ᠰᠢᠨ᠎ᠡ ᠪᠠᠷᠭᠤ ᠵᠡᠭᠦᠨ ᠬᠤᠰᠢᠭᠤ ᠬᠥᠯᠥᠨ ᠪᠤᠶᠢᠷ ᠤᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠺᠣᠮᠫᠠᠨᠢ ᠲᠠᠢ ᠶᠠᠷᠢᠯᠴᠠᠨ ᠰᠣᠯᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2025/5/22
          5 ᠰᠠᠷ᠎ᠠ ᠶᠢᠨ 21 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠠᠩ ᠨᠠᠢ ᠪᠢᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠡᠷᠡᠭ ᠮᠡᠳᠡᠭᠴᠢ᠂ ᠶᠡᠷᠦᠩᠬᠡᠢ ᠳᠠᠭᠠᠭᠠᠮᠠᠯ᠂ ᠬᠠᠶᠢᠯᠠᠷ ᠤᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠽᠠᠩ ᡁᠦ ᠴᠢᠶᠠᠩ ᠨᠠᠷ ᠲᠠᠢ ᠠᠭᠤᠯᠵᠠᠵᠤ᠂ ᠶᠠᠷᠢᠯᠴᠠᠬᠤ ᠬᠤᠷᠠᠯ ᠬᠢᠵᠦ ᠰᠠᠨᠠᠯ ᠢᠶᠠᠨ ᠰᠣᠯᠢᠯᠴᠠᠪᠠ᠃          ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠬᠥᠯᠥᠨ ᠪᠤᠶᠢᠷ ᠤᠨ ᠮᠢᠬᠠᠨ ᠤ ᠬᠤᠨᠢᠨ ᠤ ᠠᠵᠤ ᠦᠢᠯᠡᠰ ᠤᠨ ᠬᠥᠭᠵᠢᠯᠲᠡ ᠶᠢᠨ ᠪᠠᠷᠢᠮᠵᠢᠶᠠᠵᠢᠭᠤᠯᠬᠤ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠤᠨ ᠲᠥᠰᠥᠯ ᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠵᠣᠯᠭᠠᠯᠴᠠᠭ᠎ᠠ ᠥᠷᠨᠢᠭᠦᠯᠵᠦ᠂ ᠬᠤᠯᠪᠣᠭᠳᠠᠯ ᠪᠦᠬᠦᠢ ᠬᠠᠮᠲᠤᠷᠠᠯᠴᠠᠭᠠᠨ ᠤ ᠶᠠᠪᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠠᠢ᠃          ᠸᠠᠩ ᠨᠠᠢ ᠪᠢᠨ ᠠᠴᠠ ᠽᠠᠩ ᡁᠦ ᠴᠢᠶᠠᠩ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠸᠠᠩ ᠨᠠᠢ ᠪᠢᠨ ᠲᠠᠨᠢᠯᠴᠠᠭᠤᠯᠤᠭᠰᠠᠨ ᠨᠢ᠂ ᠣᠶᠢᠷ᠎ᠠ ᠶᠢᠨ ᠬᠤᠭᠤᠴᠠᠭᠠᠨ ᠳᠤ᠂ ᠰᠢᠨ᠎ᠡ ᠪᠠᠷᠭᠤ ᠵᠡᠭᠦᠨ ᠬᠤᠰᠢᠭᠤ ᠪᠣᠯᠣᠨ ᠬᠥᠯᠥᠨ ᠪᠤᠶᠢᠷ ᠤᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠺᠣᠮᠫᠠᠨᠢ ᠢᠳᠡᠪᠬᠢᠲᠡᠢ ᠵᠣᠯᠭᠠᠯᠴᠠᠵᠤ᠂ ᠬᠤᠶᠠᠷ ᠲᠠᠯ᠎ᠠ ᠶᠢᠨ ᠤᠷᠤᠭᠰᠢᠲᠠᠢ ᠬᠠᠮᠲᠤᠷᠠᠯᠴᠠᠭ᠎ᠠ ᠳᠤ ᠰᠠᠭᠤᠷᠢ ᠲᠠᠯᠪᠢᠵᠤ ᠥᠭᠴᠡᠢ᠃ ᠬᠤᠶᠠᠷ ᠲᠠᠯ᠎ᠠ ᠪᠠᠷ ᠢᠶᠠᠨ ︽ᠪᠠᠶᠢᠷᠢᠰᠢᠯ ᠢ ᠤᠯᠠᠮ ᠶᠡᠭᠡ ᠪᠣᠯᠭᠠᠵᠤ᠂ ᠠᠷᠭ᠎ᠠ ᠶᠢ ᠤᠯᠠᠮ ᠤᠯᠠᠨ ᠪᠣᠯᠭᠠᠵᠤ᠂ ᠠᠭᠤᠯᠭ᠎ᠠ ᠶᠢ ᠤᠯᠠᠮ ᠥᠷᠭᠡᠨ ᠪᠣᠯᠭᠠᠬᠤ︾ ᠵᠠᠷᠴᠢᠮ ᠢᠶᠠᠷ᠂ ᠲᠦᠷᠦᠯ ᠲᠡᠮᠳᠡᠭ᠂ ᠵᠠᠬ᠎ᠠ ᠳᠡᠯᠭᠡᠭᠦᠷ᠂ ᠮᠥᠷᠳᠡᠨ ᠤᠬᠤᠴᠢᠯᠠᠬᠤ ᠰᠢᠰᠲ᠋ᠧᠮ ᠵᠡᠷᠭᠡ ᠲᠠᠯ᠎ᠠ ᠶᠢᠨ ᠲᠣᠭᠤᠷᠢᠨ ᠳᠤ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠮᠢᠬᠠᠨ ᠤ ᠬᠤᠨᠢᠨ ᠤ ᠪᠠᠷᠢᠮᠵᠢᠶᠠᠵᠢᠭᠰᠠᠨ ᠰᠢᠰᠲ᠋ᠧᠮ ᠤᠨ ᠪᠠᠶᠢᠭᠤᠯᠤᠯᠲᠠ᠂ ᠭᠠᠳᠠᠭᠠᠳᠤ ᠨᠡᠭᠡᠭᠡᠯᠲᠡ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠤᠯᠠᠨ ᠡᠰᠢᠲᠦ ᠬᠠᠮᠲᠤᠷᠠᠯᠴᠠᠭᠠᠨ ᠤ ᠦᠷ᠎ᠡ ᠪᠦᠲᠦᠭᠡᠯ ᠢᠶᠠᠷ ᠬᠥᠳᠡᠯᠭᠡᠭᠦᠷ ᠪᠣᠯᠭᠠᠵᠤ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ᠂ ᠮᠠᠯᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠳᠤ ᠬᠦᠴᠦ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠸᠠᠩ ᠨᠠᠢ ᠪᠢᠨ ᠢᠯᠡᠷᠬᠡᠶᠢᠯᠡᠭᠰᠡᠨ ᠨᠢ᠂ ᠰᠢᠨ᠎ᠡ ᠪᠠᠷᠭᠤ ᠵᠡᠭᠦᠨ ᠬᠤᠰᠢᠭᠤ ᠬᠠᠮᠤᠭ ᠤᠨ ᠦᠨᠡᠨᠴᠢ ᠰᠡᠳᠬᠢᠯ᠂ ᠬᠠᠮᠤᠭ ᠤᠨ ᠰᠠᠶᠢᠨ ᠦᠢᠯᠡᠴᠢᠯᠡᠭᠡ ᠪᠠᠷ ᠢᠶᠠᠨ ᠬᠤᠶᠠᠷ ᠲᠠᠯ᠎ᠠ ᠶᠢᠨ ᠬᠠᠮᠲᠤᠷᠠᠯᠴᠠᠭ᠎ᠠ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠬᠦ ᠪᠣᠯᠣᠨ᠎ᠠ᠃          ᠽᠠᠩ ᡁᠦ ᠴᠢᠶᠠᠩ ᠰᠢᠨ᠎ᠡ ᠪᠠᠷᠭᠤ ᠵᠡᠭᠦᠨ ᠬᠤᠰᠢᠭᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠤᠷᠳᠤ ᠬᠤᠭᠤᠴᠠᠭᠠᠨ ᠤ ᠲᠤᠷᠰᠢᠬᠢ ᠳᠡᠮᠵᠢᠯᠭᠡ ᠳᠤ ᠲᠠᠯᠠᠷᠬᠠᠬᠤ ᠶᠢᠨ ᠬᠠᠮᠲᠤ ᠠᠵᠤ ᠠᠬᠤᠶᠢᠯᠠᠯ ᠤᠨ ᠠᠵᠤ ᠦᠢᠯᠡᠰ ᠤᠨ ᠬᠡᠰᠡᠭ ᠪᠣᠯᠣᠨ ᠲᠤᠬᠠᠶᠢᠯᠠᠭᠰᠠᠨ ᠠᠵᠢᠯ ᠤᠨ ᠪᠠᠶᠢᠷᠢᠰᠢᠭᠤᠯᠤᠯᠲᠠ ᠶᠢᠨ ᠪᠠᠶᠢᠳᠠᠯ ᠢ ᠲᠠᠨᠢᠯᠴᠠᠭᠤᠯᠪᠠ᠃ ᠽᠠᠩ ᡁᠦ ᠴᠢᠶᠠᠩ ᠬᠡᠯᠡᠭᠰᠡᠨ ᠨᠢ᠂ ᠢᠷᠡᠭᠡᠳᠦᠢ ᠳᠤ ᠪᠦᠯᠦᠭᠯᠡᠯ ᠤᠨ ᠬᠢᠨ ᠵᠣᠯᠭᠠᠯᠴᠠᠭ᠎ᠠ ᠪᠠᠨ ᠴᠢᠩᠭᠠᠳᠬᠠᠵᠤ᠂ ᠤᠯᠠᠨ ᠲᠠᠯ᠎ᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠮᠲᠤᠷᠠᠯᠴᠠᠭᠠᠨ ᠤ ᠵᠠᠭᠪᠤᠷ᠂ ᠲᠦᠷᠦᠯ ᠲᠡᠮᠳᠡᠭ ᠢ ᠡᠭᠦᠳᠬᠦ᠂ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠵᠡᠷᠭᠡ ᠲᠠᠯ᠎ᠠ ᠪᠠᠷ ᠭᠦᠨᠵᠡᠭᠡᠢ ᠰᠤᠳᠤᠯᠵᠤ᠂ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠬᠤᠰᠢᠭᠤᠨ ᠤ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠵᠤ᠂ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠪᠡᠶᠡᠯᠡᠭᠦᠯᠦᠨ᠎ᠡ ᠭᠡᠵᠡᠢ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ