ᠪᠠᠶᠠᠷ ᠤᠨ ᠮᠡᠳᠡᠭᠡ | ᠰᠢᠨ᠎ᠡ ᠪᠠᠷᠭᠤ ᠵᠡᠭᠦᠨ ᠬᠤᠰᠢᠭᠤᠨ ᠤ ᠪᠥᠵᠢᠭ ᠤᠨ ᠲᠥᠯᠥᠭᠡᠯᠡᠭᠴᠢᠳ ᠤᠨ ᠠᠩᠭᠢ ᠬᠥᠯᠥᠨ ᠪᠤᠶᠢᠷ ᠬᠤᠲᠠ ᠶᠢᠨ ︽ᠤᠮᠠᠷᠠᠲᠤ ᠬᠢᠯᠢ ᠶᠢ ᠪᠥᠵᠢᠭᠯᠡᠬᠦ︾ ᠲᠠᠯᠠᠪᠠᠶ ᠶᠢᠨ ᠪᠥᠵᠢᠭ ᠤᠨ ᠤᠷᠤᠯᠳᠤᠭᠠᠨ ᠤ ᠬᠤᠶᠠᠳᠤᠭᠠᠷ ᠳᠡᠰ ᠤᠨ ᠱᠠᠩᠨᠠᠯ ᠢ ᠭᠥᠷᠳᠡᠪᠡ
ᠨᠡᠶᠢᠲᠡᠯᠡᠭᠰᠡᠨ ᠴᠠᠭ᠄
2025/5/22
          ᠤᠮᠠᠷᠠᠲᠤ ᠶᠢᠨ ᠰᠣᠶᠣᠯ ᠢ ᠤᠬᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠤᠷᠢᠶᠠᠯᠠᠭ᠎ᠠ ᠶᠢ ᠴᠤᠤᠷᠢᠶᠠᠲᠤᠨ ᠳᠠᠭᠠᠬᠤ ᠶᠢᠨ ᠲᠥᠯᠥᠭᠡ᠂ ᠰᠢᠨ᠎ᠡ ᠪᠠᠷᠭᠤ ᠵᠡᠭᠦᠨ ᠬᠤᠰᠢᠭᠤᠨ ᠤ ᠰᠣᠶᠣᠯ ᠤᠨ ᠣᠷᠳᠣᠨ ᠤ ᠬᠢᠨ ᠪᠥᠵᠢᠭ ᠤᠨ ᠠᠩᠭᠢ ᠶᠢ ᠰᠣᠩᠭᠤᠨ ᠬᠦᠷᠭᠡᠵᠦ᠂ ︽ᠥᠪᠥᠷ ᠮᠣᠩᠭᠤᠯ ᠢᠶᠠᠷ ᠠᠶᠠᠯᠠᠨ ᠵᠤᠭᠠᠴᠠᠵᠤ᠂ ᠬᠥᠯᠥᠨ ᠪᠤᠶᠢᠷ ᠢᠶᠠᠷ ᠴᠡᠩᠭᠡᠯᠳᠦᠨ ᠵᠢᠷᠭᠠᠬᠤ︾ ᠵᠢᠴᠢ ᠬᠥᠯᠥᠨ ᠪᠤᠶᠢᠷ ᠬᠤᠳᠠ ᠶᠢᠨ 2025 ᠣᠨ ᠤ ᠰᠣᠶᠣᠯ ᠤᠨ ᠣᠷᠳᠣᠨ ᠤ ᠦᠢᠯᠡᠴᠢᠯᠡᠭᠡᠨ ᠤ ᠤᠬᠠᠭᠤᠯᠭ᠎ᠠ ᠶᠢᠨ ᠭᠠᠷᠠᠭ ᠤᠨ ︽ᠤᠮᠠᠷᠠᠲᠤ ᠬᠢᠯᠢ ᠶᠢ ᠪᠥᠵᠢᠭᠯᠡᠬᠦ︾ ᠠᠭᠤᠳᠠᠮ ᠲᠠᠯᠠᠪᠠᠢ ᠶᠢᠨ ᠪᠥᠵᠢᠭ ᠤᠨ ᠤᠷᠤᠯᠳᠤᠭᠠᠨ ᠤ ᠬᠥᠯᠥᠨ ᠪᠤᠶᠢᠷ ᠬᠤᠳᠠ ᠶᠢᠨ ᠰᠢᠯᠭᠠᠷᠠᠭᠤᠯᠬᠤ ᠤᠷᠤᠯᠳᠤᠭᠠᠨ ᠳᠤ ᠣᠷᠣᠯᠴᠠᠪᠠ᠃ ᠰᠢᠨ᠎ᠡ ᠪᠠᠷᠭᠤ ᠵᠡᠭᠦᠨ ᠬᠤᠰᠢᠭᠤᠨ ᠤ ᠰᠣᠶᠣᠯ ᠤᠨ ᠣᠷᠳᠣᠨ ᠤ ᠲᠥᠯᠥᠭᠡᠯᠡᠭᠴᠢᠳ ᠤᠨ ᠠᠩᠭᠢ ᠲᠣᠭᠯᠠᠯᠲᠠ ᠳᠤ ᠢᠳᠡᠪᠬᠢᠲᠡᠢ ᠣᠷᠣᠯᠴᠠᠵᠤ᠂ ᠬᠤᠶᠠᠳᠤᠭᠠᠷ ᠳᠡᠰ ᠤᠨ ᠱᠠᠩᠨᠠᠯ ᠭᠥᠷᠳᠡᠵᠦ᠂ ᠴᠤᠭ ᠵᠢᠪᠬᠤᠭ᠎ᠠ ᠲᠡᠭᠦᠯᠳᠡᠷ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠠᠭᠤᠳᠠᠮ ᠲᠠᠯᠠᠪᠠᠶ ᠳᠤ ᠨᠢᠭᠡᠨ ᠰᠡᠭᠦᠳᠡᠷ ᠦᠯᠡᠳᠡᠭᠡᠪᠡ᠃          ᠰᠢᠨ᠎ᠡ ᠪᠠᠷᠭᠤ ᠵᠡᠭᠦᠨ ᠬᠤᠰᠢᠭᠤᠨ ᠤ ᠰᠣᠶᠣᠯ ᠤᠨ ᠣᠷᠳᠣᠨ ᠨᠢ ᠲᠣᠰ ᠤᠳᠠᠭᠠᠨ ᠤ ᠠᠵᠢᠯᠯᠠᠭ᠎ᠠ ᠪᠠᠷ ᠬᠥᠳᠡᠯᠭᠡᠬᠦ ᠬᠦᠴᠦᠨ ᠪᠣᠯᠭᠠᠵᠤ᠂ ᠰᠢᠨ᠎ᠡ ᠪᠠᠷᠭᠤ ᠵᠡᠭᠦᠨ ᠬᠤᠰᠢᠭᠤᠨ ᠤ 2025 ᠣᠨ ᠤ ᠰᠣᠶᠣᠯ ᠤᠨ ᠣᠷᠳᠣᠨ ᠤ ᠦᠢᠯᠡᠴᠢᠯᠡᠭᠡᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠢᠳᠡᠪᠬᠢᠲᠡᠢ ᠰᠠᠶᠢᠲᠤᠷ ᠬᠢᠵᠦ᠂ ᠠᠳᠠᠯᠢ ᠪᠤᠰᠤ ᠨᠠᠰᠤ ᠵᠢᠯ᠂ ᠠᠳᠠᠯᠢ ᠪᠤᠰᠤ ᠪᠡᠶ᠎ᠡ ᠶᠢᠨ ᠭᠠᠷᠤᠯ ᠲᠠᠢ ᠣᠯᠠᠨ ᠲᠦᠮᠡᠨ ᠳᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠡᠬᠢ ᠪᠠᠶᠠᠯᠢᠭ ᠢ ᠭᠦᠢᠴᠡᠳ ᠡᠳ᠋ᠯᠡᠭᠦᠯᠦᠨ᠎ᠡ᠃
6.jpg
7.jpg
8.jpg
 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ