5 ᠳ᠋ᠤᠭᠠᠷ ᠰᠠᠷ᠎ᠠ ᠶᠢᠨ 20 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠣᠶᠢᠷ᠎ᠠ ᠳᠤ ᠨᠡᠶᠢᠲᠡᠯᠡᠭᠰᠡᠨ | ︽ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠬᠤ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠪᠠ︶ ᠤᠨ ᠬᠤᠯᠪᠣᠭᠳᠠᠯ | ᠪᠦᠬᠦᠢ ᠪᠠᠶᠢᠳᠠᠯ ᠤᠨ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠮᠠᠨ ᠤ ᠤᠯᠤᠰ ᠤᠨ ᠬᠤᠲᠠ ᠶᠢᠨ ᠰᠢᠨᠡᠴᠢᠯᠡᠯᠲᠡ ᠶᠢᠨ ︽ᠬᠤᠷᠳᠤᠴᠠ ᠪᠠᠨ ᠲᠦᠷᠭᠡᠳᠬᠡᠬᠦ | ᠳᠠᠷᠤᠪᠴᠢ︾ ᠶᠢ ᠬᠦᠴᠦᠯᠡᠨ ᠬᠡᠷᠡᠭᠵᠢᠭᠦᠯᠪᠡ᠃ | ︽ᠬᠤᠳᠠ ᠪᠣᠯ ᠴᠢᠨᠠᠷ ᠴᠢᠨᠰᠠᠭ᠎ᠠ ᠲᠠᠢ ᠬᠥᠭᠵᠢᠯᠲᠡ ᠶᠢ ᠠᠬᠢᠭᠤᠯᠬᠤ᠂ ᠴᠢᠨᠠᠷ ᠰᠠᠶᠢᠲᠠᠢ ᠠᠮᠢᠳᠤᠷᠠᠯ ᠢ ᠡᠭᠦᠳᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠴᠢᠬᠤᠯᠠ ᠠᠴᠢᠶᠠᠯᠠᠪᠤᠷᠢ ᠮᠥᠨ︾ ᠭᠡᠵᠦ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠶᠠᠮᠤᠨ ᠤ ᠳᠡᠳ᠋ ᠰᠠᠶᠢᠳ ᠴᠢᠨ ᠬᠠᠢ ᠰᠢᠶᠠᠩ ᠢᠯᠡᠷᠬᠡᠶᠢᠯᠡᠪᠡ᠂ 2024 ᠣᠨ ᠤ ᠡᠴᠦᠰ ᠪᠣᠯᠲᠠᠯ᠎ᠠ᠂ ᠪᠠᠶᠢᠩᠭᠤ ᠰᠠᠭᠤᠭ᠎ᠠ ᠬᠥᠮᠥᠨ ᠠᠮᠠ ᠶᠢᠨ | ᠬᠤᠲᠠ ᠪᠠᠯᠭᠠᠰᠤᠵᠢᠯᠲᠠ ᠶᠢᠨ ᠨᠣᠷᠮ᠎ᠠ 67% ᠳᠤ ᠬᠦᠷᠴᠦ᠂ 9.4 ᠳ᠋ᠦᠩᠰᠢᠭᠤᠷ ᠬᠥᠮᠥᠨ ᠬᠤᠲᠠ ᠪᠠᠯᠭᠠᠰᠤᠨ ᠳᠤ ᠠᠮᠢᠳᠤᠷᠠᠵᠤ᠂ ᠬᠤᠲᠠ ᠶᠢᠨ ᠶᠡᠷᠦᠩᠬᠡᠶᠢᠯᠡᠭᠰᠡᠨ | ᠳᠠᠭᠠᠭᠠᠴᠠ ᠶᠢᠨ ᠴᠢᠳᠠᠪᠤᠷᠢ ᠲᠣᠭᠲᠠᠭᠤᠨ ᠢᠶᠠᠷ ᠳᠡᠭᠡᠭᠰᠢᠯᠡᠵᠦ᠂ ᠣᠷᠣᠰᠢᠨ ᠰᠠᠭᠤᠬᠤ ᠣᠷᠴᠢᠨ ᠨᠥᠬᠦᠴᠡᠯ ᠦᠷᠭᠦᠯᠵᠢᠯᠡᠨ ᠰᠠᠶᠢᠵᠢᠷᠠᠵᠤ᠂ ᠬᠤᠲᠠ ᠶᠢᠨ | ᠬᠥᠭᠵᠢᠯᠲᠡ ᠶᠢᠨ ᠶᠠᠰᠤ ᠴᠢᠨᠠᠷ ᠪᠠ ᠠᠷᠠᠳ ᠤᠨ ᠠᠮᠢᠳᠤᠷᠠᠯ ᠤᠨ ᠬᠢᠷᠢ ᠲᠦᠪᠰᠢᠨ ᠢᠯᠡᠳᠲᠡ ᠳᠡᠭᠡᠭᠰᠢᠯᠡᠪᠡ᠃ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠵᠤᠷᠭᠠᠨ ᠤ | ᠬᠠᠷᠢᠭᠤᠴᠠᠯᠭᠠᠲᠠᠨ ᠵᠣᠣ ᠴᠧᠩ ᠹᠧᠩ ᠢᠯᠡᠷᠬᠡᠶᠢᠯᠡᠬᠦ ᠳᠤ ᠪᠠᠨ᠂ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠬᠡᠷᠡᠭᠵᠢᠭᠦᠯᠬᠦ ᠨᠢ ᠬᠤᠲᠠ ᠶᠢᠨ ᠰᠠᠭᠤᠷᠢ | ᠪᠡᠯᠡᠳᠬᠡᠮᠵᠢ ᠶᠢᠨ ᠳᠤᠲᠠᠭᠤᠳᠠᠯ ᠢ ᠨᠥᠬᠦᠪᠦᠷᠢᠯᠡᠬᠦ᠂ ᠬᠤᠲᠠ ᠶᠢᠨ ᠬᠥᠭᠵᠢᠯᠲᠡ ᠶᠢᠨ ᠦᠷᠭᠦᠯᠵᠢᠯᠡᠬᠦᠶᠢᠴᠡ ᠴᠢᠨᠠᠷ ᠪᠠ ᠣᠷᠣᠰᠢᠨ ᠰᠠᠭᠤᠬᠤ ᠳᠤ ᠲᠣᠬᠢᠷᠠᠮᠵᠢᠲᠠᠢ | ᠴᠢᠨᠠᠷ ᠢ ᠳᠡᠭᠡᠭᠰᠢᠯᠡᠭᠦᠯᠬᠦ ᠳᠤ ᠠᠰᠢᠭᠲᠠᠢ ᠮᠥᠷᠲᠡᠭᠡᠨ ᠪᠠᠰᠠ ᠳᠣᠲᠣᠭᠠᠳᠤ ᠬᠡᠷᠡᠭᠴᠡᠭᠡ ᠶᠢᠨ ᠯᠤᠲᠤ ᠶᠡᠭᠡ ᠳᠠᠯᠳᠠ ᠬᠦᠴᠦᠨ ᠢ ᠠᠭᠤᠳᠠᠯᠤᠨ ᠭᠠᠷᠭᠠᠵᠤ᠂ | ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠣᠶᠢᠵᠢᠭᠤᠯᠬᠤ ᠳᠤ ᠠᠰᠢᠭᠲᠠᠢ ᠶᠤᠮ ᠭᠡᠵᠡᠢ᠃ | ᠲᠣᠰ ᠤᠳᠠᠭᠠᠨ ᠤ ᠨᠡᠶᠢᠲᠡᠯᠡᠭᠰᠡᠨ ︽ᠰᠠᠨᠠᠯ︾ ᠨᠢ ᠣᠷᠣᠨ ᠨᠤᠲᠤᠭ ᠤᠨ ᠪᠣᠳᠠᠲᠤ ᠪᠠᠶᠢᠳᠠᠯ ᠳᠤ ᠰᠠᠭᠤᠷᠢᠯᠠᠵᠤ᠂ 2030 ᠣᠨ ᠪᠣᠯᠬᠤ ᠳᠤ᠂ ᠬᠤᠲᠠ ᠶᠢᠨ | ᠰᠢᠨᠡᠴᠢᠯᠡᠯᠲᠡ ᠶᠢᠨ ᠠᠵᠢᠯᠯᠠᠭ᠎ᠠ ᠳᠤ ᠴᠢᠬᠤᠯᠠ ᠠᠬᠢᠴᠠ ᠲᠠᠢ ᠪᠣᠯᠵᠤ᠂ ᠬᠤᠲᠠ ᠶᠢᠨ ᠰᠢᠨᠡᠴᠢᠯᠡᠯᠲᠡ ᠶᠢᠨ ᠪᠠᠶᠢᠭᠤᠯᠤᠯ ᠲᠣᠭᠲᠠᠴᠠ ᠶᠢ ᠲᠠᠰᠤᠷᠠᠯᠲᠠ ᠦᠭᠡᠢ | ᠪᠦᠷᠢᠨᠰᠢᠭᠦᠯᠵᠦ᠂ ᠬᠤᠲᠠ ᠶᠢ ᠨᠡᠭᠡᠭᠡᠨ ᠬᠥᠭᠵᠢᠭᠦᠯᠬᠦ ᠪᠦᠲᠦᠭᠡᠨ ᠪᠠᠶᠢᠭᠤᠯᠬᠤ ᠶᠢᠨ ᠠᠷᠭ᠎ᠠ ᠮᠠᠶ᠋ᠢᠭ ᠲᠤ ᠬᠡᠯᠪᠡᠷᠢ ᠶᠢ ᠨᠢ ᠬᠤᠪᠢᠷᠠᠭᠤᠯᠬᠤ ᠲᠠᠯ᠎ᠠ ᠪᠠᠷ ᠠᠩᠬ᠎ᠠ | ᠠᠯᠬᠤᠮ ᠤᠨ ᠦᠷ᠎ᠡ ᠪᠦᠲᠦᠮᠵᠢ ᠣᠯᠵᠤ᠂ ᠠᠮᠤᠷ ᠲᠦᠪᠰᠢᠨ ᠤ ᠰᠠᠭᠤᠷᠢ ᠶᠢ ᠨᠠᠩ ᠪᠠᠲᠤᠳᠬᠠᠨ᠂ ᠦᠢᠯᠡᠴᠢᠯᠡᠭᠡᠨ ᠤ ᠬᠦᠴᠦᠨ ᠴᠢᠳᠠᠪᠤᠷᠢ ᠶᠢ ᠢᠯᠡᠳᠲᠡ | ᠳᠡᠭᠡᠭᠰᠢᠯᠡᠭᠦᠯᠵᠦ᠂ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠶᠡᠭᠡ ᠪᠠᠷ ᠰᠠᠶᠢᠵᠢᠷᠠᠭᠤᠯᠵᠤ᠂ ᠠᠵᠤ ᠠᠬᠤᠢ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ | ᠨᠠᠩ ᠪᠠᠶᠠᠯᠢᠭᠵᠢᠭᠤᠯᠤᠨ᠂ ᠰᠣᠶᠣᠯ ᠤᠨ ᠥᠪ ᠬᠥᠷᠥᠩᠭᠡ ᠶᠢ ᠪᠦᠲᠦᠮᠵᠢᠲᠡᠶ ᠬᠠᠮᠠᠭᠠᠯᠠᠵᠤ᠂ ᠬᠤᠲᠠ ᠶᠢᠨ ᠳᠦᠷᠰᠦ ᠪᠠᠶᠢᠳᠠᠯ ᠢ ᠨᠠᠩ ᠢᠯᠡ ᠲᠣᠳᠣ ᠪᠣᠯᠭᠠᠵᠤ᠂ ᠠᠷᠠᠳ | ᠣᠯᠠᠨ ᠤ ᠴᠢᠨᠠᠷ ᠴᠢᠨᠰᠠᠭ᠎ᠠ ᠲᠠᠢ ᠠᠮᠢᠳᠤᠷᠠᠯ ᠤᠨ ᠬᠦᠰᠡᠯᠡᠩ ᠤᠨ ᠣᠷᠣᠨ ᠵᠠᠢ ᠶᠢ ᠪᠣᠢ ᠪᠣᠯᠭᠠᠨ᠎ᠠ ᠭᠡᠵᠦ ᠲᠣᠳᠣᠷᠬᠠᠢ ᠳᠤᠷᠠᠳᠤᠨ ᠭᠠᠷᠭᠠᠪᠠ᠃ ᠡᠭᠦᠨ ᠤ ᠬᠠᠮᠲᠤ᠂ | ︽ᠰᠠᠨᠠᠯ︾ ᠳᠤ 8 ᠵᠦᠢᠯ ᠤᠨ ᠭᠤᠣᠯᠳᠠᠯᠭ᠎ᠠ ᠪᠣᠯᠬᠤ ᠡᠭᠦᠷᠭᠡ ᠶᠢ ᠲᠣᠳᠣᠷᠬᠠᠶᠢᠯᠠᠵᠤ᠂ ᠨᠢᠭᠡᠨᠲᠡ ᠪᠠᠶᠢᠭ᠎ᠠ ᠪᠠᠷᠢᠯᠭ᠎ᠠ ᠶᠢ ᠥᠭᠡᠷᠡᠴᠢᠯᠡᠨ ᠵᠠᠰᠠᠬᠤ᠂ ᠬᠤᠳᠠ ᠪᠠᠯᠭᠠᠰᠤᠨ ᠤ | ᠬᠠᠭᠤᠴᠢᠨ ᠰᠠᠭᠤᠭᠠᠯᠢ ᠲᠣᠭᠤᠷᠢᠭ ᠢ ᠴᠡᠭᠴᠡᠯᠡᠨ ᠵᠠᠰᠠᠬᠤ᠂ ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠬᠠᠭᠤᠴᠢᠨ ᠵᠡᠭᠡᠯᠢ ᠲᠣᠭᠤᠷᠢᠭ | ᠦᠢᠯᠡᠳᠪᠦᠷᠢ ᠶᠢᠨ ᠲᠣᠭᠤᠷᠢᠭ ᠬᠤᠳᠠ ᠶᠢᠨ ᠳᠤᠮᠳᠠᠬᠢ ᠲᠣᠰᠬᠤᠨ ᠢ ᠰᠢᠨᠡᠳᠬᠡᠬᠦ᠂ ᠬᠤᠳᠠ ᠶᠢᠨ ᠴᠢᠳᠠᠮᠵᠢ ᠶᠢ ᠲᠡᠭᠦᠯᠳᠡᠷᠵᠢᠭᠦᠯᠬᠦ᠂ ᠰᠠᠭᠤᠷᠢ ᠪᠡᠯᠡᠳᠬᠡᠮᠵᠢ ᠶᠢ | ᠥᠭᠡᠷᠡᠴᠢᠯᠡᠨ ᠵᠠᠰᠠᠬᠤ᠂ ᠠᠮᠢ ᠠᠬᠤᠢ ᠶᠢᠨ ᠰᠢᠰᠲ᠋ᠧᠮ ᠢ ᠰᠡᠷᠭᠦᠭᠡᠬᠦ ᠵᠢᠴᠢ ᠲᠡᠦᠬᠡ ᠰᠣᠶᠣᠯ ᠢ ᠤᠯᠠᠮᠵᠢᠯᠠᠨ ᠵᠠᠯᠭᠠᠮᠵᠢᠯᠠᠬᠤ ᠵᠡᠷᠭᠡ ᠲᠠᠯ᠎ᠠ ᠶᠢ ᠬᠠᠮᠤᠷᠪᠠ᠃ | ᠵᠣᠣ ᠴᠧᠩ ᠹᠧᠩ ᠢᠯᠡᠷᠬᠡᠶᠢᠯᠡᠬᠦ ᠳᠤ ᠪᠠᠨ᠂ ᠲᠠᠷᠠᠭᠠᠴᠢ ᠶᠢᠨ ᠠᠯᠬᠤᠮ ᠳᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠲᠠᠢ ᠪᠠᠨ | ᠤᠶᠠᠯᠳᠤᠭᠤᠯᠤᠨ᠂ ᠬᠤᠲᠠ ᠶᠢᠨ ᠰᠢᠨᠡᠴᠢᠯᠡᠯᠲᠡ ᠶᠢᠨ ᠡᠯ᠎ᠡ ᠵᠦᠢᠯ ᠤᠨ ᠠᠵᠢᠯ ᠢ ᠦᠷᠭᠦᠯᠵᠢᠯᠡᠨ ᠠᠬᠢᠭᠤᠯᠵᠤ᠂ ᠬᠠᠮᠢᠶ᠎ᠠ ᠪᠦᠬᠦᠢ ᠠᠷᠭ᠎ᠠ ᠵᠠᠮ ᠤᠨ ᠪᠡᠯᠡ | ᠣᠷᠣᠭᠤᠯᠤᠯᠲᠠ ᠶᠢ ᠦᠷᠭᠦᠯᠵᠢᠯᠡᠨ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠵᠦ᠂ ᠬᠤᠲᠠ ᠶᠢᠨ ᠰᠢᠨᠡᠴᠢᠯᠡᠯᠲᠡ ᠶᠢᠨ ᠲᠥᠷᠥᠯ ᠵᠦᠢᠯ ᠢ ᠳᠡᠮᠵᠢᠬᠦ ᠡᠷᠴᠢᠮ ᠢᠶᠠᠨ | ᠤᠯᠠᠮ ᠨᠢᠭᠡ ᠠᠯᠬᠤᠮ ᠴᠢᠩᠭᠠᠷᠠᠭᠤᠯᠤᠨ᠎ᠠ︔ ᠡᠭᠦᠨ ᠤ ᠬᠠᠮᠲᠤ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠬᠡᠪ ᠵᠠᠭᠪᠤᠷ ᠲᠤ ᠰᠢᠨ᠎ᠡ ᠶᠢ ᠡᠭᠦᠳᠬᠦ᠂ ᠡᠵᠡᠩᠨᠡᠨ | ᠠᠵᠢᠯᠯᠠᠭᠤᠯᠬᠤ ᠠᠷᠠᠴᠢᠯᠠᠨ ᠬᠠᠮᠠᠭᠠᠯᠠᠬᠤ ᠶᠢᠨ ᠪᠠᠶᠢᠭᠤᠯᠤᠯ ᠢ ᠪᠦᠷᠢᠨᠰᠢᠭᠦᠯᠬᠦ᠂ ᠦᠨ᠎ᠡ ᠬᠠᠩᠰᠢ ᠰᠦᠢᠳᠬᠡᠯ ᠬᠤᠷᠢᠶᠠᠬᠤ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ | ᠲᠠᠯ᠎ᠠ ᠪᠠᠷ ᠭᠤᠣᠯᠯᠠᠭᠤᠯᠤᠨ᠂ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢᠨ ︽ᠵᠥᠭᠡᠯᠡᠨ ᠪᠦᠲᠦᠭᠡᠨ ᠪᠠᠶᠢᠭᠤᠯᠤᠯᠲᠠ︾ ᠶᠢ ᠢᠳᠡᠪᠬᠢᠲᠡᠢ ᠠᠬᠢᠭᠤᠯᠤᠨ᠎ᠠ ᠭᠡᠵᠡᠢ᠃ |