ᠭᠠᠨᠵᠤᠤᠷ ᠰᠤᠮᠤ ᠭᠤᠷᠪᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠨᠠᠮ ᠤᠨ ᠭᠡᠰᠢᠭᠦᠨ ᠡᠯᠰᠡᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2025/5/23
          ᠭᠠᠨᠵᠤᠤᠷ ᠰᠤᠮᠤ ᠨᠠᠮ ᠤᠨ ᠭᠡᠰᠢᠭᠦᠨ ᠤ ᠬᠥᠭᠵᠢᠯᠲᠡ ᠪᠠ ᠰᠤᠷᠭᠠᠨ ᠬᠥᠮᠦᠵᠢᠯ ᠤᠨ ᠬᠠᠮᠢᠶᠠᠷᠤᠯᠲᠠ ᠶᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠬᠤᠯᠠ ᠭᠠᠷᠳᠠᠴᠠ ᠪᠣᠯᠭᠠᠬᠤ ᠶᠢ ᠪᠠᠷᠢᠮᠲᠠᠯᠠᠵᠤ᠂ ︽ᠭᠤᠷᠪᠠᠨ ᠭᠤᠣᠯᠳᠠᠯᠭ᠎ᠠ︾ ᠶᠢ ᠰᠠᠶᠢᠲᠤᠷ ᠠᠳᠬᠤᠵᠤ᠂ ᠨᠠᠮ ᠤᠨ ᠭᠡᠰᠢᠭᠦᠨ ᠤ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠪᠣᠳᠠᠲᠤ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠪᠡ᠃          ᠪᠦᠲᠦᠴᠡ ᠶᠢ ᠰᠢᠯᠢᠳᠡᠭᠵᠢᠭᠦᠯᠵᠦ᠂ ︽ᠠᠮᠢᠳᠤ ᠤᠰᠤ ᠬᠠᠳᠠᠭᠠᠯᠠᠵᠤ︾᠂ ᠬᠥᠭᠵᠢᠯᠲᠡ ᠶᠢᠨ ᠠᠷᠭ᠎ᠠ ᠵᠠᠮ ᠢ ᠤᠨᠢᠨ ᠳᠡᠭᠡᠷ᠎ᠡ ᠨᠢ ᠲᠥᠯᠥᠪᠵᠢᠭᠦᠯᠪᠡ᠃ ︽ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ᠂ ᠪᠦᠲᠦᠴᠡ ᠶᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠦᠢᠯᠡᠳᠦᠯ ᠢ ᠪᠠᠳᠠᠷᠠᠭᠤᠯᠬᠤ︾ ᠴᠢᠭᠯᠡᠯᠲᠡ ᠲᠠᠢ ᠨᠢᠭᠲᠠ ᠤᠶᠠᠯᠳᠤᠭᠤᠯᠤᠨ᠂ ︽ᠨᠠᠮ ᠤᠨ ᠭᠡᠰᠢᠭᠦᠨ ᠢ ᠨᠠᠷᠢᠯᠢᠭᠵᠢᠭᠤᠯᠤᠨ ᠡᠯᠰᠡᠬᠦ ᠳᠤ ᠡᠬᠡ ᠲᠠᠩᠰᠠ ᠶᠢ ᠵᠠᠳᠠᠯᠬᠤ︾ ᠶᠢ ᠪᠠᠶᠢᠭᠤᠯᠵᠤ᠂ ᠭᠠᠴᠠᠭ᠎ᠠ ᠶᠢᠨ ᠪᠠᠶᠠᠵᠢᠯ ᠤᠨ ᠳᠠᠭᠠᠭᠤᠯᠤᠭᠴᠢ᠂ ᠴᠡᠷᠢᠭ ᠠᠴᠠ ᠬᠠᠯᠠᠭᠳᠠᠭᠰᠠᠳ᠂ ᠨᠤᠲᠤᠭ ᠲᠠᠭᠠᠨ ᠪᠤᠴᠠᠭᠰᠠᠨ ᠣᠶᠤᠲᠠᠨ᠂ ᠰᠢᠯᠢᠳᠡᠭ ᠡᠪᠯᠡᠯ ᠤᠨ ᠭᠡᠰᠢᠭᠦᠨ ᠵᠡᠷᠭᠡ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠠᠴᠠ ᠰᠢᠯᠢᠳᠡᠭ ᠬᠥᠮᠥᠰ ᠢ ᠬᠥᠮᠥᠵᠢᠭᠦᠯᠬᠦ ᠶᠢ ᠴᠢᠬᠤᠯᠠᠴᠢᠯᠠᠵᠤ᠂ ᠨᠠᠮ ᠳᠤ ᠣᠷᠣᠬᠤ ᠪᠠᠷ ᠭᠤᠶᠤᠴᠢᠯᠠᠭᠴᠢ ᠶᠢᠨ 50 ᠭᠠᠷᠤᠢ ᠬᠥᠮᠥᠨ ᠤ ᠨᠥᠭᠡᠴᠡ ᠶᠢᠨ ᠬᠥᠮᠥᠷᠭᠡ ᠶᠢ ᠪᠠᠶᠢᠭᠤᠯᠵᠤ᠂ ᠬᠥᠳᠡᠯᠦᠩᠭᠦᠢ ᠪᠠᠷ ᠮᠥᠷᠳᠡᠨ ᠬᠥᠮᠥᠵᠢᠭᠦᠯᠬᠦ ᠶᠢ ᠬᠡᠷᠡᠭᠵᠢᠭᠦᠯᠦᠨ᠎ᠡ᠃ ︽ᠨᠠᠮ ᠤᠨ ᠭᠡᠰᠢᠭᠦᠨ+ᠴᠢᠳᠠᠪᠤᠷᠢᠲᠠᠨ︾ ᠢ ᠬᠤᠣᠰ ᠴᠢᠭᠯᠡᠯ ᠢᠶᠠᠷ ᠬᠥᠮᠥᠵᠢᠭᠦᠯᠬᠦ ᠲᠣᠭᠲᠠᠴᠠ ᠶᠢ ᠬᠡᠷᠡᠭᠵᠢᠭᠦᠯᠵᠦ᠂ ᠣᠷᠣᠨ ᠨᠤᠲᠤᠭ ᠤᠨ ᠴᠢᠳᠠᠪᠤᠷᠢᠲᠠᠨ ᠤ ᠳᠤᠮᠳᠠ ᠠᠴᠠ ᠵᠠᠯᠠᠭᠤ ᠨᠠᠮ ᠤᠨ ᠭᠡᠰᠢᠭᠦᠨ ᠢ ᠬᠥᠮᠥᠵᠢᠭᠦᠯᠦᠨ᠂ ᠵᠠᠯᠠᠭᠤ ᠨᠠᠮ ᠤᠨ ᠭᠡᠰᠢᠭᠦᠨ ᠢ ᠣᠷᠣᠨ ᠨᠤᠲᠤᠭ ᠤᠨ ᠴᠢᠳᠠᠪᠤᠷᠢᠲᠠᠨ ᠪᠣᠯᠭᠠᠨ ᠬᠥᠮᠥᠵᠢᠭᠦᠯᠵᠦ᠂ ᠴᠢᠳᠠᠪᠤᠷᠢᠲᠠᠨ ᠤ ᠡᠩᠨᠡᠭᠡᠨ ᠤ ᠪᠦᠲᠦᠴᠡ ᠶᠢ ᠰᠢᠯᠢᠳᠡᠭᠵᠢᠭᠦᠯᠦᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠪᠠ ᠠᠮᠢᠳᠤᠯᠢᠭ ᠬᠦᠴᠦᠨ ᠢ ᠬᠥᠭᠵᠢᠭᠡᠨ᠎ᠡ᠃
20250523-1-1.png
20250523-1-2.png
          ᠠᠯᠬᠤᠮ ᠳᠠᠷᠠᠭᠠᠯᠠᠯ ᠢ ᠴᠢᠩᠭ᠎ᠠ ᠠᠳᠬᠤᠵᠤ ︽ᠲᠡᠮᠦᠷ ᠮᠡᠲᠦ ᠳᠦᠷᠢᠮ ᠢ ᠪᠠᠲᠤ ᠴᠣᠭᠴᠠᠯᠠᠵᠤ︾᠂  ᠬᠥᠭᠵᠢᠯᠲᠡ ᠶᠢᠨ ᠶᠠᠰᠤ ᠴᠢᠨᠠᠷ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠭᠡᠰᠢᠭᠦᠨ ᠡᠯᠰᠡᠬᠦ ᠠᠵᠢᠯ ᠤᠨ ᠨᠠᠷᠢᠨ ᠳᠦᠷᠢᠮ︾ ᠢ ᠴᠢᠩᠭ᠎ᠠ ᠬᠡᠷᠡᠭᠵᠢᠭᠦᠯᠵᠦ᠂ ᠡᠮᠦᠨᠡᠬᠢ ︽ᠤᠯᠤᠰ ᠲᠥᠷᠥ ᠶᠢᠨ ᠪᠡᠶ᠎ᠡ ᠶᠢᠨ ᠪᠠᠶᠢᠴᠠᠭᠠᠯᠲᠠ︾ ᠶᠢᠨ ᠲᠣᠭᠲᠠᠴᠠ ᠶᠢ ᠪᠠᠶᠢᠭᠤᠯᠤᠨ᠂ ᠬᠠᠷᠢᠶᠠᠲᠤ ᠣᠷᠣᠨ ᠤ ᠬᠢᠯᠢ ᠶᠢᠨ ᠲᠣᠮᠢᠯᠠᠭᠰᠠᠨ ᠰᠠᠯᠪᠤᠷᠢ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠰᠠᠯᠠᠭ᠎ᠠ ᠮᠥᠴᠢᠷ ᠬᠠᠮᠲᠤᠷᠠᠨ ᠬᠢᠨᠠᠨ ᠪᠠᠶᠢᠴᠠᠭᠠᠬᠤ ᠪᠠᠷ ᠳᠡᠮᠵᠢᠨ᠂ ᠨᠠᠮ ᠳᠤ ᠣᠷᠣᠬᠤ ᠪᠠᠷ ᠭᠤᠶᠤᠴᠢᠯᠠᠭᠰᠠᠳ ᠲᠤ ᠤᠯᠤᠰ ᠲᠥᠷᠥ ᠶᠢᠨ ᠬᠡᠪ ᠴᠢᠨᠠᠷ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠬᠤ ᠵᠡᠷᠭᠡ ᠲᠠᠯ᠎ᠠ ᠶᠢᠨ ᠪᠥᠬᠦ ᠲᠠᠯ᠎ᠠ ᠶᠢᠨ ᠪᠡᠶ᠎ᠡ ᠶᠢᠨ ᠪᠠᠶᠢᠴᠠᠭᠠᠯᠲᠠ ᠬᠢᠪᠡ᠃ ᠡᠭᠦᠨ ᠤ ᠬᠠᠮᠲᠤ᠂ ︽ᠭᠤᠷᠪᠠ ᠶᠢ ᠪᠠᠶᠢᠴᠠᠭᠠᠵᠤ ᠭᠤᠷᠪᠠ ᠶᠢ ᠬᠢᠨᠠᠬᠤ︾ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠡᠭᠦᠷ ᠠᠴᠠ ᠨᠠᠮ ᠳᠤ ᠣᠷᠣᠬᠤ ᠤᠭ ᠰᠠᠨᠠᠭ᠎ᠠ ᠳᠤ ᠠᠩᠬᠠᠨ ᠤ ᠬᠢᠨᠠᠯᠲᠠ ᠬᠢᠵᠦ᠂ ᠰᠤᠮᠤ ᠶᠢᠨ ᠨᠠᠮ ᠤᠨ ᠬᠤᠷᠢᠶ᠎ᠠ ᠠᠴᠠ ᠤᠯᠤᠰ ᠲᠥᠷᠥ ᠶᠢᠨ ᠢᠯᠡᠷᠡᠯ ᠳᠤ ᠳᠠᠬᠢᠨ ᠬᠢᠨᠠᠯᠲᠠ ᠬᠢᠵᠦ᠂ ᠵᠣᠬᠢᠶᠠᠨ ᠪᠠᠶᠢᠭᠤᠯᠬᠤ ᠬᠡᠯᠲᠡᠰ ᠠᠴᠠ ᠠᠯᠬᠤᠮ ᠳᠠᠷᠠᠭᠠᠯᠠᠯ ᠤᠨ ᠵᠢᠷᠤᠮᠵᠢᠯ ᠳᠤ ᠡᠴᠦᠰ ᠤᠨ ᠰᠢᠭᠦᠯᠲᠡ ᠬᠢᠨ᠎ᠡ᠃ ᠤᠯᠤᠰ ᠲᠦᠷᠦ ᠶᠢᠨ ᠪᠠᠷᠢᠮᠵᠢᠶ᠎ᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠰᠢᠯᠭᠠᠨ ᠪᠠᠶᠢᠴᠠᠭᠠᠵᠤ ᠡᠯᠰᠡᠬᠦ ᠡᠲᠡᠭᠡᠳ ᠤᠨ ᠢᠮᠠᠭᠲᠠ ᠶᠢᠨ ᠢᠯᠡᠷᠡᠯ ᠪᠠ ᠵᠠᠩᠭᠢᠯᠠᠭ᠎ᠠ ᠶᠢᠨ ᠴᠠᠭ ᠦᠶ᠎ᠡ ᠶᠢᠨ ᠢᠯᠡᠷᠡᠯ ᠢ ᠤᠶᠠᠯᠳᠤᠭᠤᠯᠵᠤ᠂ ᠨᠠᠮ ᠳᠤ ᠣᠷᠣᠵᠤ ᠳᠡᠶᠢᠯᠬᠦ ᠦᠭᠡᠢ ᠪᠣᠳᠠᠲᠠᠢ ᠪᠠᠶᠢᠳᠠᠯ ᠢ ᠲᠣᠳᠣᠷᠬᠠᠶᠢᠯᠠᠵᠤ᠂ ᠨᠠᠮ ᠳᠤ ᠣᠷᠣᠬᠤ ᠪᠠᠷ ᠭᠤᠶᠤᠴᠢᠯᠠᠭᠰᠠᠳ ᠤᠨ ᠨᠠᠮ ᠳᠤ ᠣᠷᠣᠬᠤ ᠢᠳᠡᠪᠬᠢᠲᠡᠨ᠂ ᠡᠯᠰᠡᠬᠦ ᠡᠲᠡᠭᠡᠳ ᠪᠠ ᠪᠡᠯᠡᠳᠬᠡᠯ ᠨᠠᠮ ᠤᠨ ᠭᠡᠰᠢᠭᠦᠨ ᠢ ᠵᠢᠩᠬᠢᠨᠢᠴᠢᠯᠡᠬᠦ ᠭᠤᠷᠪᠠᠨ ᠱᠠᠲᠤᠨ ᠳᠤ ᠲᠤᠰ ᠲᠤᠰ ᠬᠢᠨᠠᠨ ᠪᠠᠶᠢᠴᠠᠭᠠᠯᠲᠠ ᠬᠢᠵᠦ᠂ ᠤᠭ ᠰᠠᠨᠠᠭ᠎ᠠ ᠨᠢ ᠲᠥᠪ ᠴᠢᠬᠡᠴᠢ᠂ ᠤᠯᠤᠰ ᠲᠦᠷᠦ ᠶᠢᠨ ᠲᠠᠯ᠎ᠠ ᠪᠠᠷ ᠬᠢᠷᠢ ᠲᠡᠩᠴᠡᠭᠰᠡᠨ᠂ ᠶᠠᠰᠤ ᠴᠢᠨᠠᠷ ᠨᠢ ᠪᠠᠲᠤ ᠴᠢᠩᠭ᠎ᠠ ᠪᠠᠶᠢᠬᠤ ᠶᠢ ᠦᠨᠡᠨ ᠬᠦ ᠪᠠᠲᠤᠯᠠᠪᠠ᠃
20250523-1-3.png 
          ᠰᠤᠷᠭᠠᠨ ᠬᠥᠮᠦᠵᠢᠯ ᠢᠶᠠᠷ ︽ᠶᠠᠰᠤ ᠰᠢᠷᠪᠦᠰᠦ ᠶᠢ ᠴᠢᠭᠢᠷᠠᠭᠵᠢᠭᠤᠯᠵᠤ︾᠂ ᠨᠠᠮᠴᠢ ᠴᠢᠨᠠᠷ ᠤᠨ ᠪᠣᠯᠪᠠᠰᠤᠷᠠᠯ ᠤᠨ ᠰᠠᠭᠤᠷᠢ ᠶᠢ ᠵᠤᠵᠠᠭᠠᠳᠬᠠᠨ᠎ᠠ᠃ ᠬᠠᠷᠢᠶ᠎ᠠ ᠣᠷᠣᠨ ᠤ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠨ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠭᠤᠯᠬᠤ᠂ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠶ᠎ᠡ︾ ᠵᠡᠷᠭᠡ ᠦᠢᠯᠡᠳᠦᠯᠭᠡ ᠶᠢᠨ ᠠᠵᠢᠯᠯᠠᠭ᠎ᠠ ᠶᠢ 20 ᠭᠠᠷᠤᠢ ᠤᠳᠠᠭ᠎ᠠ ᠥᠷᠨᠢᠭᠦᠯᠵᠦ᠂ ᠤᠯᠠᠨ ᠲᠦᠮᠡᠨ ᠳᠤ ᠦᠢᠯᠡᠴᠢᠯᠡᠬᠦ ᠳᠤᠮᠳᠠ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠬᠤᠰᠢᠭᠤᠴᠢ ᠵᠢᠱᠢᠶᠡᠴᠢ ᠦᠢᠯᠡᠳᠦᠯ ᠢᠶᠠᠨ ᠨᠡᠩ ᠢᠯᠡᠭᠦᠦ ᠢᠯᠡᠷᠡᠭᠦᠯᠪᠡ᠃ ᠡᠳᠦᠷ ᠲᠤᠳᠤᠮ ᠤᠨ ᠬᠥᠮᠦᠵᠢᠯ ᠢ ᠴᠢᠩᠭᠠᠳᠬᠠᠵᠤ᠂ ᠱᠠᠲᠤ ᠲᠦᠷᠦᠯ ᠬᠤᠪᠢᠶᠠᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ᠂ ᠮᠡᠳᠡᠯᠭᠡ ᠶᠢᠨ ᠤᠷᠤᠯᠳᠤᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠤᠨ ᠠᠵᠢᠯ ᠤᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ︽ᠰᠤᠷᠤᠯᠴᠠᠯᠭ᠎ᠠ ᠢᠶᠠᠷ ᠤᠯᠤᠰ ᠢᠶᠠᠨ ᠬᠦᠴᠦᠷᠬᠡᠭᠵᠢᠭᠦᠯᠬᠦ︾᠂ ᠸᠢᠴᠠᠲ ᠤᠨ ᠨᠡᠶᠢᠳᠡ ᠶᠢᠨ ᠳ᠋ᠤᠭᠠᠷ ᠵᠡᠷᠭᠡ ᠰᠦᠯᠵᠢᠶᠡᠨ ᠤ ᠲᠠᠪᠴᠠᠩ ᠳᠤ ᠲᠦᠰᠢᠭᠯᠡᠨ᠂ ᠰᠤᠷᠤᠯᠴᠠᠯᠭ᠎ᠠ ᠶᠢᠨ ᠮᠠᠲ᠋ᠧᠷᠢᠶᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠦᠷᠭᠡᠵᠦ᠂ ᠨᠠᠮ ᠤᠨ ᠰᠢᠨ᠎ᠡ ᠶᠢ ᠡᠭᠦᠳᠬᠦ ᠤᠨᠤᠯ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠨᠠᠮ ᠤᠨ ᠭᠡᠰᠢᠭᠦᠨ ᠤ ᠡᠩᠨᠡᠭᠡ ᠠᠴᠠ ᠪᠠᠨ ᠬᠤᠴᠣᠷᠬᠤ ᠦᠭᠡᠢ ᠪᠠᠶᠢᠬᠤ ᠶᠢ ᠪᠠᠲᠤᠯᠠᠪᠠ᠃ ᠦᠢᠯᠡᠴᠢᠯᠡᠭᠡᠨ ᠤ ᠪᠠᠲᠤᠯᠠᠭ᠎ᠠ ᠶᠢ ᠳᠣᠪᠤᠶᠢᠯᠭᠠᠵᠤ᠂ ︽ᠬᠠᠯᠠᠮᠵᠢᠯᠠᠬᠤ ᠮᠠᠶ᠋ᠢᠭ︾ ᠢᠶᠠᠷ ᠨᠠᠰᠤ ᠠᠬᠢᠭᠰᠠᠨ ᠨᠠᠮ ᠤᠨ ᠭᠡᠰᠢᠭᠦᠨ ᠢ ᠬᠠᠮᠢᠶᠠᠷᠴᠤ᠂ ᠰᠤᠮᠤᠨ ᠤ ᠤᠳᠤᠷᠢᠳᠬᠤ ᠪᠠᠭ ᠤᠨ ᠭᠡᠰᠢᠭᠦᠨ ᠳᠠᠭᠠᠭᠠᠴᠢᠯᠠᠨ ᠤᠳᠤᠷᠢᠳᠬᠤ᠂ ᠨᠠᠮ ᠤᠨ ᠭᠡᠰᠢᠭᠦᠨ ᠡᠷᠦᠬᠡ ᠬᠤᠯᠪᠣᠭᠠᠯᠠᠬᠤ᠂ ᠬᠤᠣᠰᠯᠠᠨ ᠬᠠᠪᠰᠤᠷᠴᠤ ᠲᠡᠳᠬᠦᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠨᠠᠰᠤ ᠠᠬᠠᠰᠢᠷᠠᠵᠤ ᠪᠡᠶ᠎ᠡ ᠮᠠᠭᠤᠲᠠᠢ ᠨᠠᠮ ᠤᠨ ᠭᠡᠰᠢᠭᠦᠨ ᠢ ᠪᠠᠶᠠᠷ ᠤᠨ ᠡᠳᠦᠷ ᠲᠤ ᠦᠵᠡᠬᠦ ᠬᠥᠮᠥᠨ ᠲᠠᠢ᠂ ᠬᠦᠴᠢᠷ ᠲᠠᠢ ᠦᠶ᠎ᠡ ᠳᠤ ᠰᠤᠷᠪᠤᠯᠵᠢᠯᠠᠬᠤ ᠬᠥᠮᠥᠨ ᠲᠠᠢ᠂ ᠡᠪᠡᠳᠴᠢᠲᠡᠢ ᠦᠶ᠎ᠡ ᠳᠤ ᠲᠣᠬᠤᠨᠢᠭᠤᠯᠬᠤ ᠬᠥᠮᠥᠨ ᠲᠠᠢ᠂ ᠬᠦᠴᠢᠷ ᠲᠠᠢ ᠦᠶ᠎ᠡ ᠳᠤ ᠬᠠᠪᠰᠤᠷᠬᠤ ᠬᠥᠮᠥᠨ ᠲᠠᠢ ᠪᠠᠶᠢᠬᠤ ᠶᠢ ᠦᠨᠡᠨ ᠬᠦ ᠪᠠᠲᠤᠯᠠᠪᠠ᠃ ᠡᠨᠡ ᠵᠢᠯ ᠠᠴᠠ ᠨᠠᠰᠢ᠂ 33 ᠡᠷᠦᠬᠡ ᠨᠠᠮ ᠤᠨ ᠭᠡᠰᠢᠭᠦᠨ ᠢ ᠰᠤᠷᠪᠤᠯᠵᠢᠯᠠᠨ ᠲᠣᠬᠤᠨᠢᠭᠤᠯᠵᠤ᠂ 30 ᠭᠠᠷᠤᠢ ᠤᠳᠠᠭ᠎ᠠ ᠰᠤᠷᠤᠯᠴᠠᠯᠭ᠎ᠠ ᠶᠢ ᠭᠡᠷ ᠲᠤᠨᠢ ᠬᠦᠷᠭᠡᠵᠦ᠂ ᠠᠬᠠᠮᠠᠳ ᠨᠠᠮ ᠤᠨ ᠭᠡᠰᠢᠭᠦᠨ ᠳᠤ ᠨᠠᠮ ᠤᠨ ᠬᠠᠯᠠᠮᠵᠢᠯᠠᠯ ᠢ ᠦᠨᠡᠨᠬᠦ ᠬᠦᠷᠲᠡᠭᠡᠭᠰᠡᠨ ᠪᠠᠶᠢᠨ᠎ᠠ᠃
20250523-1-4.png
20250523-1-5.png
20250523-1-6.png
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ