠱᠤᠭᠤᠮ ᠤᠨ ᠵᠠᠮ ᠬᠠᠷᠢᠯᠴᠠᠭ᠎ᠠ᠂ ᠠᠮᠢᠳᠤᠷᠠᠯ ᠤᠨ ᠴᠢᠨᠠᠷᠲᠠᠢ ᠲᠥᠪᠯᠡᠷᠡᠭᠦᠯᠵᠦ | ᠲᠠᠷᠬᠠᠭᠠᠬᠤ ᠵᠠᠮ ᠬᠠᠷᠢᠯᠴᠠᠭ᠎ᠠ ᠪᠣᠯᠣᠨ ᠪᠣᠬᠢᠷᠳᠤᠯ ᠦᠭᠡᠢ ᠤᠳᠠᠭᠠᠨ ᠶᠠᠪᠤᠬᠤ ᠵᠠᠮ ᠬᠠᠷᠢᠯᠴᠠᠭ᠎ᠠ ᠶᠢ ᠬᠥᠭᠵᠢᠭᠦᠯᠵᠦ᠂ ᠲᠡᠷᠭᠡ ᠵᠣᠭᠰᠤᠭᠠᠬᠤ ᠲᠥᠬᠦᠭᠡᠷᠦᠮᠵᠢ ᠶᠢ | ᠲᠦᠷᠭᠡᠨ ᠪᠦᠲᠦᠭᠡᠨ ᠪᠠᠶᠢᠭᠤᠯᠤᠨ᠎ᠠ᠃ ᠬᠤᠲᠠ ᠶᠢᠨ ᠪᠠᠷᠠᠭ᠎ᠠ ᠲᠡᠭᠡᠭᠡᠪᠦᠷᠢᠯᠡᠬᠦ ᠲᠣᠣᠷ ᠤᠨ ᠲᠥᠯᠦᠪᠵᠢᠭᠦᠯᠭᠡ ᠵᠢᠷᠤᠭ ᠲᠥᠯᠥᠪᠯᠡᠭᠡ ᠶᠢ ᠰᠢᠯᠢᠳᠡᠭᠵᠢᠭᠦᠯᠵᠦ᠂ ᠱᠠᠲᠤ | ᠬᠤᠪᠢᠶᠠᠨ ᠲᠣᠬᠢᠷᠠᠭᠤᠯᠤᠨ ᠬᠦᠷᠭᠡᠬᠦ ᠲᠥᠬᠦᠭᠡᠷᠦᠮᠵᠢ ᠶᠢᠨ ᠰᠢᠰᠲ᠋ᠧᠮ ᠢ ᠪᠦᠷᠢᠨᠰᠢᠭᠦᠯᠦᠨ᠎ᠡ᠃ ᠰᠢᠨ᠎ᠡ ᠭᠡᠯᠪᠡᠷᠢ ᠶᠢᠨ ᠬᠤᠲᠠ ᠶᠢᠨ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠠᠷᠢᠯᠭ᠎ᠠ ᠶᠢᠨ ᠮᠡᠳᠡᠭᠡ ᠵᠠᠩᠭᠢ ᠶᠢᠨ ᠵᠠᠭᠪᠤᠷ ︵BIM︶ ᠤᠨ ᠮᠡᠷᠭᠡᠵᠢᠯ ᠤᠨ ᠬᠡᠷᠡᠭᠯᠡᠯᠲᠡ ᠶᠢ ᠭᠦᠨᠵᠡᠭᠡᠶᠢᠷᠡᠭᠦᠯᠦᠨ᠂ | ᠬᠤᠲᠠ ᠶᠢᠨ ᠰᠠᠭᠤᠷᠢ ᠲᠥᠬᠦᠭᠡᠷᠦᠮᠵᠢ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠎ᠡ᠃ | | ︵ᠳᠣᠯᠤᠭ᠎ᠠ︶ ᠬᠤᠲᠠ ᠶᠢᠨ ᠠᠮᠢ ᠠᠬᠤᠢ ᠶᠢᠨ ᠰᠢᠰᠲ᠋ᠧᠮ ᠢ ᠰᠡᠷᠭᠦᠭᠡᠨ᠎ᠡ᠃ ᠠᠭᠤᠯᠠ ᠶᠢ ᠵᠠᠰᠠᠬᠤ᠂ ᠤᠰᠤ ᠶᠢ ᠵᠠᠰᠠᠬᠤ᠂ ᠬᠤᠲᠠ ᠶᠢ ᠵᠠᠰᠠᠬᠤ ᠶᠢ ᠨᠢᠭᠡ | ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠬᠤᠲᠠ ᠶᠢᠨ ᠠᠮᠢ ᠠᠬᠤᠢ ᠶᠢᠨ ᠰᠠᠭᠤᠷᠢ ᠲᠥᠬᠦᠭᠡᠷᠦᠮᠵᠢ ᠶᠢᠨ ᠦᠷᠭᠦᠯᠵᠢᠯᠡᠭᠰᠡᠨ ᠪᠦᠷᠢᠨ ᠪᠦᠲᠦᠨ ᠰᠢᠰᠲ᠋ᠧᠮ ᠢ | ᠪᠠᠶᠢᠭᠤᠯᠤᠨ᠎ᠠ᠃ ᠡᠪᠳᠡᠭᠳᠡᠭᠰᠡᠨ ᠠᠭᠤᠯᠠᠨ ᠴᠣᠭᠴᠠ ᠪᠣᠯᠣᠨ ᠨᠡᠭᠦᠷᠡᠰᠦ ᠮᠠᠯᠲᠠᠭᠰᠠᠨ ᠠᠴᠠ ᠪᠣᠯᠵᠤ ᠳᠣᠷᠣᠭᠰᠢ ᠰᠠᠭᠤᠭᠰᠠᠨ ᠣᠷᠣᠨ ᠢ ᠲᠦᠷᠭᠡᠳᠬᠡᠨ ᠰᠡᠷᠭᠦᠭᠡᠨ | ᠵᠠᠰᠠᠵᠤ᠂ ᠠᠮᠤᠷ ᠲᠦᠪᠰᠢᠨ ᠤ ᠳᠠᠯᠳᠠ ᠭᠡᠮ ᠢ ᠠᠷᠢᠯᠭᠠᠬᠤ ᠬᠡᠷᠡᠭᠲᠡᠢ᠃ ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠶᠢᠨ ᠨᠤᠭᠤ | ᠭᠠᠵᠠᠷ ᠢ ᠬᠠᠮᠠᠭᠠᠯᠠᠨ ᠰᠡᠷᠭᠦᠭᠡᠵᠦ᠂ ᠬᠤᠲᠠ ᠶᠢᠨ ᠪᠣᠬᠢᠷ ᠦᠮᠡᠬᠡᠢ ᠤᠰᠤᠨ ᠴᠣᠭᠴᠠ ᠶᠢ ᠵᠠᠰᠠᠭᠰᠠᠨ ᠦᠷ᠎ᠡ ᠪᠦᠲᠦᠮᠵᠢ ᠶᠢ ᠪᠠᠬᠢᠵᠢᠭᠦᠯᠵᠦ᠂ ᠬᠤᠲᠠ ᠶᠢᠨ ᠤᠰᠤ | ᠰᠢᠷᠣᠢ ᠶᠢᠨ ᠢᠳᠡᠭᠳᠡᠯ ᠢ ᠵᠠᠰᠠᠬᠤ ᠪᠠ ᠠᠮᠢ ᠠᠬᠤᠢ ᠶᠢ ᠴᠡᠪᠡᠷᠰᠢᠭᠦᠯᠬᠦ ᠵᠢᠵᠢᠭ ᠰᠠᠪᠠ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠢ ᠶᠢᠨ ᠪᠣᠬᠢᠷᠳᠤᠯ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠰᠡᠷᠭᠦᠭᠡᠬᠦ ᠶᠢ ᠴᠢᠩᠭᠠᠳᠬᠠᠵᠤ᠂ | ᠪᠣᠬᠢᠷᠲᠤᠭᠰᠠᠨ ᠭᠠᠵᠠᠷ ᠢ ᠠᠮᠤᠷ ᠲᠦᠪᠰᠢᠨ ᠢᠶᠠᠷ ᠳᠠᠭᠢᠨ ᠠᠰᠢᠭᠯᠠᠬᠤ ᠶᠢ ᠦᠨᠡᠨ ᠬᠦ ᠪᠠᠲᠤᠯᠠᠨ᠎ᠠ᠃ ᠬᠤᠲᠠ ᠶᠢᠨ ᠨᠣᠭᠤᠭᠠᠨ ᠬᠦᠷᠢᠶ᠎ᠡ ᠨᠣᠭᠤᠭᠠᠨ ᠬᠤᠩᠭᠢᠯ | ᠨᠣᠭᠤᠭᠠᠨ ᠰᠢᠭᠠᠨᠲᠠᠭ ᠨᠣᠭᠤᠭᠠᠨ ᠵᠠᠮ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠨᠤᠲᠤᠭ ᠤᠨ ᠤᠷᠭᠤᠮᠠᠯ ᠬᠡᠷᠡᠭᠯᠡᠬᠦ ᠲᠦᠪᠰᠢᠨ ᠢ | ᠳᠡᠭᠡᠭᠰᠢᠯᠡᠭᠦᠯᠦᠨ᠂ ᠬᠤᠲᠠ ᠶᠢᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠵᠤ᠂ ᠣᠯᠠᠨ ᠲᠦᠮᠡᠨ ᠤ ᠳᠡᠷᠭᠡᠳᠡᠬᠢ ᠨᠡᠶᠢᠭᠡᠮ ᠲᠣᠭᠤᠷᠢᠭ ᠤᠨ ᠴᠡᠴᠡᠷᠯᠢᠭ | ᠪᠠ ᠬᠠᠷᠮᠠᠨ ᠴᠡᠴᠡᠷᠯᠢᠭ ᠢ ᠨᠡᠮᠡᠭᠳᠡᠭᠦᠯᠦᠨ᠂ ᠴᠡᠴᠡᠷᠯᠢᠭ ᠤᠨ ᠵᠦᠯᠭᠡ ᠶᠢ ᠨᠡᠭᠡᠭᠡᠨ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ | ︵ᠨᠠᠢᠮᠠ︶ ᠬᠤᠲᠠ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠨ᠎ᠠ᠃ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ | ᠪᠠᠶᠢᠴᠠᠭᠠᠯᠲᠠ ᠶᠢ ᠵᠣᠯᠭᠠᠭᠤᠯᠵᠤ᠂ ᠬᠤᠲᠠ ᠶᠢᠨ ᠰᠣᠶᠣᠯ ᠤᠨ ᠥᠪ ᠬᠥᠷᠥᠩᠭᠡ ᠶᠢᠨ ᠡᠬᠢ ᠪᠠᠶᠠᠯᠢᠭ ᠤᠨ ᠪᠠᠶᠢᠴᠠᠭᠠᠯᠲᠠ ᠶᠢ ᠯᠠᠪᠳᠠᠭᠤᠨ ᠪᠠᠲᠤᠲᠠᠢ ᠥᠷᠨᠢᠭᠦᠯᠦᠨ᠎ᠡ᠃ | ︽ᠬᠠᠭᠤᠴᠢᠨ ᠬᠤᠲᠠ ᠶᠢ ᠳᠠᠭᠢᠨ ᠨᠤᠷᠠᠭᠠᠵᠤ ᠪᠤᠯᠬᠤ ᠦᠭᠡᠢ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠠᠭᠤᠴᠢᠨ ᠬᠤᠲᠠ ᠵᠢᠴᠢ ᠲᠡᠦᠬᠡ ᠰᠣᠶᠣᠯ ᠤᠨ ᠵᠡᠭᠡᠯᠢ | ᠲᠣᠭᠤᠷᠢᠭ ᠢ ᠪᠦᠭᠦ ᠲᠠᠯ᠎ᠠ ᠪᠠᠷ ᠪᠠᠶᠢᠴᠠᠭᠠᠵᠤ᠂ ᠬᠤᠲᠠ ᠪᠠᠯᠭᠠᠰᠤ ᠶᠢᠨ ᠬᠠᠭᠤᠴᠢᠨ ᠰᠠᠭᠤᠭᠠᠯᠢ ᠲᠣᠭᠤᠷᠢᠭ᠂ ᠬᠠᠭᠤᠴᠢᠨ ᠵᠡᠭᠡᠯᠢ ᠲᠣᠭᠤᠷᠢᠭ᠂ ᠬᠠᠭᠤᠴᠢᠨ | ᠦᠢᠯᠡᠳᠪᠦᠷᠢ ᠶᠢᠨ ᠲᠣᠭᠤᠷᠢᠭ ᠤᠨ ᠰᠣᠶᠣᠯ ᠤᠨ ᠥᠪ ᠬᠥᠷᠥᠩᠭᠡ ᠶᠢᠨ ᠡᠬᠢ ᠪᠠᠶᠠᠯᠢᠭ ᠤᠨ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠬᠠᠮᠤᠭ ᠤᠨ ᠴᠢᠩᠭ᠎ᠠ | ᠬᠠᠮᠠᠭᠠᠯᠠᠬᠤ ᠬᠦᠷᠢᠶ᠎ᠡ ᠬᠡᠪᠴᠢᠶ᠎ᠡ ᠶᠢ ᠬᠤᠪᠢᠶᠠᠷᠢᠯᠠᠨ ᠲᠣᠭᠲᠠᠭᠠᠨ᠎ᠠ᠃ ᠰᠣᠶᠣᠯ ᠤᠨ ᠥᠪ ᠬᠥᠷᠥᠩᠭᠡ ᠶᠢᠨ ᠨᠥᠯᠥᠭᠡ ᠳᠤ ᠦᠨᠡᠯᠡᠯᠲᠡ ᠬᠢᠬᠦ ᠶᠢ ᠥᠷᠨᠢᠭᠦᠯᠵᠦ᠂ | ︽ᠤᠷᠢᠳ ᠢᠶᠠᠷ ᠪᠠᠶᠢᠴᠠᠭᠠᠵᠤ ᠳᠠᠷᠠᠭ᠎ᠠ ᠨᠢ ᠪᠦᠲᠦᠭᠡᠨ ᠪᠠᠶᠢᠭᠤᠯᠬᠤ︾᠂ ︽ᠤᠷᠢᠳ ᠢᠶᠠᠷ ᠬᠠᠭᠤᠴᠢ ᠰᠤᠳᠤᠯᠵᠤ ᠳᠠᠷᠠᠭ᠎ᠠ ᠨᠢ ᠰᠢᠯᠵᠢᠭᠦᠯᠦᠨ ᠥᠭᠬᠦ︾ | ᠬᠠᠮᠠᠭᠠᠯᠠᠯᠲᠠ ᠶᠢᠨ ᠤᠷᠢᠳᠠᠴᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠬᠠᠭᠤᠴᠢᠨ ᠭᠡᠷ ᠪᠠᠶᠢᠰᠢᠩ ᠢ ᠨᠤᠷᠠᠭᠠᠬᠤ ᠬᠠᠮᠢᠶᠠᠷᠤᠯᠲᠠ ᠶᠢ ᠴᠢᠩᠭᠠᠳᠬᠠᠨ᠂ | ᠬᠠᠮᠠᠭᠠᠯᠠᠬᠤ ᠦᠨ᠎ᠡ ᠥᠷᠲᠡᠭ ᠲᠠᠢ ᠬᠠᠭᠤᠴᠢᠨ ᠪᠠᠷᠢᠯᠭ᠎ᠠ᠂ ᠡᠷᠲᠡᠨ ᠤ ᠠᠷᠠᠳ ᠤᠨ ᠣᠷᠣᠨ ᠰᠠᠭᠤᠴᠠ ᠶᠢ ᠳᠤᠷ᠎ᠠ ᠪᠠᠷ ᠢᠶᠠᠨ ᠨᠤᠷᠠᠭᠠᠬᠤ ᠦᠭᠡᠢ ᠪᠠᠶᠢᠵᠤ᠂ ᠦᠨᠡᠨ | ᠨᠤᠷᠠᠭᠠᠵᠤ ᠬᠠᠭᠤᠷᠮᠠᠭ ᠢᠶᠠᠷ ᠪᠠᠶᠢᠭᠤᠯᠬᠤ ᠶᠢ ᠴᠠᠭᠠᠵᠠᠯᠠᠨ᠎ᠠ᠃ ᠰᠠᠭᠤᠭᠠᠯᠢ ᠠᠷᠠᠳ ᠢᠶᠠᠷ ᠭᠤᠣᠯ ᠴᠣᠭᠴᠠ ᠪᠤᠯᠭᠠᠬᠰᠠᠨ ᠬᠠᠮᠠᠭᠠᠯᠠᠵᠤ ᠬᠡᠷᠡᠭᠵᠢᠭᠦᠯᠬᠦ ᠲᠣᠭᠲᠠᠴᠠ ᠶᠢ | ᠪᠠᠶᠢᠭᠤᠯᠤᠨ᠂ ᠲᠡᠦᠬᠡ ᠰᠣᠶᠣᠯ ᠤᠨ ᠵᠡᠭᠡᠯᠢ ᠲᠣᠭᠤᠷᠢᠭ ᠢ ᠰᠡᠷᠭᠦᠭᠡᠬᠦ ᠪᠠ ᠰᠢᠯᠵᠢᠭᠦᠯᠵᠦ ᠪᠤᠯᠬᠤ ᠦᠭᠡᠢ ᠲᠡᠦᠬᠡ ᠶᠢᠨ ᠳᠤᠷᠠᠰᠬᠠᠯᠲᠤ ᠵᠦᠢᠯᠡᠰ᠂ ᠲᠡᠦᠬᠡ ᠶᠢᠨ | ᠪᠠᠷᠢᠯᠭ᠎ᠠ ᠶᠢ ᠰᠡᠯᠪᠢᠨ ᠵᠠᠰᠠᠬᠤ ᠶᠢ ᠠᠬᠢᠭᠤᠯᠵᠤ᠂ ᠰᠣᠶᠣᠯ ᠤᠨ ᠥᠪ ᠢ ᠵᠦᠢ ᠵᠣᠬᠢᠰᠲᠠᠢ ᠠᠰᠢᠭᠯᠠᠬᠤ ᠠᠷᠭ᠎ᠠ ᠵᠠᠮ ᠢ ᠰᠦᠪᠡᠭᠴᠢᠯᠡᠨ᠎ᠡ᠃ ᠴᠢᠬᠤᠯᠠ ᠲᠡᠦᠬᠡ | ᠰᠣᠶᠣᠯ ᠤᠨ ᠦᠨ᠎ᠡ ᠥᠷᠲᠡᠭ ᠲᠠᠢ᠂ ᠳᠤᠮᠳᠠᠳᠤ ᠶᠢᠨ ᠲᠡᠦᠬᠡ ᠰᠣᠶᠣᠯ ᠤᠨ ᠰᠤᠳᠠᠰᠤ ᠶᠢ ᠢᠯᠡᠷᠡᠭᠦᠯᠦᠭᠰᠡᠨ ᠭᠠᠵᠠᠷ ᠤᠨ ᠨᠡᠷ᠎ᠡ ᠶᠢ ᠬᠠᠮᠠᠭᠠᠯᠠᠵᠤ᠂ ᠵᠢᠷᠤᠮᠵᠢᠯ ᠦᠭᠡᠢ | ᠭᠠᠵᠠᠷ ᠤᠨ ᠨᠡᠷ᠎ᠡ ᠶᠢ ᠵᠣᠬᠢᠰᠲᠠᠢ ᠪᠠᠷ ᠴᠡᠭᠴᠡᠯᠡᠨ᠎ᠡ᠃ ᠬᠤᠲᠠ ᠶᠢᠨ ᠰᠢᠨᠡᠳᠬᠡᠭᠰᠡᠨ ᠭᠤᠣᠯᠳᠠᠯᠭ᠎ᠠ ᠲᠠᠢ ᠭᠠᠵᠠᠷ ᠣᠷᠣᠨ᠂ ᠴᠢᠬᠤᠯᠠ ᠭᠠᠵᠠᠷ ᠣᠷᠣᠨ ᠤ ᠳᠦᠷᠰᠦ | ᠪᠠᠶᠢᠳᠠᠯ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠭᠡᠲᠦ ᠶᠡᠭᠡ ᠬᠡᠮᠵᠢᠶᠡᠨ ᠤ ᠣᠯᠠᠨ ᠨᠡᠶᠢᠲᠡ ᠶᠢᠨ ᠪᠠᠷᠢᠯᠭ᠎ᠠ᠂ ᠭᠡᠲᠦ ᠥᠨᠳᠥᠷ ᠳᠠᠪᠬᠤᠷᠭᠠᠲᠤ ᠪᠠᠷᠢᠯᠭ᠎ᠠ ᠶᠢ | ᠴᠢᠩᠭ᠎ᠠ ᠬᠠᠮᠢᠶᠠᠷᠤᠨ᠎ᠠ᠃ | ᠭᠤᠷᠪᠠ᠂ ᠲᠤᠯᠭᠠᠭᠤᠷᠢᠯᠠᠯ ᠪᠠᠲᠤᠯᠠᠭ᠎ᠠ ᠶᠢ ᠴᠢᠩᠭᠠᠳᠬᠠᠨ᠎ᠠ | ︵ᠨᠢᠭᠡ︶ ᠬᠤᠲᠠ ᠶᠢ ᠰᠢᠨᠡᠳᠬᠡᠬᠦ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠬᠡᠷᠡᠭᠴᠡᠭᠡ ᠪᠠᠷ ᠤᠳᠤᠷᠢᠳᠤᠮᠵᠢ ᠪᠤᠯᠭᠠᠬᠰᠠᠨ᠂ | ᠲᠥᠷᠥᠯ ᠵᠦᠢᠯ ᠢᠶᠠᠷ ᠬᠥᠲᠥᠯᠥᠮᠵᠢ ᠪᠤᠯᠭᠠᠬᠰᠠᠨ ᠬᠤᠲᠠ ᠶᠢ ᠰᠢᠨᠡᠳᠬᠡᠬᠦ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠪᠠ ᠲᠡᠭᠦᠯᠳᠡᠷᠵᠢᠭᠦᠯᠦᠨ᠎ᠡ᠃ ᠬᠤᠲᠠ ᠶᠢᠨ | ᠪᠡᠶ᠎ᠡ ᠶᠢᠨ ᠪᠠᠶᠢᠴᠠᠭᠠᠯᠲᠠ ᠶᠢ ᠦᠨᠡᠯᠡᠨ ᠵᠢᠱᠢᠬᠦ ᠶᠢ ᠪᠦᠭᠦ ᠲᠠᠯ᠎ᠠ ᠪᠠᠷ ᠥᠷᠨᠢᠭᠦᠯᠵᠦ᠂ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠰᠢᠢᠳᠪᠦᠷᠢᠯᠡᠬᠦ᠂ ᠦᠷ᠎ᠡ ᠪᠦᠲᠦᠮᠵᠢ ᠶᠢ | ᠦᠨᠡᠯᠡᠨ ᠵᠢᠱᠢᠬᠦ᠂ ᠪᠠᠬᠢᠵᠢᠭᠦᠯᠦᠨ ᠳᠡᠭᠡᠭᠰᠢᠯᠡᠭᠦᠯᠭᠦ ᠠᠵᠢᠯ ᠤᠨ ᠠᠷᠭ᠎ᠠ ᠵᠠᠮ ᠢ ᠪᠠᠶᠢᠭᠤᠯᠤᠨ᠎ᠠ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠲᠥᠯᠦᠪᠵᠢᠭᠦᠯᠭᠡ ᠶᠢ ᠦᠨᠳᠦᠰᠦᠯᠡᠨ᠂ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠦᠨᠡᠯᠡᠨ ᠵᠢᠱᠢᠭᠰᠡᠨ ᠦᠷ᠎ᠡ ᠳ᠋ᠦᠩ ᠲᠠᠢ ᠤᠶᠠᠯᠳᠤᠭᠤᠯᠵᠤ᠂ ᠬᠤᠲᠠ ᠶᠢᠨ | ᠰᠢᠨᠡᠳᠬᠡᠬᠦ ᠲᠤᠰᠬᠠᠢ ᠲᠦᠷᠦᠯ ᠤᠨ ᠲᠥᠯᠦᠪᠵᠢᠭᠦᠯᠭᠡ ᠶᠢ ᠲᠣᠭᠲᠠᠭᠠᠨ ᠬᠡᠷᠡᠭᠵᠢᠭᠦᠯᠵᠦ᠂ ᠬᠤᠲᠠ ᠶᠢᠨ ᠰᠢᠨᠡᠳᠬᠡᠬᠦ ᠠᠵᠢᠯᠯᠠᠭᠠᠨ ᠤ ᠬᠠᠷᠠᠯᠲᠠ᠂ ᠭᠤᠣᠯᠳᠠᠯᠭ᠎ᠠ ᠲᠠᠢ | ᠡᠭᠦᠷᠭᠡ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠣᠨ ᠬᠡᠷᠡᠭᠵᠢᠭᠦᠯᠬᠦ ᠴᠠᠭ ᠤᠨ ᠳᠠᠷᠠᠭᠠᠯᠠᠯ ᠢ ᠲᠣᠭᠲᠠᠭᠠᠨ᠂ ︽ᠲᠤᠰᠬᠠᠢ ᠲᠦᠷᠦᠯ ᠤᠨ ᠲᠥᠯᠦᠪᠵᠢᠭᠦᠯᠭᠡ— | ᠬᠡᠰᠡᠭ ᠣᠷᠣᠨ ᠤ ᠤᠬᠠᠭᠠᠯᠠᠯ ᠲᠥᠰᠥᠪᠯᠡᠯ — ᠲᠥᠷᠥᠯ ᠵᠦᠢᠯ ᠤᠨ ᠬᠡᠷᠡᠭᠵᠢᠭᠦᠯᠬᠦ ᠲᠥᠰᠥᠯ︾ ᠤᠨ ᠲᠥᠯᠥᠪᠵᠢᠭᠦᠯᠦᠨ ᠬᠡᠷᠡᠭᠵᠢᠭᠦᠯᠬᠦ ᠰᠢᠰᠲ᠋ᠧᠮ ᠢ ᠪᠠᠶᠢᠭᠤᠯᠤᠨ | ᠲᠡᠭᠦᠯᠳᠡᠷᠵᠢᠭᠦᠯᠦᠨ᠎ᠡ᠃ ᠬᠤᠲᠠ ᠶᠢᠨ ᠵᠢᠷᠤᠭ ᠲᠥᠯᠥᠪᠯᠡᠭᠡ ᠶᠢᠨ ᠬᠤᠲᠠ ᠶᠢᠨ ᠰᠢᠨᠡᠳᠬᠡᠬᠦ ᠲᠥᠷᠥᠯ ᠵᠦᠢᠯ ᠤᠨ ᠬᠡᠷᠡᠭᠵᠢᠭᠦᠯᠦᠯᠲᠡ ᠳᠠᠬᠢ ᠬᠥᠲᠥᠯᠥᠨ ᠵᠢᠯᠤᠭᠤᠳᠬᠤ | ᠦᠢᠯᠡᠳᠦᠯ ᠢ ᠴᠢᠩᠭᠠᠷᠠᠭᠤᠯᠵᠤ᠂ ᠭᠡᠷ ᠪᠠᠶᠢᠰᠢᠩ᠂ ᠰᠠᠭᠤᠭᠠᠯᠢ ᠠᠷᠠᠳ ᠤᠨ ᠲᠣᠭᠤᠷᠢᠭ᠂ ᠨᠡᠶᠢᠭᠡᠮ ᠲᠣᠭᠤᠷᠢᠭ᠂ ᠬᠤᠲᠠ ᠶᠢᠨ ᠲᠣᠭᠤᠷᠢᠭ᠂ ᠬᠤᠲᠠ ᠵᠡᠷᠭᠡ ᠠᠳᠠᠯᠢ ᠪᠤᠰᠤ | ᠭᠡᠮᠵᠢᠶᠡᠷᠢᠯᠡᠯ ᠤᠨ ᠵᠢᠷᠤᠭ ᠲᠥᠯᠥᠪᠯᠡᠭᠡ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠨ᠎ᠠ᠃ ᠬᠤᠲᠠ ᠶᠢᠨ ᠰᠢᠨᠡᠳᠬᠡᠬᠦ ᠳᠤ ᠵᠣᠬᠢᠴᠠᠭᠰᠠᠨ | ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠬᠠᠮᠢᠶᠠᠷᠤᠯᠲᠠ ᠶᠢᠨ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ | ︵ᠬᠤᠶᠠᠷ︶ ᠭᠠᠵᠠᠷ ᠬᠡᠷᠡᠭᠯᠡᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ︽ᠲᠥᠷᠥᠯ ᠵᠦᠢᠯ ᠨᠢ ᠲᠥᠯᠦᠪᠵᠢᠭᠦᠯᠭᠡ ᠶᠢ ᠳᠠᠭᠠᠬᠤ᠂ ᠭᠠᠵᠠᠷ | ᠰᠢᠷᠣᠢ ᠶᠢᠨ ᠬᠦᠴᠦᠨ ᠵᠦᠢᠯ ᠨᠢ ᠲᠥᠷᠥᠯ ᠵᠦᠢᠯ ᠢ ᠳᠠᠭᠠᠬᠤ︾ ᠶᠢ ᠪᠠᠷᠢᠮᠲᠠᠯᠠᠵᠤ᠂ ᠭᠠᠵᠠᠷ ᠰᠢᠷᠣᠢ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠨ᠂ ᠪᠦᠭᠦ ᠣᠷᠣᠨ ᠪᠦᠰᠡ | ᠪᠦᠭᠦ ᠲᠥᠷᠥᠯ ᠭᠡᠯᠪᠡᠷᠢ ᠶᠢ ᠬᠠᠮᠤᠷᠤᠭᠰᠠᠨ᠂ ᠨᠢᠭᠡᠳᠦᠯᠲᠡᠢ ᠵᠣᠯᠭᠠᠭᠤᠯᠤᠭᠰᠠᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠴᠡᠭᠡ ᠶᠢᠨ ᠬᠠᠮᠢᠶᠠᠷᠤᠯᠲᠠ ᠪᠠ | ᠲᠥᠯᠦᠪᠵᠢᠭᠦᠯᠭᠡ ᠶᠢᠨ ᠵᠥᠪᠰᠢᠶᠡᠷᠡᠯ ᠤᠨ ᠳᠦᠷᠢᠮ ᠢ ᠲᠣᠭᠲᠠᠭᠠᠨ ᠪᠦᠷᠢᠨᠰᠢᠭᠦᠯᠵᠦ᠂ ᠰᠢᠨ᠎ᠡ ᠪᠠᠷ ᠨᠡᠮᠡᠭᠳᠡᠭᠰᠡᠨ ᠪᠠ ᠬᠠᠳᠠᠭᠠᠯᠠᠭᠳᠠᠵᠤ ᠪᠠᠶᠢᠭ᠎ᠠ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠨᠢᠭᠡᠳᠦᠯᠲᠡᠢ ᠲᠥᠯᠥᠪᠵᠢᠭᠦᠯᠵᠦ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ | ᠲᠣᠬᠢᠷᠠᠭᠤᠯᠤᠯᠲᠠ ᠳᠤ ᠬᠤᠯᠪᠣᠭᠳᠠᠭᠰᠠᠨ ᠪᠠᠶᠢᠪᠠᠯ᠂ ᠲᠠᠰ ᠳᠠᠷᠠᠭᠠᠯᠠᠯ ᠶᠣᠰᠣᠭᠠᠷ ᠬᠠᠤᠯᠢ ᠶᠣᠰᠣᠭᠠᠷ ᠭᠦᠢᠴᠡᠳᠬᠡᠨ᠎ᠡ᠃ ᠭᠠᠵᠠᠷ ᠰᠢᠷᠣᠢ ᠶᠢ ᠤᠯᠠᠨ ᠵᠦᠢᠯ ᠤᠨ | ᠭᠡᠯᠪᠡᠷᠢ ᠪᠠᠷ ᠨᠡᠭᠡᠭᠡᠨ ᠠᠰᠢᠭᠯᠠᠬᠤ ᠪᠠ ᠬᠡᠷᠡᠭᠴᠡᠭᠡ ᠶᠢ ᠬᠠᠤᠯᠢ ᠶᠣᠰᠣᠭᠠᠷ ᠵᠦᠢ ᠵᠣᠬᠢᠰᠲᠠᠢ ᠬᠤᠪᠢᠷᠠᠭᠤᠯᠬᠤ ᠶᠢ ᠠᠬᠢᠭᠤᠯᠵᠤ᠂ ᠬᠡᠷᠡᠭᠴᠡᠭᠡ ᠶᠢ ᠬᠤᠪᠢᠷᠠᠭᠤᠯᠬᠤ ᠪᠠ | ᠵᠣᠬᠢᠴᠠᠩᠭᠤᠢ ᠪᠠᠷ ᠬᠡᠷᠡᠭᠯᠡᠬᠦ ᠵᠥᠪ ᠲᠠᠯ᠎ᠠ ᠶᠢᠨ ᠨᠠᠷᠢᠨ ᠲᠠᠩᠰᠠ᠂ ᠨᠠᠵᠠᠭᠠᠢ ᠲᠠᠯ᠎ᠠ ᠶᠢᠨ ᠨᠠᠷᠢᠨ ᠲᠠᠩᠰᠠ ᠪᠠ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ | ᠲᠣᠳᠣᠷᠬᠠᠶᠢᠯᠠᠵᠤ᠂ ᠬᠡᠷᠡᠭᠴᠡᠭᠡ ᠶᠢ ᠬᠤᠪᠢᠷᠠᠭᠤᠯᠬᠤ ᠰᠢᠯᠵᠢᠯᠲᠡ ᠶᠢᠨ ᠬᠤᠭᠤᠴᠠᠭᠠᠨ ᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠦᠷ᠎ᠡ ᠠᠰᠢᠭ ᠢᠶᠠᠷ | ᠳᠣᠣᠷ᠎ᠠ ᠦᠯᠡᠳᠡᠭᠡᠯ ᠭᠠᠵᠠᠷ ᠰᠢᠷᠣᠢ ᠶᠢ ᠠᠮᠢᠳᠤᠯᠢᠭᠵᠢᠭᠤᠯᠤᠨ ᠠᠰᠢᠭᠯᠠᠵᠤ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠡᠭᠡᠭᠦᠯᠦᠨ | ᠬᠤᠷᠢᠶᠠᠬᠤ ᠲᠣᠭᠲᠠᠴᠠ ᠶᠢ ᠲᠡᠭᠦᠯᠳᠡᠷᠵᠢᠭᠦᠯᠦᠨ᠂ ᠬᠡᠰᠡᠭ ᠪᠤᠰᠠᠭ ᠭᠠᠵᠠᠷ ᠰᠢᠷᠣᠢ ᠶᠢ ᠲᠥᠪᠯᠡᠷᠡᠭᠦᠯᠦᠨ ᠥᠭᠡᠷᠡᠴᠢᠯᠡᠬᠦ᠂ ᠡᠵᠡᠯᠡᠬᠦᠨ ᠤ ᠨᠣᠷᠮ᠎ᠠ ᠶᠢ ᠰᠢᠯᠵᠢᠭᠦᠯᠬᠦ ᠪᠤᠶᠤ | ᠱᠠᠩᠨᠠᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ᠎ᠡ᠃ ᠦᠷ᠎ᠡ ᠠᠰᠢᠭ ᠳᠣᠣᠷ᠎ᠠ ᠦᠯᠡᠳᠡᠭᠡᠯ ᠭᠠᠵᠠᠷ ᠢ ᠠᠰᠢᠭᠯᠠᠨ ᠪᠠᠲᠤᠯᠠᠭ᠎ᠠ ᠶᠢᠨ ᠴᠢᠨᠠᠷᠲᠠᠢ ᠣᠷᠣᠨ | ᠰᠠᠭᠤᠴᠠ ᠪᠦᠲᠦᠭᠡᠨ ᠪᠠᠶᠢᠭᠤᠯᠬᠤ᠂ ᠠᠵᠤ ᠦᠢᠯᠡᠰ ᠢ ᠬᠥᠭᠵᠢᠭᠦᠯᠬᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠬᠦ ᠶᠢ ᠲᠡᠮᠵᠢᠨ᠎ᠡ᠃ | ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠨᠠᠶᠢᠳᠠᠨ ᠰᠢᠯᠵᠢᠭᠦᠯᠬᠦ ᠭᠡᠷ᠎ᠡ ᠳᠤ ᠪᠣᠯᠵᠣᠨ ᠲᠣᠭᠲᠠᠭᠠᠭᠰᠠᠨ ᠪᠤᠶᠤ ᠭᠠᠵᠠᠷ ᠰᠢᠷᠣᠢ ᠶᠢ | ᠰᠠᠯᠭᠠᠨ ᠥᠭᠬᠦ ᠲᠣᠭᠲᠠᠭᠠᠯ ᠤᠨ ᠪᠢᠴᠢᠭ ᠲᠤ ᠲᠣᠭᠲᠠᠭᠠᠭᠰᠠᠨ ᠵᠠᠰᠠᠭ ᠤᠨ ᠣᠷᠳᠣᠨ ᠠᠴᠠ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠬᠤᠷᠢᠶᠠᠨ ᠠᠪᠬᠤ ᠵᠢᠴᠢ | ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠳᠤᠷ᠎ᠠ ᠪᠠᠷ ᠢᠶᠠᠨ ᠰᠢᠯᠵᠢᠭᠦᠯᠦᠨ ᠥᠭᠬᠦ ᠶᠢ ᠴᠠᠭᠠᠵᠠᠯᠠᠭᠰᠠᠨ ᠪᠠᠶᠢᠳᠠᠯ ᠠᠴᠠ ᠭᠠᠳᠠᠨ᠎ᠠ᠂ ᠤᠯᠤᠰ ᠤᠨ | ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡᠲᠦ ᠬᠥᠮᠥᠨ ᠤ ᠲᠡᠰ ᠳᠠᠷᠠᠭᠠᠯᠠᠯ ᠶᠣᠰᠣᠭᠠᠷ ᠥᠪᠡᠰᠦᠪᠡᠨ ᠬᠡᠷᠡᠭᠯᠡᠬᠦ ᠪᠤᠶᠤ ᠰᠢᠯᠵᠢᠭᠦᠯᠦᠨ ᠥᠭᠬᠦ᠂ ᠬᠤᠪᠢ | ᠣᠷᠣᠬᠤ᠂ ᠬᠤᠯᠪᠤᠭᠠᠯᠠᠨ ᠡᠵᠡᠩᠨᠡᠬᠦ ᠵᠡᠷᠭᠡ ᠠᠷᠭ᠎ᠠ ᠮᠠᠶ᠋ᠢᠭ ᠢᠶᠠᠷ ᠦᠷ᠎ᠡ ᠠᠰᠢᠭ ᠢᠶᠠᠷ ᠳᠣᠣᠷ᠎ᠠ ᠭᠠᠵᠠᠷ ᠰᠢᠷᠣᠢ ᠶᠢ ᠰᠢᠨᠡᠳᠬᠡᠨ ᠥᠭᠡᠷᠡᠴᠢᠯᠡᠬᠦ ᠶᠢ ᠵᠣᠷᠢᠭᠵᠢᠭᠤᠯᠤᠨ᠎ᠠ᠃ | ᠭᠠᠵᠠᠷ ᠤᠨ ᠦᠨ᠎ᠡ ᠶᠢ ᠪᠤᠳᠤᠵᠤ ᠬᠤᠷᠢᠶᠠᠬᠤ ᠳᠦᠷᠢᠮ ᠢ ᠰᠢᠯᠢᠳᠡᠭᠵᠢᠭᠦᠯᠦᠨ᠎ᠡ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ ᠭᠠᠵᠠᠷ | ᠰᠢᠷᠣᠢ ᠶᠢᠨ ᠭᠠᠵᠠᠷ ᠤᠨ ᠭᠠᠳᠠᠷᠭᠤ᠂ ᠭᠠᠵᠠᠷ ᠳᠡᠭᠡᠷ᠎ᠡ ᠪᠤᠶᠤ ᠭᠠᠵᠠᠷ ᠳᠣᠣᠷ᠎ᠠ ᠲᠤᠰ ᠲᠤᠰ ᠪᠠᠶᠢᠭᠤᠯᠬᠤ ᠶᠢ ᠠᠬᠢᠭᠤᠯᠤᠨ᠎ᠠ᠃ ᠬᠤᠳᠠ ᠶᠢ ᠰᠢᠨᠡᠳᠬᠡᠬᠦ ᠲᠠᠢ | ᠬᠤᠯᠪᠣᠭᠳᠠᠬᠤ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠳᠦᠷᠢᠮ ᠢ ᠲᠡᠭᠦᠯᠳᠡᠷᠵᠢᠭᠦᠯᠦᠨ᠎ᠡ᠃ | ︵ᠭᠤᠷᠪᠠ︶ ᠭᠡᠷ ᠪᠠᠶᠢᠰᠢᠩ ᠬᠡᠷᠡᠭᠯᠡᠬᠦ ᠪᠦᠭᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ | ᠲᠣᠭᠲᠠᠭᠠᠨ᠎ᠠ᠃ ᠭᠡᠷ ᠪᠠᠶᠢᠰᠢᠩ ᠬᠡᠷᠡᠭᠯᠡᠬᠦ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠭᠡᠷ ᠪᠠᠶᠢᠰᠢᠩ ᠤᠨ ᠠᠮᠤᠷ ᠲᠦᠪᠰᠢᠨ ᠤ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠ ᠠᠮᠤᠷ ᠲᠦᠪᠰᠢᠨ ᠤ ᠪᠡᠶ᠎ᠡ ᠶᠢᠨ | ᠪᠠᠶᠢᠴᠠᠭᠠᠯᠲᠠ ᠶᠢ ᠴᠢᠩᠭᠠᠳᠬᠠᠨ᠂ ᠠᠮᠤᠷ ᠲᠦᠪᠰᠢᠨ ᠤ ᠭᠡᠮ ᠰᠣᠭᠤᠭ ᠢ ᠴᠠᠭ ᠲᠤᠬᠠᠢ ᠳᠤᠨᠢ ᠢᠯᠡᠷᠡᠭᠦᠯᠬᠦ ᠪᠠ ᠰᠢᠢᠳᠪᠦᠷᠢᠯᠡᠬᠦ ᠬᠡᠷᠡᠭᠲᠡᠢ᠃ ᠵᠠᠬ᠎ᠠ ᠳᠡᠯᠭᠡᠭᠦᠷᠴᠢᠯᠡᠭᠰᠡᠨ | ᠠᠷᠭ᠎ᠠ ᠪᠠᠷᠢᠯ ᠢᠶᠠᠷ ᠭᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠲᠣᠭᠲᠠᠴᠠ ᠳᠤ ᠰᠢᠨ᠎ᠡ ᠶᠢ ᠡᠭᠦᠳᠬᠦ ᠶᠢ ᠰᠦᠪᠡᠭᠴᠢᠯᠡᠬᠦ ᠬᠡᠷᠡᠭᠲᠡᠢ᠃ | ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠨᠢᠭᠡᠨᠲᠡ ᠪᠠᠶᠢᠭ᠎ᠠ ᠭᠡᠷ ᠪᠠᠶᠢᠰᠢᠩ ᠤᠨ | ᠠᠮᠤᠷ ᠲᠦᠪᠰᠢᠨ ᠤ ᠬᠠᠮᠢᠶᠠᠷᠤᠯᠲᠠ ᠶᠢᠨ ᠣᠯᠠᠨ ᠨᠡᠶᠢᠲᠡ ᠶᠢᠨ ᠪᠡᠯᠡ ᠮᠥᠩᠭᠦ ᠴᠤᠭᠯᠠᠭᠤᠯᠬᠤ᠂ ᠬᠠᠮᠢᠶᠠᠷᠬᠤ᠂ ᠬᠡᠷᠡᠭᠯᠡᠬᠦ ᠵᠠᠭᠪᠤᠷ ᠢ ᠪᠠᠶᠢᠭᠤᠯᠤᠨ ᠲᠡᠭᠦᠯᠳᠡᠷᠵᠢᠭᠦᠯᠬᠦ ᠶᠢ | ᠠᠬᠢᠭᠤᠯᠤᠨ᠎ᠠ᠃ | ︵ᠳᠥᠷᠪᠡ︶ ᠣᠯᠠᠨ ᠡᠰᠢᠵᠢᠭᠰᠡᠨ ᠪᠡᠯᠡ ᠣᠷᠣᠭᠤᠯᠵᠤ ᠪᠡᠯᠡ ᠬᠤᠷᠠᠮᠳᠤᠭᠤᠯᠬᠤ ᠠᠷᠭ᠎ᠠ ᠮᠠᠶ᠋ᠢᠭ ᠢ ᠪᠦᠷᠢᠨᠰᠢᠭᠦᠯᠦᠨ᠎ᠡ᠃ ᠲᠥᠪ ᠤᠨ ᠲᠥᠰᠥᠪ ᠤᠨ | ᠳᠣᠲᠣᠷᠠᠬᠢ ᠪᠡᠯᠡ ᠣᠷᠣᠭᠤᠯᠤᠯᠲᠠ ᠵᠡᠷᠭᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠤᠷᠳᠤ ᠬᠤᠭᠤᠴᠠᠭᠠᠨ ᠤ ᠣᠨᠴᠠᠭᠠᠢ ᠤᠯᠤᠰ ᠤᠨ ᠵᠢᠭᠡᠯᠡᠯᠭᠡ ᠪᠠᠷ | ᠳᠠᠮᠵᠢᠭᠤᠯᠤᠨ ᠨᠥᠬᠦᠴᠡᠯ ᠳᠤ ᠨᠡᠶᠢᠴᠡᠬᠦ ᠲᠦᠷᠦᠯ ᠵᠦᠢᠯ ᠳᠤ ᠳᠡᠮᠵᠢᠯᠭᠡ ᠦᠵᠡᠭᠦᠯᠦᠨ᠎ᠡ᠃ ᠲᠥᠪ ᠤᠨ ᠡᠳ᠋ ᠤᠨ ᠵᠠᠰᠠᠭ ᠠᠴᠠ ᠬᠤᠳᠠ ᠶᠢ ᠰᠢᠨᠡᠳᠬᠡᠬᠦ ᠠᠵᠢᠯᠯᠠᠭ᠎ᠠ ᠶᠢ | ᠬᠡᠷᠡᠭᠵᠢᠭᠦᠯᠬᠦ ᠶᠢ ᠳᠡᠮᠵᠢᠬᠦ ᠬᠡᠷᠡᠭᠲᠡᠢ᠃ ᠣᠷᠣᠨ ᠨᠤᠲᠤᠭ ᠤᠨ ᠵᠠᠰᠠᠭ ᠤᠨ ᠣᠷᠳᠣᠨ ᠨᠤᠭᠤᠳ ᠡᠳ᠋ ᠤᠨ ᠵᠠᠰᠠᠭ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠬᠠᠮᠢᠶ᠎ᠠ | ᠪᠦᠬᠦᠢ ᠪᠡᠯᠡ ᠮᠥᠩᠭᠦ ᠶᠢ ᠨᠡᠶᠢᠳᠬᠡᠬᠦ ᠪᠠ ᠨᠢᠭᠡᠳᠦᠯᠲᠡᠢ ᠲᠥᠯᠥᠪᠵᠢᠭᠦᠯᠦᠨ ᠬᠡᠷᠡᠭᠯᠡᠬᠦ ᠶᠢ ᠠᠬᠢᠭᠤᠯᠵᠤ᠂ ᠥᠷᠢ ᠥᠭᠴᠡᠭᠡ ᠶᠢᠨ ᠲᠦᠭᠰᠢᠭᠦᠷᠢ ᠶᠢ ᠡᠵᠡᠮᠳᠡᠵᠦ ᠳᠡᠶᠢᠯᠭᠦ | ᠤᠷᠢᠲᠠᠯ ᠳᠣᠣᠷ᠎ᠠ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠪᠠᠷ ᠳᠠᠮᠵᠢᠭᠤᠯᠤᠨ ᠨᠥᠬᠦᠴᠡᠯ ᠳᠤ | ᠨᠡᠶᠢᠴᠡᠬᠦ ᠬᠤᠲᠠ ᠶᠢ ᠰᠢᠨᠡᠳᠬᠡᠬᠦ ᠲᠥᠷᠥᠯ ᠵᠦᠢᠯ ᠳᠤ ᠳᠡᠮᠵᠢᠯᠭᠡ ᠦᠵᠡᠭᠦᠯᠵᠦ᠂ ᠬᠠᠤᠯᠢ ᠲᠣᠭᠲᠠᠭᠠᠯ ᠠᠴᠠ ᠵᠥᠷᠢᠴᠡᠨ ᠵᠢᠭᠡᠯᠡᠯᠭᠡ ᠠᠪᠴᠤ ᠪᠡᠯᠡ ᠨᠡᠶᠢᠯᠡᠭᠦᠯᠬᠦ ᠶᠢ | ᠴᠢᠩᠭ᠎ᠠ ᠴᠠᠭᠠᠵᠠᠯᠠᠬᠤ ᠬᠡᠷᠡᠭᠲᠡᠢ᠃ ᠬᠤᠲᠠ ᠶᠢᠨ ᠭᠠᠶᠢᠯᠢ ᠰᠦᠢᠳᠬᠡᠯ ᠢ ᠪᠠᠭᠠᠰᠬᠠᠵᠤ ᠬᠡᠯᠲᠦᠷᠢᠭᠦᠯᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠬᠦ᠂ ᠲᠦᠭᠰᠢᠭᠦᠷᠢ ᠶᠢ | ᠡᠵᠡᠮᠳᠡᠵᠦ ᠪᠤᠯᠬᠤ᠂ ᠬᠤᠳᠠᠯᠳᠤᠭ᠎ᠠ ᠶᠢ ᠦᠷᠭᠦᠯᠵᠢᠯᠡᠭᠦᠯᠬᠦ ᠤᠷᠢᠲᠠᠯ ᠳᠣᠣᠷ᠎ᠠ ᠬᠤᠲᠠ ᠶᠢ ᠰᠢᠨᠡᠳᠬᠡᠬᠦ ᠳᠤ ᠢᠳᠡᠪᠬᠢᠲᠡᠢ ᠣᠷᠤᠯᠴᠠᠬᠤ ᠶᠢ ᠵᠣᠷᠢᠭᠵᠢᠭᠤᠯᠵᠤ᠂ | ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ ᠴᠢᠩᠭᠠᠷᠠᠭᠤᠯᠬᠤ ᠬᠡᠷᠡᠭᠲᠡᠢ᠃ ᠵᠠᠬ᠎ᠠ ᠳᠡᠯᠭᠡᠭᠦᠷᠴᠢᠯᠡᠭᠰᠡᠨ ᠪᠡᠯᠡ ᠣᠷᠣᠭᠤᠯᠵᠤ ᠪᠡᠯᠡ ᠬᠤᠷᠠᠮᠳᠤᠭᠤᠯᠬᠤ ᠵᠠᠭᠪᠤᠷ ᠢ | ᠲᠡᠭᠦᠯᠳᠡᠷᠵᠢᠭᠦᠯᠵᠦ᠂ ᠨᠡᠶᠢᠭᠡᠮ ᠤᠨ ᠬᠥᠷᠥᠩᠭᠡ ᠶᠢ ᠲᠡᠳᠡᠨ ᠬᠤᠲᠠ ᠶᠢ ᠰᠢᠨᠡᠳᠬᠡᠬᠦ ᠳᠤ ᠣᠷᠣᠯᠴᠠᠭᠤᠯᠵᠤ᠂ ᠨᠥᠬᠦᠴᠡᠯ ᠳᠤ ᠨᠡᠶᠢᠴᠡᠬᠦ ᠲᠥᠷᠥᠯ ᠵᠦᠢᠯ ᠳᠤ ᠰᠠᠭᠤᠷᠢ | ᠲᠥᠬᠦᠭᠡᠷᠦᠮᠵᠢ ᠶᠢᠨ ᠬᠦᠷᠢᠶ᠎ᠡ ᠶᠢᠨ ᠥᠯᠥ ᠬᠥᠳᠡᠯᠬᠦ ᠬᠥᠷᠥᠩᠭᠡ ᠶᠢᠨ ᠪᠡᠯᠡ ᠣᠷᠣᠭᠤᠯᠤᠯᠲᠠ ᠶᠢᠨ ᠢᠲᠡᠭᠡᠮᠵᠢᠲᠦ ᠰᠠᠭᠤᠷᠢ ᠮᠥᠩᠭᠦ ︵REITs︶᠂ ᠡᠳ᠋ | ᠬᠥᠷᠥᠩᠭᠡ ᠶᠢᠨ ᠦᠨᠡᠲᠦ ᠲᠡᠮᠳᠡᠭᠴᠢᠯᠡᠭᠰᠡᠨ ᠦᠢᠯᠡᠳᠬᠦᠨ᠂ ᠺᠤᠮᠫᠠᠨᠢ ᠶᠢᠨ ᠢᠲᠡᠭᠡᠮᠵᠢ ᠶᠢᠨ ᠲᠥᠷᠥᠯ ᠤᠨ ᠵᠢᠭᠡᠯᠡᠯᠭᠡ ᠶᠢᠨ ᠲᠡᠮᠳᠡᠭᠲᠦ ᠵᠡᠷᠭᠡ ᠶᠢ ᠲᠠᠷᠬᠠᠭᠠᠬᠤ ᠶᠢ | ᠠᠬᠢᠭᠤᠯᠤᠨ᠎ᠠ᠃ | ︵ᠲᠠᠪᠤ︶ ᠵᠠᠰᠠᠭ ᠤᠨ ᠣᠷᠳᠣᠨ ᠬᠥᠲᠥᠯᠥᠨ ᠵᠢᠯᠣᠭᠤᠳᠤᠭᠰᠠᠨ᠂ ᠵᠠᠬ᠎ᠠ ᠳᠡᠯᠭᠡᠭᠦᠷ ᠢᠶᠠᠷ ᠠᠵᠢᠯᠯᠠᠭᠤᠯᠤᠭᠰᠠᠨ᠂ ᠣᠯᠠᠨ ᠨᠡᠶᠢᠲᠡ ᠪᠠᠷ ᠢᠶᠠᠨ ᠣᠷᠣᠯᠴᠠᠬᠰᠠᠨ | ᠬᠤᠲᠠ ᠶᠢ ᠰᠢᠨᠡᠳᠬᠡᠬᠦ ᠦᠷᠭᠦᠯᠵᠢᠯᠡᠬᠦ ᠵᠠᠭᠪᠤᠷ ᠢ ᠪᠠᠶᠢᠭᠤᠯᠬᠤ ᠬᠡᠷᠡᠭᠲᠡᠢ᠃ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ | ᠠᠷᠠᠳ ᠣᠯᠠᠨ ᠤ ᠬᠤᠲᠠ ᠶᠢ ᠰᠢᠨᠡᠳᠬᠡᠬᠦ ᠳᠤ ᠣᠷᠤᠯᠴᠠᠬᠤ ᠢᠳᠡᠪᠬᠢᠵᠢᠯ ᠢ ᠳᠠᠶᠢᠴᠢᠯᠠᠬᠤ ᠬᠡᠷᠡᠭᠲᠡᠢ᠃ ᠬᠤᠲᠠ ᠶᠢᠨ ᠬᠠᠮᠢᠶᠠᠷᠤᠯᠲᠠ ᠶᠢ ᠨᠡᠶᠢᠭᠡᠮ ᠲᠣᠭᠤᠷᠢᠭ ᠲᠤ | ᠣᠷᠣᠭᠤᠯᠬᠤ ᠠᠵᠢᠯ ᠢ ᠥᠷᠨᠢᠭᠦᠯᠦᠨ᠎ᠡ᠃ ᠥᠮᠴᠢᠯᠡᠬᠦ ᠡᠷᠬᠡ ᠶᠢᠨ ᠥᠮᠴᠢᠯᠡᠭᠴᠢ ᠶᠢᠨ ᠪᠡᠶ᠎ᠡ ᠪᠠᠨ ᠳᠠᠭᠠᠭᠠᠨ ᠰᠢᠨᠡᠳᠬᠡᠬᠦ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ | ᠦᠷ᠎ᠡ ᠠᠰᠢᠭ ᠢᠶᠠᠷ ᠳᠣᠣᠷ᠎ᠠ ᠦᠯᠡᠳᠡᠭᠡᠯ ᠬᠥᠷᠥᠩᠭᠡ ᠶᠢ ᠴᠢᠯᠦᠭᠡᠲᠡᠢ ᠪᠤᠯᠭᠠᠵᠤ᠂ ᠤᠯᠤᠰ ᠤᠨ ᠥᠮᠴᠢᠯᠡᠯ ᠤᠨ ᠬᠥᠷᠥᠩᠭᠡ ᠶᠢᠨ ᠳᠠᠶᠢᠴᠢᠯᠠᠬᠤ ᠦᠢᠯᠡᠳᠦᠯ ᠢ ᠨᠠᠩ | ᠰᠠᠶᠢᠨ ᠪᠠᠳᠠᠷᠠᠭᠤᠯᠬᠤ ᠬᠡᠷᠡᠭᠲᠡᠢ᠃ ᠡᠵᠡᠩᠨᠡᠯᠲᠡ ᠶᠢᠨ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠣᠯᠠᠨ ᠬᠦᠷᠢᠶ᠎ᠡ ᠶᠢᠨ ᠲᠤᠰᠬᠠᠢ ᠬᠦᠴᠦᠨ ᠪᠠ | ᠦᠢᠯᠡᠴᠢᠯᠡᠭᠡᠨ ᠤ ᠪᠠᠶᠢᠭᠤᠯᠤᠮᠵᠢ ᠶᠢ ᠬᠤᠲᠠ ᠶᠢ ᠰᠢᠨᠡᠳᠬᠡᠬᠦ ᠳᠤ ᠣᠷᠣᠯᠴᠠᠭᠤᠯᠬᠤ ᠶᠢ ᠳᠡᠮᠵᠢᠵᠦ᠂ ᠲᠤᠰᠬᠠᠢ ᠮᠡᠷᠭᠡᠵᠢᠯᠲᠡᠨ ᠤ ᠣᠯᠠᠨ ᠨᠡᠶᠢᠲᠡ ᠶᠢᠨ ᠰᠢᠢᠳᠪᠦᠷᠢᠲᠦ | ᠪᠣᠳᠣᠯᠭ᠎ᠠ ᠲᠣᠭᠲᠠᠭᠠᠬᠤ ᠳᠤ ᠣᠷᠤᠯᠴᠠᠬᠤ ᠳᠦᠷᠢᠮ ᠢ ᠪᠦᠷᠢᠨᠰᠢᠭᠦᠯᠦᠨ᠎ᠡ᠃ ᠬᠤᠲᠠ ᠶᠢ ᠰᠢᠨᠡᠳᠬᠡᠬᠦ ᠳᠤ ᠵᠣᠬᠢᠴᠠᠭᠰᠠᠨ ᠪᠦᠲᠦᠭᠡᠨ ᠪᠠᠶᠢᠭᠤᠯᠤᠯᠲᠠ᠂ ᠡᠵᠡᠩᠨᠡᠯᠲᠡ᠂ | ᠵᠠᠰᠠᠯᠲᠠ ᠶᠢᠨ ᠪᠠᠶᠢᠭᠤᠯᠤᠯ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠬᠤᠳᠠ ᠶᠢ ᠰᠢᠨᠡᠳᠬᠡᠬᠦ ᠨᠡᠶᠢᠭᠡᠮ ᠤᠨ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ | ᠵᠥᠷᠢᠴᠡᠯ ᠢ ᠠᠷᠢᠯᠭᠠᠨ ᠰᠢᠢᠳᠪᠦᠷᠢᠯᠡᠬᠦ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ︵ᠵᠢᠷᠭᠤᠭ᠎ᠠ︶ ᠬᠠᠤᠯᠢ ᠲᠣᠭᠲᠠᠭᠠᠯ ᠤᠨ ᠪᠠᠷᠢᠮᠵᠢᠶ᠎ᠠ ᠶᠢ ᠪᠦᠷᠢᠨᠰᠢᠭᠦᠯᠦᠨ᠎ᠡ᠃ ᠬᠤᠲᠠ ᠶᠢ ᠰᠢᠨᠡᠳᠬᠡᠬᠦ ᠲᠠᠢ ᠬᠤᠯᠪᠣᠭᠳᠠᠬᠤ ᠬᠠᠤᠯᠢ ᠲᠣᠭᠲᠠᠭᠠᠬᠤ ᠠᠵᠢᠯ ᠢ | ᠲᠦᠷᠭᠡᠳᠬᠡᠨ ᠠᠬᠢᠭᠤᠯᠵᠤ᠂ ᠬᠤᠲᠠ ᠶᠢᠨ ᠲᠥᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠡᠵᠡᠩᠨᠡᠯᠲᠡ ᠵᠠᠰᠠᠯᠲᠠ ᠪᠣᠯᠣᠨ ᠭᠡᠷ ᠪᠠᠶᠢᠰᠢᠩ ᠤᠨ ᠬᠠᠮᠢᠶᠠᠷᠤᠯᠲᠠ ᠶᠢᠨ | ᠬᠠᠤᠯᠢ ᠴᠠᠭᠠᠵᠠ ᠬᠠᠤᠯᠢ ᠲᠣᠭᠲᠠᠭᠠᠯ ᠢ ᠪᠦᠷᠢᠨᠰᠢᠭᠦᠯᠦᠨ᠎ᠡ᠃ ᠬᠤᠲᠠ ᠶᠢ ᠰᠢᠨᠡᠳᠬᠡᠬᠦ ᠳᠤ ᠲᠣᠬᠢᠷᠠᠬᠤ ᠮᠡᠷᠭᠡᠵᠢᠯ ᠤᠨ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠲᠥᠷᠥᠯ | ᠬᠤᠪᠢᠶᠠᠭᠰᠠᠨ ᠲᠣᠬᠢᠷᠠᠮᠵᠢᠲᠠᠢ ᠭᠠᠯ ᠤᠨᠲᠠᠷᠠᠭᠠᠬᠤ᠂ ᠢᠵᠢ ᠪᠦᠷᠢᠳᠦᠭᠦᠯᠬᠦ ᠣᠯᠠᠨ ᠨᠡᠶᠢᠲᠡ ᠶᠢᠨ ᠲᠥᠬᠦᠭᠡᠷᠦᠮᠵᠢ ᠵᠡᠷᠭᠡ ᠪᠠᠷᠢᠮᠵᠢᠶ᠎ᠠ ᠶᠢ ᠲᠣᠭᠲᠠᠭᠠᠨ ᠵᠠᠰᠠᠪᠤᠷᠢ | ᠣᠷᠣᠭᠤᠯᠤᠨ᠎ᠠ᠃ ᠬᠤᠳᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ | ᠮᠡᠷᠭᠡᠵᠢᠯ᠂ ᠰᠢᠨ᠎ᠡ ᠤᠷ᠎ᠠ ᠮᠡᠷᠭᠡᠰᠢᠯ ᠰᠢᠨ᠎ᠡ ᠮᠠᠲ᠋ᠧᠷᠢᠶᠠᠯ ᠢ ᠶᠡᠭᠡ ᠪᠠᠷ ᠰᠤᠳᠤᠯᠤᠨ ᠨᠡᠭᠡᠭᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ | ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠨ᠎ᠡ᠃ | ᠳᠥᠷᠪᠡ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠳᠬᠠᠨ᠎ᠠ | ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠪᠣᠳᠠᠲᠠᠢ ᠲᠠᠢ ᠪᠠᠨ ᠤᠶᠠᠯᠳᠤᠭᠤᠯᠤᠨ ᠲᠣᠰ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠮᠤᠵᠢ ᠶᠢᠨ | ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠨᠤᠭᠤᠳ ᠲᠤᠰ ᠭᠠᠵᠠᠷ ᠣᠷᠣᠨ ᠤ ᠪᠠᠨ ᠬᠤᠲᠠ ᠶᠢ ᠰᠢᠨᠡᠳᠬᠡᠬᠦ ᠠᠵᠢᠯᠯᠠᠭ᠎ᠠ ᠶᠢᠨ ᠬᠠᠷᠠᠯᠲᠠ | ᠡᠭᠦᠷᠭᠡ ᠪᠠᠨ ᠲᠣᠭᠲᠠᠭᠠᠵᠤ᠂ ᠳᠡᠭᠡᠷ᠎ᠡ ᠳᠣᠣᠷ᠎ᠠ ᠱᠠᠲᠤ ᠪᠠᠨ ᠵᠣᠯᠭᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ | ᠣᠷᠳᠣᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠬᠤᠲᠠ ᠶᠢᠨ ᠱᠠᠲᠤᠨ ᠤ ᠨᠢᠭᠡᠳᠦᠯᠲᠡᠢ ᠲᠥᠯᠥᠪᠵᠢᠭᠦᠯᠬᠦ᠂ ᠰᠠᠯᠠᠭ᠎ᠠ ᠮᠥᠴᠢᠷ ᠬᠤᠯᠪᠤᠭᠠᠯᠠᠨ | ᠬᠥᠳᠡᠯᠦᠯᠴᠡᠬᠦ᠂ ᠱᠠᠲᠤ ᠬᠤᠪᠢᠶᠠᠨ ᠨᠠᠶᠢᠳᠠᠪᠤᠷᠢᠵᠢᠭᠤᠯᠬᠤ ᠠᠵᠢᠯ ᠤᠨ ᠪᠠᠶᠢᠷᠢᠰᠢᠯ ᠢ ᠪᠠᠶᠢᠭᠤᠯᠵᠤ᠂ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠵᠢᠭᠦᠯᠬᠦ ᠶᠢ | ᠴᠢᠩᠭᠠᠳᠬᠠᠵᠤ ᠪᠡᠯᠡ ᠮᠥᠩᠭᠦ ᠵᠡᠷᠭᠡ ᠪᠠᠲᠤᠯᠠᠭ᠎ᠠ ᠶᠢ ᠴᠢᠩᠭᠠᠳᠬᠠᠵᠤ᠂ ᠬᠤᠲᠠ ᠶᠢ ᠰᠢᠨᠡᠳᠬᠡᠬᠦ ᠠᠵᠢᠯᠯᠠᠭ᠎ᠠ ᠶᠢ ᠯᠠᠪᠳᠠᠭᠤᠨ ᠡᠮᠬᠢ ᠵᠢᠷᠤᠮ ᠲᠠᠢ ᠬᠡᠷᠡᠭᠵᠢᠭᠦᠯᠵᠦ᠂ | ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ︽ᠯᠠᠷᠵᠢᠶ᠎ᠠ ᠶᠠᠩᠪᠠ ᠲᠠᠲᠠᠬᠤ︾ ᠶᠢ ᠡᠷᠡᠰ ᠬᠤᠷᠢᠭᠯᠠᠬᠤ ᠬᠡᠷᠡᠭᠲᠡᠢ᠃ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠶᠠᠮᠤᠨ ᠲᠦᠷᠦᠭᠦᠯᠡᠨ ᠬᠢᠬᠦ ᠦᠢᠯᠡᠳᠦᠯ ᠢᠶᠠᠨ ᠪᠠᠳᠠᠷᠠᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠢᠭᠡᠳᠦᠯᠲᠡᠢ | ᠲᠥᠯᠥᠪᠵᠢᠭᠦᠯᠦᠨ ᠵᠢᠯᠤᠭᠤᠳᠬᠤ ᠪᠠ ᠵᠣᠬᠢᠴᠠᠭᠤᠯᠤᠨ ᠳᠡᠮᠵᠢᠬᠦ ᠪᠠᠨ ᠴᠢᠩᠭᠠᠳᠬᠠᠵᠤ᠂ ᠳᠦᠷᠢᠮ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠬᠡᠷᠡᠭᠲᠡᠢ᠃ ᠣᠷᠣᠨ | ᠨᠤᠲᠤᠭ ᠤᠨ ᠬᠢᠨ ᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠦᠪᠡᠭᠴᠢᠯᠡᠵᠦ ᠰᠢᠨ᠎ᠡ ᠶᠢ ᠡᠭᠦᠳᠴᠦ᠂ ᠦᠷᠭᠦᠯᠵᠢᠯᠡᠬᠦ ᠴᠢᠨᠠᠷᠲᠠᠢ ᠬᠤᠳᠠ ᠶᠢ ᠰᠢᠨᠡᠳᠬᠡᠬᠦ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠳᠡᠮᠵᠢᠨ᠎ᠡ᠃ | | |